ᠥᠪᠥᠷ ᠮᠣᠩᠭᠤᠯ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2016/6/29
      6 ᠳ᠋ᠤᠭᠠᠷ ᠰᠠᠷ᠎ᠠ ᠶᠢᠨ 22᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠬᠤ ᠬᠠᠷᠠᠭᠠᠨ ᠳᠠᠪᠲᠠᠮᠵᠢ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ  ᠪᠠᠶᠢᠴᠠᠭᠠᠬᠤ ᠳᠠᠷᠤᠭ᠎ᠠ ᠮᠠ ᠶᠦᠩ ᠱᠧᠩ ᠱᠠᠭᠠᠷᠳᠠᠭᠰᠠᠨ ᠨᠢ᠂ ᠡᠯ᠎ᠡ ᠲᠤᠷᠰᠢᠯᠲᠠ ᠶᠢᠨ ᠬᠤᠷᠢᠶ᠎ᠠ ᠨᠤᠭᠤᠳ ᠲᠠᠨᠢᠯᠲᠠ ᠪᠠᠨ ᠭᠦᠨᠵᠡᠭᠡᠶᠢᠷᠡᠭᠦᠯᠵᠦ᠂ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠤᠯᠤᠨ  ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ︔ ᠡᠭᠦᠷᠭᠡ ᠪᠠᠨ ᠲᠣᠳᠣᠷᠬᠠᠶᠢᠯᠠᠵᠤ᠂ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠢᠳᠡᠪᠬᠢᠵᠢᠯ ᠪᠤᠯᠤᠨ ᠰᠠᠨᠠᠭᠠᠴᠢᠯᠠᠭᠠᠲᠤ ᠴᠢᠨᠠᠷ ᠢᠶᠠᠨ ᠨᠡᠮᠡᠭᠳᠡᠭᠦᠯᠬᠦ ᠬᠡᠷᠡᠭᠲᠡᠶ ᠬᠡᠪᠡ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠪᠢᠶᠠᠷᠢ ᠬᠤᠲᠠ ᠶᠢᠨ ᠬᠤᠷᠢᠶ᠎ᠠ ᠪᠤᠯᠤᠨ ᠦᠨᠳᠦᠰᠦᠨ ᠱᠠᠲᠤᠨ ᠤ ᠬᠤᠷᠢᠶ᠎ᠠ ᠶᠢᠨ ᠢᠷᠭᠡᠨ ᠤ ᠠᠵᠢᠯ ᠤᠨ ᠺᠠᠳ᠋ᠷ ᠴᠠᠭᠳᠠᠭ᠎ᠠ ᠨᠠᠷ᠂ ᠲᠤᠷᠰᠢᠯᠲᠠ ᠶᠢᠨ ᠬᠤᠪᠢᠶᠠᠷᠢ ᠬᠤᠳᠠ ᠶᠢᠨ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠦᠨᠳᠦᠰᠦᠨ ᠱᠠᠲᠤᠨ ᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠠᠷ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号