︽ᠬᠦᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ︾᠎ ᠤ 13 ᠬᠤᠲᠠ ᠶᠢᠨ ᠬᠠᠮᠲᠤᠷᠠᠯᠴᠠᠭᠠᠨ ᠤ ᠰᠢᠨ᠎ᠡ ᠣᠷᠣᠨ ᠵᠠᠶ ᠦᠷᠭᠡᠵᠡᠪᠡ
ᠨᠡᠶᠢᠲᠡᠯᠡᠭᠰᠡᠨ ᠴᠠᠭ᠄
2016/6/29
     6 ᠳ᠋ᠤᠭᠠᠷ ᠰᠠᠷ᠎ᠠ ᠶᠢᠨ 28᠎ ᠤ ᠡᠳᠦᠷ᠂ ᠬᠦᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ 13 ᠪᠦᠷᠢᠯᠳᠦᠬᠦᠨ ᠬᠤᠳᠠ ᠵᠢᠭᠤᠯᠴᠢᠯᠠᠯ᠂ ᠵᠠᠮ ᠬᠠᠷᠢᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠢᠵᠢ ᠪᠦᠷᠢᠳᠦᠭᠦᠯᠬᠦ᠂ ᠳᠡᠭᠡᠳᠦ ᠲᠡᠰ ᠤᠨ ᠴᠢᠳᠠᠪᠤᠷᠢᠲᠠᠨ ᠤ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠵᠡᠷᠭᠡ 7 ᠵᠦᠢᠯ ᠤᠨ ᠬᠠᠮᠲᠤᠷᠠᠨ ᠠᠵᠢᠯᠯᠠᠬᠤ ᠬᠡᠯᠡᠯᠴᠡᠭᠡᠷ ᠎ ᠲᠤ ᠭᠠᠷ ᠤᠨ ᠦᠰᠦᠭ ᠵᠢᠷᠤᠵᠤ᠂ ᠬᠠᠮᠲᠤᠷᠠᠯᠴᠠᠭᠠᠨ ᠤ ᠰᠢᠨ᠎ᠡ ᠣᠷᠣᠨ ᠵᠠᠶ ᠪᠠᠨ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠤᠨ ᠬᠦᠭᠵᠢᠭᠦᠯᠪᠡ᠃      ᠬᠡᠯᠡᠯᠴᠡᠭᠡᠷ ᠤᠳ ᠠᠴᠠ ᠦᠵᠡᠪᠡᠯ᠂ ᠠᠵᠤ ᠠᠬᠤᠶ ᠶᠢᠨ ᠣᠷᠣᠨ ᠤ ᠪᠦᠷᠢᠯᠳᠦᠬᠦᠨ ᠬᠤᠲᠠ ᠨᠤᠭᠤᠳ ᠵᠠᠰᠠᠭ ᠵᠠᠬᠢᠷᠭᠠᠨ ᠤ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠬᠠᠮᠲᠤᠷᠠᠯᠴᠠᠭ᠎ᠠ ᠪᠠᠨ ᠬᠦᠨᠵᠡᠭᠡᠶᠢᠷᠡᠭᠦᠯᠵᠡᠢ᠃ ᠬᠡᠯᠡᠯᠴᠡᠭᠡᠷ ᠎ ᠲᠤ ᠳᠤᠷᠠᠳᠤᠭᠰᠠᠨ ᠨᠢ᠂ ᠨᠡᠭᠡᠭᠡᠯᠲᠡᠲᠦ ᠬᠡᠯᠪᠡᠷᠢ ᠶᠢᠨ ᠵᠠᠰᠠᠮᠠᠯ ᠵᠠᠮ᠂ ᠲᠡᠮᠦᠷ ᠵᠠᠮ ᠤᠨ ᠲᠣᠣᠷ ᠪᠠᠶᠢᠷᠢᠰᠢᠯ ᠢ ᠲᠦᠷᠭᠡᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ ᠢ ᠡᠭᠦᠳᠴᠦ᠂ ᠪᠠᠷᠠᠭ᠎ᠠ ᠶᠢᠨ ᠭᠦᠢᠯᠭᠡᠭᠡᠨ ᠤ ᠵᠠᠮ ᠢ ᠰᠠᠭᠠᠳ ᠦᠭᠡᠢ ᠨᠡᠪᠲᠡᠷᠡᠭᠦᠯᠦᠨ᠎ᠡ︔ ᠴᠢᠳᠠᠪᠤᠷᠢᠲᠠᠨ ᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠠᠪᠴᠠᠩ ᠪᠠᠶᠢᠭᠤᠯᠵᠤ᠂ ᠣᠷᠣᠨ ᠪᠦᠰᠡ ᠶᠢᠨ ᠳᠣᠲᠣᠷ᠎ᠠ ᠴᠢᠳᠠᠪᠤᠷᠢᠲᠠᠨ ᠤ ᠰᠢᠯᠵᠢᠯᠲᠡ ᠶᠢᠨ ᠬᠠᠷᠰᠢ ᠰᠠᠭᠠᠳ ᠢ ᠠᠷᠢᠯᠭᠠᠵᠤ᠂ ᠴᠢᠨᠠᠭᠰᠢᠯᠠᠪᠠᠯ ︽ᠤᠶᠠᠬᠠᠨ ᠰᠢᠯᠵᠢᠯᠲᠡ︾᠎ ᠪᠠᠷ ᠭᠤᠣᠯ ᠪᠣᠯᠭᠠᠭᠠᠳ᠂ ᠡᠯ᠎ᠡ ᠭᠠᠵᠠᠷ ᠤᠨ ᠳᠡᠭᠡᠳᠦ ᠲᠡᠰ ᠤᠨ ᠴᠢᠳᠠᠪᠤᠷᠢᠲᠠᠨ ᠤ ᠵᠥᠪᠯᠡᠯᠭᠡ ᠥᠭᠬᠦ᠂ ᠡᠷᠳᠡᠮ ᠰᠢᠨᠵᠢᠯᠡᠭᠡᠨ ᠤ ᠶᠠᠷᠢᠶ᠎ᠠ ᠲᠠᠯᠪᠢᠬᠤ᠂ ᠲᠤᠰᠢᠶᠠᠯ ᠬᠠᠪᠰᠤᠷᠭᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠮᠡᠷᠭᠡᠵᠢᠯ ᠢᠶᠠᠷ ᠬᠤᠪᠢ ᠣᠷᠣᠬᠤ᠂ ᠪᠡᠯᠡ ᠣᠷᠣᠭᠤᠯᠵᠤ ᠡᠷᠬᠢᠯᠡᠭᠰᠡᠨ ᠳᠡᠭᠡᠳᠦ ᠰᠢᠨ᠎ᠡ ᠠᠵᠤ ᠠᠬᠤᠶᠢᠯᠠᠯ ᠡᠷᠬᠢᠯᠡᠬᠦ ᠪᠤᠶᠤ ᠪᠤᠰᠤᠳ ᠲᠤᠰᠬᠠᠶ ᠮᠡᠷᠭᠡᠵᠢᠯ ᠤᠨ ᠦᠢᠯᠡᠴᠢᠯᠡᠭᠡ ᠬᠢᠬᠦ ᠶᠢ ᠵᠣᠷᠢᠭᠵᠢᠭᠤᠯᠵᠤ᠂ ᠲᠤᠰᠬᠠᠶ ᠮᠡᠷᠭᠡᠵᠢᠯᠲᠡᠨ ᠪᠣᠯᠤᠨ ᠡᠷᠳᠡᠮᠲᠡᠳ ᠤᠨ ᠮᠡᠳᠡᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠦᠷ᠎ᠡ ᠪᠦᠲᠦᠭᠡᠯ ᠢᠶᠠᠨ ᠬᠤᠪᠢᠷᠠᠭᠤᠯᠬᠤ᠂ ᠠᠵᠤ ᠦᠢᠯᠡᠰ ᠪᠤᠶᠢᠵᠢᠭᠤᠯᠬᠤ᠂ ᠲᠥᠷᠥ ᠶᠢᠨ ᠪᠤᠳᠤᠯᠭ᠎ᠠ ᠶᠢᠨ ᠯᠠᠪᠯᠠᠯᠭ᠎ᠠ ᠬᠢᠬᠦ ᠵᠡᠷᠭᠡ ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠭᠠᠵᠠᠷ ᠣᠷᠣᠨ ᠤ ᠠᠵᠤ ᠦᠢᠯᠡᠰ ᠤᠨ ᠢᠵᠢ ᠪᠦᠷᠢᠯᠳᠦᠭᠦᠯᠵᠦ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠵᠦ᠂ ᠠᠳᠠᠯᠢᠬᠠᠨ ᠪᠠᠶᠢᠳᠠᠯ ᠳᠣᠣᠷ᠎ᠠ ᠬᠠᠷᠢᠶ᠎ᠠ ᠭᠠᠵᠠᠷ ᠤᠨ ᠠᠵᠤ ᠠᠬᠤᠶᠢᠯᠠᠯ ᠤᠳ ᠲᠤᠰ ᠭᠠᠵᠠᠷ ᠣᠷᠣᠨ ᠤ ᠪᠠᠨ ᠳᠡᠭᠡᠳᠦ ᠲᠤᠤᠷᠠᠳᠤ ᠤᠷᠤᠰᠬᠠᠯ ᠤᠨ ᠠᠵᠤ ᠠᠬᠤᠶᠢᠯᠠᠯ ᠤᠨ ᠦᠢᠯᠡᠳᠬᠦᠨ ᠢ ᠤᠷᠢᠳᠠᠪᠠᠷ ᠬᠤᠳᠠᠯᠳᠤᠨ ᠠᠪᠬᠤ ᠶᠢ ᠵᠣᠷᠢᠭᠵᠢᠭᠤᠯᠤᠨ ᠲᠡᠮᠵᠢᠵᠤ᠂ ᠲᠦᠭᠦᠬᠡᠢ ᠡᠳ᠋᠂ ᠦᠢᠯᠡᠳᠬᠦᠨ ᠬᠠᠷᠢᠯᠴᠠᠨ ᠬᠠᠩᠭᠠᠵᠤ᠂ ᠭᠠᠵᠠᠷ ᠣᠷᠣᠨ ᠤ ᠳᠤᠲᠤᠷᠠᠬᠢ ᠠᠵᠤ ᠠᠬᠤᠶᠢᠯᠠᠯ ᠤᠨ ᠡᠳ᠋ ᠪᠠᠷᠠᠭᠠᠨ ᠤ ᠭᠦᠢᠯᠭᠡᠭᠡ ᠪᠠ ᠲᠡᠭᠡᠭᠡᠪᠦᠷᠢ ᠶᠢᠨ ᠵᠠᠷᠤᠳᠠᠯ ᠢ ᠬᠦᠩᠭᠡᠷᠡᠭᠦᠯᠵᠦ ᠬᠡᠯᠲᠦᠷᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠶ ᠶᠢᠨ ︽ᠰᠢᠨ᠎ᠡ ᠬᠡᠪ ᠤᠨ ᠪᠠᠶᠢᠳᠠᠯ︾᠎ ᠳᠤ ᠵᠤᠬᠢᠴᠠᠬᠤ ᠪᠠᠷ ᠢᠷᠡᠵᠦ ᠠᠵᠤ ᠠᠬᠤᠶ ᠶᠢᠨ ᠣᠷᠣᠨ ᠤ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠳᠠᠬᠢ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃      ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠠᠷᠠᠭᠤᠨ ᠤᠷᠤᠨ ᠤ ᠵᠤᠷᠭᠠᠨ ᠤ ᠳᠡᠳ᠋ ᠳᠠᠷᠤᠭ᠎ᠠ ᠴᠧᠨ ᠱᠢ ᠵᠢᠩ ᠬᠡᠯᠡᠭᠰᠡᠨ ᠨᠢ᠂ ︽ᠬᠦᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ︾  2013 ᠣᠨ ᠳᠤ ᠡᠬᠢᠯᠡᠭᠦᠯᠦᠭᠰᠡᠨ ᠠᠴᠠ ᠨᠠᠰᠢ᠂ ︽2015 ᠤᠨ ᠪᠤᠯᠬᠤ ᠳᠤ ᠶᠡᠷᠦᠩᠬᠡᠶᠢᠯᠡᠭᠰᠡᠨ ᠪᠣᠳᠠᠲᠤ ᠬᠦᠴᠦᠨ ᠮᠡᠳᠡᠭᠳᠡᠬᠦ᠋ᠢᠴᠡ ᠳᠡᠭᠡᠭᠰᠢᠯᠡᠬᠦ︾ ᠲᠥᠯᠥᠪᠵᠢᠭᠦᠯᠭᠡ ᠶᠢᠨ ᠬᠠᠷᠠᠯᠲᠠ ᠶᠢ ᠠᠮᠵᠢᠯᠲᠠᠲᠠᠶ ᠪᠡᠶᠡᠯᠡᠭᠦᠯᠵᠦ᠂ ᠪᠦᠷᠢᠯᠳᠦᠬᠦᠨ ᠬᠤᠲᠠ ᠨᠤᠭᠤᠳ ᠪᠦᠭᠡᠮᠨᠡᠷᠡᠨ ᠬᠦᠭᠵᠢᠵᠦ᠂ ᠬᠠᠮᠵᠢᠯᠴᠠᠨ ᠬᠦᠭᠵᠢᠭᠦᠯᠦᠭᠡᠳ᠂ ᠰᠢᠯᠢᠳᠡᠭ ᠦᠷ᠎ᠡ ᠪᠦᠲᠦᠭᠡᠯ ᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠤᠰ ᠤᠨ ᠥᠭᠡᠷᠡᠴᠢᠯᠡᠯᠲᠡ ᠬᠦᠭᠵᠢᠭᠦᠯᠦᠯᠲᠡ ᠶᠢᠨ ᠵᠦᠪᠯᠡᠯ ᠠᠵᠤ ᠠᠬᠤᠶ ᠶᠢᠨ ᠣᠷᠣᠨ ᠤ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠳᠤᠮᠳᠠᠴᠢ ᠱᠠᠲᠤᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠵᠤᠬᠢᠴᠠᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠪᠡ᠃      ᠤᠷᠳᠤᠰ ᠤᠨ ᠬᠤᠲᠤᠭᠤᠷ ᠤᠨ ᠳᠤᠲᠤᠷ ᠭᠠᠵᠠᠷ ᠪᠠᠶᠢᠷᠢᠯᠠᠵᠤ ᠪᠠᠶᠢᠭ᠎ᠠ ︽ᠬᠥᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ︾᠎ ᠨᠢ ᠥᠪᠥᠷ ᠮᠣᠩᠭᠤᠯ᠂ ᠨᠢᠩᠰᠢᠶᠠ᠂ ᠱᠠᠨᠰᠢ ᠭᠤᠷᠪᠠᠨ ᠮᠤᠵᠢ ᠣᠷᠣᠨ ᠤ 13 ᠬᠤᠳᠠ ᠶᠢᠨ 59 ᠬᠤᠰᠢᠭᠤ ᠰᠢᠶᠠᠨ ᠲᠤᠭᠤᠷᠢᠭ ᠢ ᠬᠠᠮᠤᠷᠴᠤ᠂ ᠶᠡᠷᠦᠩᠬᠡᠶ ᠲᠠᠯᠠᠪᠠᠶ ᠨᠢ 38.5 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠪᠠᠶᠢᠩᠭᠤ ᠰᠠᠭᠤᠭ᠎ᠠ ᠬᠥᠮᠦᠨ ᠠᠮᠠ ᠨᠢ 2000 ᠲᠦᠮᠡ ᠰᠢᠬᠠᠮ ᠪᠠᠶᠢᠵᠤ᠂ ᠤᠮᠠᠷᠠᠲᠤ ᠣᠷᠣᠨ ᠪᠠ ᠪᠠᠷᠠᠭᠤᠨ ᠬᠤᠶᠢᠲᠤ ᠣᠷᠣᠨ ᠢ ᠬᠤᠯᠪᠤᠬᠤ ᠴᠢᠬᠤᠯᠠ ᠬᠦᠢᠰᠦ ᠪᠤᠯᠤᠨ᠎ᠠ᠃ ᠡᠨᠡᠬᠦ ᠭᠠᠵᠠᠷ ᠣᠷᠣᠨ ᠳᠤ ᠡᠨᠧᠷᠭᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠮᠠᠰᠢ ᠡᠯᠪᠡᠭ ᠪᠠᠶᠢᠵᠦ᠂ ᠨᠡᠭᠦᠷᠡᠰᠦᠨ ᠤ ᠬᠠᠳᠠᠭᠠᠯᠠᠭᠳᠠᠴᠠ ᠨᠢ ᠪᠦᠬᠦ ᠤᠯᠤᠰ ᠤᠨ ᠭᠤᠷᠪᠠᠨ ᠤ ᠨᠢᠭᠡ ᠬᠤᠪᠢ ᠶᠢ ᠡᠵᠡᠯᠡᠵᠦ᠂ ᠴᠢᠯᠠᠭᠤᠨ ᠲᠤᠰᠤᠨ ᠤ ᠮᠠᠯᠲᠠᠵᠤ ᠪᠣᠯᠬᠤᠶᠢᠴᠠ ᠬᠠᠳᠠᠭᠠᠯᠠᠭᠳᠠᠴᠠ ᠨᠢ ᠪᠦᠬᠦ ᠤᠯᠤᠰ ᠤᠨ10%᠎ ᠶᠢ ᠡᠵᠡᠯᠡᠵᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠵᠠᠷ ᠰᠢᠨᠵᠢᠯᠡᠭᠡᠨ ᠤ ᠬᠠᠶᠢᠨ ᠢᠯᠡᠷᠡᠭᠦᠯᠦᠭᠰᠡᠨ ᠪᠤᠯᠠᠭᠳᠠᠴᠠ ᠪᠥᠬᠦ ᠤᠯᠤᠰ ᠤᠨ37%᠎ ᠶᠢ ᠡᠵᠡᠯᠡᠵᠦ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ᠂ ᠠᠮᠢᠳᠤ ᠪᠣᠳᠠᠰ ᠤᠨ ᠮᠠᠰ ᠵᠡᠷᠭᠡ ᠲᠠᠬᠢᠨ ᠡᠭᠦᠰᠴᠦ ᠪᠣᠯᠬᠤ ᠡᠨᠧᠷᠭᠢ ᠡᠯᠪᠡᠭ ᠳᠡᠯᠪᠡᠭ᠂ ᠬᠤᠪᠣᠷ ᠰᠢᠷᠣᠶ᠂ ᠠᠭᠤᠷᠬᠠᠶ ᠶᠢᠨ ᠳᠠᠪᠤᠰᠤ᠂ ᠲᠡᠮᠦᠷ᠂ ᠵᠡᠰ ᠵᠡᠷᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠡᠮᠵᠢᠶ᠎ᠡ ᠨᠢ ᠴᠦ ᠪᠦᠷ ᠪᠦᠬᠦ ᠤᠯᠤᠰ ᠤᠨ ᠲᠡᠷᠢᠭᠦᠨ ᠳᠤ ᠵᠢᠭᠰᠠᠵᠤ᠂ ᠮᠠᠨ ᠤ ᠤᠯᠤᠰ ᠤᠨ ︽ᠡᠨᠧᠷᠭᠢ ᠶᠢᠨ ᠠᠯᠲᠠᠨ ᠬᠤᠶᠢᠭ︾ ᠪᠠ ︽ᠡᠨᠧᠷᠭᠢ ᠶᠢᠨ ᠡᠷᠳᠡᠨᠢ ᠶᠢᠨ ᠠᠪᠳᠠᠷ᠎ᠠ ︾ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号