ᠦᠬᠠᠶ ᠬᠤᠳᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯᠯᠠᠬᠤ ᠲᠦᠷᠢᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2016/6/29
     ᠣᠷᠴᠢᠮᠬᠠᠨ᠂ ᠦᠬᠠᠶ ᠬᠤᠳᠠ ︽ᠦᠬᠠᠶ ᠬᠤᠳᠠ ᠶᠢᠨ ᠨᠡᠶᠢᠭᠡᠮ ᠤᠨ ᠠᠪᠤᠷᠠᠨ ᠲᠤᠰᠠᠯᠠᠬᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠳᠦᠷᠢᠮᠯᠡᠯ ︵ᠲᠤᠷᠰᠢᠨ ᠬᠡᠷᠡᠭᠵᠢᠭᠦᠯᠬᠦ︶︾᠎ ᠢ ᠨᠡᠶᠢᠲᠡᠯᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠵᠡᠷᠭᠡ ᠲᠤᠰᠬᠠᠶ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠭᠰᠠᠨ ᠰᠠᠭᠤᠭᠠᠯᠢ ᠠᠷᠠᠳ ᠤᠨ ᠭᠡᠷ ᠪᠦᠯᠢ᠂ ᠭᠡᠷ ᠪᠦᠯᠢ ᠶᠢᠨ ᠪᠦᠷᠢᠯᠳᠦᠬᠦᠨ ᠤ ᠣᠷᠣᠯᠭ᠎ᠠ ᠪᠠ ᠡᠳ᠋ ᠬᠦᠷᠦᠩᠭᠡ ᠶᠢᠨ ᠪᠠᠶᠢᠳᠠᠯ ᠢᠶᠠᠨ ᠡᠷᠬᠡᠪᠰᠢ ᠦᠨᠡᠨ ᠮᠠᠭᠠᠳ ᠢᠶᠠᠷ ᠮᠡᠳᠡᠭᠦᠯᠵᠦ᠂ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠬᠠᠷᠭᠤᠭᠤᠯᠬᠤ ᠪᠠᠶᠢᠭᠤᠯᠤᠮᠵᠢ ᠠᠴᠠ ᠲᠡᠭᠦᠨ ᠤ ᠬᠤᠪᠢ ᠬᠥᠮᠦᠨ ᠵᠢᠴᠢ ᠭᠡᠷ ᠪᠦᠯᠢ ᠶᠢᠨ ᠪᠦᠷᠢᠯᠳᠦᠬᠦᠨ ᠤ ᠠᠵᠤ ᠠᠬᠤᠶ ᠶᠢᠨ ᠪᠠᠶᠢᠳᠠᠯ ᠤᠨ ᠬᠢᠨᠠᠨ ᠪᠠᠶᠢᠴᠠᠭᠠᠯᠲᠠ ᠶᠢ ᠬᠦᠯᠢᠶᠡᠬᠦ ᠪᠤᠶᠤ ᠡᠷᠬᠡ ᠤᠯᠭᠤᠬᠤ ᠬᠠᠮᠵᠢᠯᠴᠠᠬᠤ ᠶᠢ ᠱᠠᠭᠠᠷᠳᠠᠪᠠ᠃      ︽ᠳᠦᠷᠢᠮᠯᠡᠯ︾᠎ ᠳᠤ ᠲᠣᠭᠲᠠᠭᠠᠭᠰᠠᠨ ᠨᠢ᠂ ᠨᠡᠶᠢᠭᠡᠮ ᠤᠨ ᠠᠪᠤᠷᠠᠨ ᠲᠤᠰᠠᠯᠠᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠮᠠᠲ᠋ᠧᠷᠢᠶᠠᠯ ᠢ ᠬᠠᠷᠭᠤᠭᠤᠯᠬᠤ ᠲᠥᠪ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠬᠦᠯᠢᠶᠡᠨ ᠰᠢᠢᠳᠪᠦᠷᠢᠯᠡᠵᠦ᠂ ᠬᠠᠷᠭᠤᠭᠤᠯᠬᠤ ᠪᠠᠶᠢᠭᠤᠯᠤᠮᠵᠢ ᠲᠣᠭᠲᠠᠭᠠᠭᠰᠠᠨ ᠴᠠᠭ ᠬᠤᠭᠤᠴᠠᠭᠠᠨ ᠳᠤ ᠪᠠᠨ ᠡᠷᠦᠭᠡ ᠳᠤ ᠤᠴᠢᠵᠤ ᠪᠠᠶᠢᠴᠠᠭᠠᠬᠤ᠂ ᠠᠶᠢᠯ ᠰᠠᠭᠠᠯᠲᠠ ᠶᠢ ᠨᠢ ᠰᠤᠷᠪᠤᠯᠵᠢᠯᠠᠬᠤ᠂ ᠵᠠᠬᠢᠳᠠᠯ ᠢᠶᠠᠷ ᠭᠡᠷᠡᠴᠢ ᠠᠪᠬᠤ ᠵᠢᠴᠢ ᠮᠡᠳᠡᠭᠡ ᠵᠠᠩᠭᠢ ᠶᠢ ᠠᠳᠠᠯᠢᠳᠬᠠᠬᠤ ᠵᠡᠷᠭᠡ ᠠᠷᠭ᠎ᠠ ᠪᠠᠷ᠂ ᠬᠠᠷᠭᠤᠭᠤᠯᠤᠭᠳᠠᠭᠴᠢ ᠶᠢᠨ ᠭᠡᠷ ᠪᠦᠯᠢ ᠶᠢᠨ ᠬᠥᠮᠦᠨ ᠠᠮᠠ ᠶᠢᠨ ᠪᠠᠶᠢᠳᠠᠯ ᠵᠢᠴᠢ ᠲᠣᠭᠲᠠᠭᠠᠭᠰᠠᠨ ᠬᠤᠭᠤᠴᠠᠭᠠᠨ ᠳᠤᠲᠤᠷᠠᠬᠢ ᠭᠡᠷ ᠪᠦᠯᠢ ᠶᠢᠨ ᠪᠦᠷᠢᠯᠳᠦᠬᠦᠨ ᠤ ᠡᠵᠡᠮᠰᠢᠵᠦ ᠪᠠᠶᠢᠭ᠎ᠠ ᠪᠦᠬᠦ ᠣᠷᠣᠯᠭ᠎ᠠ᠂ ᠡᠳ᠋ ᠬᠥᠷᠥᠩᠭᠡ ᠪᠠ ᠵᠠᠷᠤᠯᠭ᠎ᠠ ᠶᠢᠨ ᠪᠠᠶᠢᠳᠠᠯ ᠵᠡᠷᠭᠡ ᠶᠢ ᠬᠠᠷᠭᠤᠭᠤᠯᠤᠭᠠᠳ ᠪᠢᠴᠢᠭ ᠤᠨ ᠮᠡᠳᠡᠭᠦᠯᠦᠯᠲᠡ ᠭᠠᠷᠭᠠᠨ᠎ᠠ ᠭᠡᠵᠡᠢ᠃      ᠳᠦᠷᠢᠮᠯᠡᠯ ᠢ ᠲᠤᠭᠲᠠᠭᠠᠭᠰᠠᠨ ᠶᠠᠪᠤᠳᠠᠯ ᠪᠤᠯ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠷᠭᠤᠭᠤᠯᠬᠤ ᠠᠵᠢᠯ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号