ᠪᠦᠬᠦ ᠣᠷᠣᠨ ᠤ ᠶᠡᠬᠡᠩᠬᠢ ᠭᠠᠵᠠᠷ ᠣᠷᠣᠨ ᠤ ᠭᠠᠩ ᠬᠠᠭᠰᠠᠷᠠᠭᠠᠨ ᠲᠠᠶᠢᠯᠤᠭᠳᠠᠪᠠ
ᠨᠡᠶᠢᠲᠡᠯᠡᠭᠰᠡᠨ ᠴᠠᠭ᠄
2016/6/29
     ᠣᠳᠣᠬᠠᠨ ᠳᠤ᠂ ᠮᠠᠨ ᠤ ᠣᠷᠣᠨ ᠤ ᠠᠯᠠᠱᠠ ᠠᠶᠢᠮᠠᠭ ᠤᠨ ᠶᠡᠬᠡᠩᠬᠢ ᠬᠡᠰᠡᠭ᠂ ᠣᠷᠳᠣᠰ ᠬᠤᠲᠠ ᠶᠢᠨ ᠪᠠᠷᠠᠭᠤᠨ ᠡᠮᠦᠨᠡᠲᠦ ᠪᠡᠶ᠎ᠡ᠂ ᠪᠠᠶᠠᠨᠨᠠᠭᠤᠷ ᠬᠤᠳᠠ ᠶᠢᠨ ᠵᠡᠭᠦᠨ ᠪᠡᠶ᠎ᠡ᠂ ᠪᠤᠭᠤᠲᠤ ᠬᠤᠲᠠ ᠶᠢᠨ ᠳᠤᠮᠳᠠ ᠪᠡᠶ᠎ᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠤᠶᠢᠭᠤᠷ ᠵᠢᠴᠢ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠭᠠᠩᠳᠠᠪᠠ᠃ ᠪᠦᠬᠦ ᠣᠷᠣᠨ ᠤ ᠭᠠᠩᠳᠠᠭᠰᠠᠨ ᠲᠠᠯᠠᠪᠠᠢ ᠨᠢ 38.1 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠢ᠂ ᠡᠭᠦᠨ ᠳᠤ᠂ ᠣᠨᠴᠠ ᠶᠡᠭᠡ ᠭᠠᠩᠳᠠᠭᠰᠠᠨ ᠲᠠᠯᠠᠪᠠᠶ ᠨᠢ 6.1 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠦᠨᠳᠦ ᠭᠠᠩᠳᠠᠭᠰᠠᠨ ᠲᠠᠯᠠᠪᠠᠶ ᠨᠢ 11.3 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠳᠤᠮᠳᠠ ᠵᠡᠷᠭᠡ ᠶᠢᠨ ᠭᠠᠩᠳᠠᠭᠰᠠᠨ ᠲᠠᠯᠠᠪᠠᠶ ᠨᠢ 7.2 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠥᠩᠭᠡᠨ ᠭᠠᠩᠳᠠᠭᠰᠠᠨ ᠲᠠᠯᠠᠪᠠᠶ ᠨᠢ 13.6 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠦᠬᠦ ᠣᠷᠣᠨ ᠤ 5.1 %᠂ 9.6 %᠎ ᠂ 6.1 %  ᠂ 11.5 %᠎ ᠶᠢ ᠡᠵᠡᠯᠡᠪᠡ᠃ ᠲᠠᠷᠢᠶᠠᠯᠠᠬᠤ ᠣᠷᠣᠨ ᠤ ᠭᠠᠩᠳᠠᠭᠰᠠᠨ ᠲᠠᠯᠠᠪᠠᠢ ᠨᠢ 1.3 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠢ᠂ ᠡᠭᠦᠨ ᠳᠤ᠂ ᠣᠨᠴᠠ ᠶᠡᠭᠡ ᠭᠠᠩᠳᠠᠭᠰᠠᠨ ᠲᠠᠯᠠᠪᠠᠶ ᠨᠢ 0.1 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠦᠨᠳᠦ ᠭᠠᠩᠳᠠᠭᠰᠠᠨ ᠲᠠᠯᠠᠪᠠᠶ ᠨᠢ  0.5 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠳᠤᠮᠳᠠ ᠵᠡᠷᠭᠡ ᠶᠢᠨ ᠭᠠᠩᠳᠠᠭᠰᠠᠨ ᠲᠠᠯᠠᠪᠠᠶ ᠨᠢ 0.2 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠥᠩᠭᠡᠨ ᠭᠠᠩᠳᠠᠭᠰᠠᠨ ᠲᠠᠯᠠᠪᠠᠶ ᠨᠢ 0.6 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠠᠷᠢᠶᠠᠯᠠᠬᠤ ᠣᠷᠣᠨ ᠤ 1.0 %᠂ 4.8 %᠂ 1.8 %᠂ 6.0 %᠎ ᠶᠢ ᠡᠵᠡᠯᠡᠪᠡ᠃ ᠮᠠᠯᠵᠢᠬᠤ ᠣᠷᠣᠨ ᠤ ᠭᠠᠩᠳᠠᠭᠰᠠᠨ ᠲᠠᠯᠠᠪᠠᠶ ᠨᠢ 26.3 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠢ᠂ ᠡᠭᠦᠨ ᠳᠤ᠂ ᠣᠨᠴᠠ ᠶᠡᠭᠡ ᠭᠠᠩᠳᠠᠭᠰᠠᠨ ᠲᠠᠯᠠᠪᠠᠶ ᠨᠢ 2.7 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠦᠨᠳᠦ ᠭᠠᠩᠳᠠᠭᠰᠠᠨ ᠲᠠᠯᠠᠪᠠᠶ ᠨᠢ 7.6 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠳᠤᠮᠳᠠ ᠵᠡᠷᠭᠡ ᠶᠢᠨ ᠭᠠᠩᠳᠠᠭᠰᠠᠨ ᠲᠠᠯᠠᠪᠠᠶ ᠨᠢ 4 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠥᠩᠭᠡᠨ ᠭᠠᠩᠳᠠᠭᠰᠠᠨ ᠲᠠᠯᠠᠪᠠᠶ ᠨᠢ 11.4 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠮᠠᠯᠵᠢᠬᠤ ᠣᠷᠣᠨ ᠤ 3.6 %᠂ 10.3 %᠎ ᠂ 6.4 %᠂  15.6 %᠎ ᠶᠢ ᠡᠵᠡᠯᠡᠪᠡ᠃      ᠵᠢᠱᠢᠭᠰᠡᠨ ᠢᠶᠠᠷ᠂ ᠢᠷᠡᠬᠦ ᠲᠠᠪᠤᠨ ᠡᠳᠦᠷ ᠲᠤ᠂ ᠮᠠᠨ ᠤ ᠣᠷᠣᠨ ᠤ ᠶᠡᠬᠡᠩᠬᠢ ᠭᠠᠵᠠᠷ ᠣᠷᠣᠨ ᠤ ᠭᠠᠩ ᠬᠠᠭᠰᠠᠷᠠᠭᠠᠨ ᠲᠠᠶᠢᠯᠤᠭᠳᠠᠨ᠎ᠠ᠃ ᠡᠭᠦᠨ ᠳᠤ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ ᠬᠤᠲᠠ ᠶᠢᠨ ᠪᠠᠷᠠᠭᠤᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠪᠠᠷᠠᠭᠤᠨ ᠪᠡᠶ᠎ᠡ᠂ ᠬᠥᠯᠥᠨ ᠪᠤᠶᠢᠷ ᠬᠤᠳᠠ ᠶᠢᠨ ᠶᠡᠬᠡᠩᠬᠢ ᠣᠷᠣᠨ ᠳᠤ ᠳᠤᠮᠳᠠ ᠵᠡᠷᠭᠡ ᠶᠢᠨ ᠪᠣᠷᠣᠭᠠᠨ ᠣᠷᠣᠵᠤ᠂ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠶᠢᠨ ᠭᠠᠩ ᠬᠠᠭᠰᠠᠷᠠᠭᠠᠨ ᠢ ᠲᠠᠶᠢᠯᠬᠤ ᠪᠣᠯᠤᠮᠵᠢ ᠲᠠᠢ︔ ᠳᠤᠮᠳᠠ ᠪᠡᠶ᠎ᠡ ᠪᠠ ᠪᠠᠷᠠᠭᠤᠨ ᠪᠡᠶ᠎ᠡ ᠤᠨ ᠶᠡᠬᠡᠩᠬᠢ ᠣᠷᠣᠨ ᠳᠤ ᠠᠰᠢᠭᠲᠤ ᠲᠤᠨᠳᠠᠰᠤ ᠤᠢᠭᠡᠢ᠂ ᠰᠢᠯᠢ ᠶᠢᠨ ᠭᠤᠣᠯ ᠠᠶᠢᠮᠠᠭ ᠤᠨ ᠳᠤᠮᠳᠠ ᠪᠡᠶ᠎ᠡ ᠶᠢᠨ ᠬᠤᠶᠢᠭᠤᠷ᠂ ᠪᠤᠭᠤᠲᠤ ᠬᠤᠲᠠ ᠶᠢᠨ ᠳᠤᠮᠳᠠ ᠪᠡᠶ᠎ᠡ᠂ ᠪᠠᠶᠠᠨᠨᠠᠭᠤᠷ ᠬᠤᠳᠠ ᠶᠢᠨ ᠵᠡᠭᠦᠨ ᠪᠡᠶ᠎ᠡ᠂ ᠣᠷᠳᠣᠰ ᠬᠤᠲᠠ ᠶᠢᠨ ᠪᠠᠷᠠᠭᠤᠨ ᠡᠮᠦᠨᠡᠲᠦ ᠪᠡᠶ᠎ᠡ ᠪᠠ ᠠᠯᠠᠱᠠ ᠠᠶᠢᠮᠠᠭ ᠤᠨ ᠶᠡᠬᠡᠩᠬᠢ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠤ ᠪᠠᠶᠢᠳᠠᠯ ᠦᠷᠭᠦᠯᠵᠢᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号