2016 ᠣᠨ ᠤ 1-5 ᠳ᠋ᠤᠭᠠᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠤᠯᠤᠰ ᠲᠠᠬᠢ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠨᠢ  ᠭᠠᠷᠭᠠᠯᠲᠠ ᠠᠴᠠ ᠪᠠᠨ ᠰᠠᠶᠢᠨ ᠪᠣᠯᠪᠠ
ᠨᠡᠶᠢᠲᠡᠯᠡᠭᠰᠡᠨ ᠴᠠᠭ᠄
2016/6/29
     ᠮᠠᠨᠵᠤᠤᠷ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ 2016 ᠣᠨ ᠤ 1-5 ᠳ᠋ᠤᠭᠠᠷ ᠰᠠᠷ᠎ᠠ ᠎ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠳ ᠤᠨ ︽ᠲᠣᠷᠭᠠᠨ ᠵᠠᠮ  ᠤᠨ ᠠᠵᠤ ᠠᠬᠤᠶ ᠶᠢᠨ ᠪᠦᠰᠡ︾ ᠪᠣᠯᠤᠨ ︽21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ︾ ᠳᠠᠭᠠᠤ ᠤᠯᠤᠰ ᠎ ᠯᠤᠭ᠎ᠠ ᠶᠢᠨ ᠭᠠᠳᠠᠭᠠᠳᠤ ᠠᠷᠠᠯᠵᠢᠶ᠎ᠠ ᠨᠢ 191.6 ᠳ᠋ᠦᠩᠰᠢᠭᠤᠷ ᠲᠦᠬᠦᠷᠢᠭ ᠠᠷᠠᠳ ᠤᠨ ᠵᠣᠭᠤᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6%᠎ ᠪᠠᠷ ᠪᠠᠭᠤᠷᠠᠪᠠ᠃ ᠡᠭᠦᠨ ᠳᠤ ᠭᠠᠳᠠᠭᠠᠳᠤ ᠭᠠᠷᠭᠠᠯᠲᠠ ᠨᠢ 61.3 ᠳ᠋ᠦᠩᠰᠢᠭᠤᠷ ᠲᠥᠭᠦᠷᠢᠭ ᠪᠠᠶᠢᠵᠤ᠂ 12.3%᠎ ᠢᠶᠠᠷ ᠪᠠᠭᠤᠷᠠᠵᠠᠢ︔ ᠭᠠᠳᠠᠭᠠᠳᠤ ᠣᠷᠣᠭᠤᠯᠤᠯᠲᠠ ᠨᠢ 130.4 ᠳ᠋ᠦᠩᠰᠢᠭᠤᠷ ᠲᠥᠭᠦᠷᠢᠭ ᠪᠠᠶᠢᠵᠤ᠂ 1.1%᠎ ᠪᠠᠷ ᠨᠡᠮᠡᠭᠳᠡᠪᠡ᠃      ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠠᠷᠠᠯᠵᠢᠶ᠎ᠠ ᠎ ᠨᠢ ᠣᠯᠠᠨ ᠣᠨᠴᠠᠯᠢᠭ ᠲᠠᠢ ᠪᠠᠶᠢᠨ᠎ᠠ᠃ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠠᠽᠢᠶ᠎ᠠ ᠲᠢᠪ ᠤᠨ ᠵᠠᠮ ᠳᠠᠭᠠᠤ ᠤᠯᠤᠰ ᠪᠣᠯᠣᠨ ᠭᠠᠵᠠᠷ ᠣᠷᠣᠨ ᠲᠡᠷᠢᠭᠦᠨ ᠪᠠᠶᠢᠷᠢᠨ ᠳᠤ ᠣᠷᠣᠵᠤ᠂ ᠣᠷᠣᠰ ᠮᠣᠩᠭᠤᠯ ᠬᠤᠶᠠᠷ ᠤᠯᠤᠰ ᠭᠤᠣᠯ ᠠᠷᠠᠯᠵᠢᠶᠠᠨ ᠤ ᠬᠠᠨᠢᠲᠠᠨ ᠪᠣᠯᠵᠤ ᠪᠠᠶᠢᠨ᠎ᠠ᠃  ᠳᠠᠩ ᠭᠠᠭᠴᠠ ᠤᠯᠤᠰ ᠤᠨ ᠲᠤᠳᠤᠷ᠎ᠠ᠂ ᠥᠪᠥᠷ ᠮᠣᠩᠭᠤᠯ ᠤᠨ ᠠᠵᠤ ᠠᠬᠤᠶᠢᠯᠠᠯ ᠤᠨ ᠣᠷᠣᠰ ᠯᠤᠭ᠎ᠠ ᠶᠢᠨ ᠭᠠᠳᠠᠭᠠᠳᠤ ᠠᠷᠠᠯᠵᠢᠶ᠎ᠠ ᠨᠢ 74.5 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠷᠠᠯᠵᠢᠶ᠎ᠠ ᠶᠢᠨ ᠪᠦᠬᠦ ᠬᠡᠮᠵᠢᠶ᠎ᠡ ᠨᠢ ᠪᠤᠢ ᠪᠦᠬᠦᠢ ᠱᠤᠭᠤᠮ ᠳᠠᠭᠠᠤ ᠤᠯᠤᠰ ᠪᠣᠯᠣᠨ ᠭᠠᠵᠠᠷ ᠣᠷᠣᠨ ᠤ ᠳᠣᠲᠣᠷ᠎ᠠ ᠨᠢᠭᠡᠳᠦᠭᠡᠷ ᠲᠤ ᠪᠠᠶᠢᠷᠢᠯᠠᠵᠤ᠂ 12.9%᠎ ᠪᠠᠷ  ᠨᠡᠮᠡᠭᠳᠡᠨ᠂ 38.9%᠎ ᠶᠢ ᠡᠵᠡᠯᠡᠵᠦ ᠪᠠᠶᠢᠨ᠎ᠠ᠃      ᠠᠷᠠᠯᠵᠢᠶᠠᠨ ᠤ ᠠᠷᠭ᠎ᠠ ᠪᠠᠷᠢᠯ ᠠᠴᠠ ᠠᠪᠴᠤ ᠦᠵᠡᠪᠡᠯ᠂ ᠳᠥᠷᠪᠡᠨ ᠬᠤᠪᠢ ᠠᠴᠠ ᠳᠡᠭᠡᠭᠰᠢᠬᠢ ᠶᠢ ᠨᠢ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠠᠷᠭ᠎ᠠ ᠪᠠᠷᠢᠯ ᠢᠶᠠᠷ ᠭᠠᠳᠠᠭᠠᠳᠤ ᠠᠴᠠ ᠣᠷᠣᠭᠤᠯᠵᠤ ᠭᠠᠷᠭᠠᠵᠤ ᠪᠠᠶᠢᠨ᠎ᠠ᠃ 1-5 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠠᠵᠤ ᠠᠬᠤᠶᠢᠯᠠᠯ ᠤᠳ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠲᠤ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠠᠷᠭ᠎ᠠ ᠪᠠᠷᠢᠯ ᠢᠶᠠᠷ ᠣᠷᠣᠭᠤᠯᠵᠤ ᠭᠠᠷᠭᠠᠭᠰᠠᠨ ᠨᠢ 81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠳᠤ ᠥᠪᠥᠷ ᠮᠣᠩᠭᠤᠯ ᠤᠨ ᠠᠵᠤ ᠠᠬᠤᠶᠢᠯᠠᠯ ᠎ ᠤᠳ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠠᠴᠠ ᠣᠷᠣᠭᠤᠯᠵᠤ ᠭᠠᠷᠭᠠᠭᠰᠠᠨ ᠭᠠᠳᠠᠭᠠᠳᠤ ᠠᠷᠠᠯᠵᠢᠶ᠎ᠠ ᠎ ᠶᠢᠨ ᠪᠦᠬᠦ ᠦᠷᠳᠡᠭ ᠤᠨ 42.3%᠎ ᠶᠢ ᠡᠵᠡᠯᠡᠪᠡ︔ ᠡᠩ ᠤᠨ ᠠᠷᠠᠯᠵᠢᠶᠠᠨ ᠤ ᠠᠷᠭ᠎ᠠ ᠪᠠᠷᠢᠯ ᠢᠶᠠᠷ ᠣᠷᠣᠭᠤᠯᠵᠤ ᠭᠠᠷᠭᠠᠭᠰᠠᠨ ᠨᠢ 58.7 ᠳ᠋ᠦᠩᠰᠢᠭᠤᠷ ᠲᠥᠭᠦᠷᠢᠭ ᠲᠤ ᠬᠦᠷᠴᠦ᠂ 30.6%᠎ ᠶᠢ ᠡᠵᠡᠯᠡᠪᠡ︔ ᠪᠤᠰᠤᠳ ᠢ ᠨᠢ ᠭᠠᠶᠢᠯᠢ ᠪᠠᠲᠤᠯᠠᠬᠤ ᠰᠠᠩ ᠬᠥᠮᠥᠷᠭᠡ ᠶᠢᠨ ᠡᠳ᠋ ᠪᠠᠷᠠᠭ᠎ᠠ᠂ ᠵᠢᠭᠤᠯᠴᠢᠯᠠᠯ ᠤᠨ ᠪᠠᠷᠠᠭ᠎ᠠ ᠲᠠᠸᠠᠷ᠂ ᠮᠠᠲ᠋ᠧᠷᠢᠶᠠᠯ ᠣᠷᠣᠭᠤᠯᠤᠨ ᠲᠣᠬᠢᠷᠠᠯᠴᠠᠭᠤᠯᠬᠤ ᠵᠡᠷᠭᠡ ᠠᠷᠭ᠎ᠠ ᠪᠠᠷᠢᠯ ᠢᠶᠠᠷ ᠭᠠᠳᠠᠭᠠᠳᠤ ᠠᠴᠠ ᠣᠷᠣᠭᠤᠯᠵᠤ ᠭᠠᠷᠭᠠᠵᠠᠢ᠃      ᠠᠵᠤ ᠠᠬᠤᠶᠢᠯᠠᠯ ᠤᠨ ᠰᠢᠨᠵᠢ ᠴᠢᠨᠠᠷ ᠠᠴᠠ ᠠᠪᠴᠤ ᠦᠵᠡᠪᠡᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠦᠲᠦᠯᠦᠨ ᠳᠠᠭᠠᠭᠤᠯᠵᠤ ᠪᠠᠶᠢᠨ᠎ᠠ᠂ ᠡᠨᠡ ᠵᠢᠯ ᠤᠨ 1-5 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠠᠴᠠ ᠣᠷᠣᠭᠤᠯᠬᠤ ᠭᠠᠷᠭᠠᠭᠰᠠᠨ ᠨᠢ 172.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠳᠤ ᠥᠪᠥᠷ ᠮᠣᠩᠭᠤᠯ ᠤᠨ ᠠᠵᠤ ᠠᠬᠤᠶᠢᠯᠠᠯ ᠤᠳ ᠤᠨ ︽ᠨᠢᠭᠡ ᠪᠦᠰᠡ ᠨᠢᠭᠡ ᠵᠠᠮ︾ ᠳᠠᠭᠠᠤ ᠤᠯᠤᠰ ᠠᠴᠠ ᠣᠷᠣᠭᠤᠯᠵᠤ ᠭᠠᠷᠭᠠᠭᠰᠠᠨ ᠶᠡᠷᠦᠩᠭᠡᠢ ᠦᠷᠳᠡᠭ ︵ᠳᠣᠷᠣᠭᠰᠢ ᠠᠳᠠᠯᠢ︶᠎ ᠤᠨ 90.2%᠎ ᠢ ᠡᠵᠡᠯᠡᠪᠡ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠤᠨ ᠣᠷᠣᠭᠤᠯᠵᠤ ᠭᠠᠷᠭᠠᠭᠰᠠᠨ ᠭᠠᠳᠠᠭᠠᠳᠤ ᠠᠷᠠᠯᠵᠢᠶ᠎ᠠ ᠨᠢ 12 ᠳ᠋ᠦᠩᠰᠢᠭᠤᠷ ᠲᠥᠭᠦᠷᠢᠭ ᠲᠤ ᠬᠦᠷᠴᠦ᠂ 6.3%᠎ ᠶᠢ ᠡᠵᠡᠯᠡᠪᠡ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠭᠠᠳᠠᠭᠠᠳᠤ ᠭᠠᠷᠭᠠᠯᠲᠠ ᠨᠢ 6.7 ᠳ᠋ᠦᠩᠰᠢᠭᠤᠷ ᠲᠥᠭᠦᠷᠢᠭ ᠲᠤ ᠬᠦᠷᠴᠦ᠂ 3.5%᠎ ᠶᠢ ᠡᠵᠡᠯᠡᠪᠡ᠃      ᠥᠪᠥᠷ ᠮᠣᠩᠭᠤᠯ ᠤᠨ ᠭᠠᠳᠠᠭᠰᠢᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨᠵᠤᠤᠷ ᠪᠣᠭᠤᠮᠲᠠ᠄ ᠨᠢᠭᠡ ᠳᠤ ︽ᠨᠢᠭᠡ ᠪᠦᠰᠡ ᠨᠢᠭᠡ ᠵᠠᠮ︾ ᠳᠠᠭᠠᠤ ᠤᠯᠤᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠢᠭᠡᠳ ᠦᠨ᠎ᠡ ᠬᠠᠩᠰᠢ ᠶᠢᠨ ᠬᠠᠨᠳᠤᠰᠢ ᠪᠠᠶᠢᠳᠠᠯ ᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠠᠵᠢᠯ ᠢ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ ᠠᠬᠤᠶᠢᠯᠠᠯ ᠤᠳ ᠲᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠳᠡᠮᠵᠢᠯᠭᠡ ᠦᠵᠡᠭᠦᠯᠬᠦ ᠬᠡᠷᠡᠭᠲᠡᠶ︔ ᠬᠤᠶᠠᠷ ᠲᠤ ᠮᠥᠩᠭᠦᠨ ᠭᠦᠢᠯᠭᠡᠭᠡᠨ ᠎ ᠢᠶᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠦᠨ᠂ ᠴᠢᠩᠭ᠎ᠠ ᠥᠷᠢᠰᠥᠯᠳᠦᠬᠦ ᠬᠦᠴᠦᠨ ᠲᠠᠢ ︽ᠭᠠᠳᠠᠭᠰᠢ ᠭᠠᠷᠤᠭᠰᠠᠨ︾ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠳᠬᠦᠬᠦ ᠬᠡᠷᠡᠭᠲᠡᠢ︔ ᠭᠤᠷᠪᠠ ᠳᠤ ᠠᠵᠤ ᠠᠬᠤᠶᠢᠯᠠᠯ ᠢ ᠵᠣᠷᠢᠭᠵᠢᠭᠤᠯᠤᠨ ᠮᠡᠷᠭᠡᠵᠢᠯ ᠤᠨ ᠲᠠᠯ᠎ᠠ ᠪᠠᠷ ᠬᠢ ᠰᠤᠳᠤᠯᠭᠠᠨ ᠢ ᠢᠯᠡᠭᠦᠦ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠂ ᠦᠢᠯᠡᠳᠬᠦᠨ ᠤ ᠨᠡᠮᠡᠯᠲᠡ ᠦᠷᠳᠡᠭ ᠢ ᠨᠡᠮᠡᠭᠳᠡᠭᠦᠯᠵᠦ᠂ ᠦᠢᠯᠡᠳᠬᠦᠨ ᠤ ᠥᠷᠢᠰᠥᠯᠳᠦᠬᠦ  ᠬᠦᠴᠦᠨ ᠢ ᠳᠡᠭᠡᠭᠰᠢᠯᠡᠭᠦᠯᠬᠦ ᠬᠡᠷᠡᠭᠲᠡᠶ︔ ᠲᠦᠷᠪᠡ ᠳᠤ ᠥᠪᠡᠷᠲᠡᠭᠡᠨ ᠵᠠᠰᠠᠬᠤ ᠣᠷᠣᠨ ᠤ ᠭᠠᠳᠠᠭᠰᠢ ᠨᠡᠭᠡᠭᠡᠯᠳᠠ ᠶᠢᠨ ᠪᠣᠭᠤᠮᠲᠠ ᠠᠷᠪᠢᠨ ᠪᠠᠶᠢᠬᠤ ᠳᠠᠪᠠᠭᠤᠯᠢᠭ ᠢ ᠠᠰᠢᠭᠯᠠᠨ᠂ ᠪᠣᠭᠤᠮᠲᠠ ᠶᠢᠨ ᠠᠵᠤ ᠠᠬᠤᠶ ᠶᠢ  ᠬᠦᠭᠵᠢᠭᠡᠵᠦ᠂ ᠲᠡᠭᠦᠨ ᠢ ᠦᠨᠡᠨ ᠬᠦ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠭᠦᠨᠵᠡᠭᠡᠶᠢᠷᠡᠭᠦᠯᠬᠦ ᠤᠯᠠᠨ ᠤᠯᠤᠰ ᠤᠨ ᠲᠠᠪᠴᠠᠩ ᠪᠣᠯᠣᠨ ᠭᠠᠳᠠᠭᠠᠳᠤ ᠳᠤ ᠬᠠᠨᠳᠤᠭᠤᠯᠤᠭᠰᠠᠨ ᠡᠭᠦᠳᠡ ᠪᠣᠯᠭᠠᠬᠤ ᠬᠡᠷᠡᠭᠲᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号