ᠥᠪᠥᠷ ᠮᠣᠩᠭᠤᠯ ᠤᠨ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢᠳᠤᠨᠤᠨ ᠪᠠ ᠣᠶᠢᠷ᠎ᠠ ᠶᠢᠨ 5 ᠵᠢᠯ ᠤᠨ ᠬᠢ ᠠᠴᠠ ᠡᠷᠲᠡᠯᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2016/6/29
      ᠬᠠᠪᠤᠷ ᠤᠨ ᠠᠭᠤᠷ ᠤᠷᠤᠭᠰᠠᠨ ᠠᠴᠠ ᠨᠠᠰᠢ ᠦᠨᠳᠦᠷ ᠳᠤᠯᠠᠭᠠᠨ ᠤ ᠬᠡᠮᠵᠢᠶ᠎ᠡ ᠶᠢᠨ ᠨᠦᠯᠦᠭᠡ ᠪᠠᠷ᠂ ᠮᠠᠨ ᠤ ᠤᠷᠤᠨ ᠤ ᠶᠡᠬᠡᠩᠬᠢ ᠮᠠᠯᠵᠢᠬᠤ ᠣᠷᠣᠨ ᠶᠡᠷᠦ ᠶᠢᠨ ᠵᠢᠯ ᠠᠴᠠ ᠡᠷᠲᠡ ᠳᠤᠯᠠᠭᠠᠷᠠᠵᠤ᠂ ᠡᠪᠡᠰᠦ ᠪᠡᠯᠴᠢᠭᠡᠷ ᠡᠷᠲᠡ ᠬᠥᠬᠡᠷᠡᠪᠡ᠃ ᠭᠠᠵᠠᠷ ᠤᠨ ᠭᠠᠳᠠᠷᠭᠤ ᠶᠢᠨ ᠬᠢᠨᠠᠨ ᠬᠡᠮᠵᠢᠯᠲᠡ ᠶᠢᠨ ᠮᠠᠲ᠋ᠧᠷᠢᠶᠠᠯ ᠢ ᠦᠨᠳᠦᠰᠦᠯᠡᠪᠡᠯ᠂ ᠮᠠᠨ ᠤ ᠤᠷᠤᠨ ᠤ ᠪᠠᠷᠠᠭᠤᠨ ᠡᠮᠦᠨᠡᠭᠦᠷ ᠳᠤᠯᠠᠭᠠᠨ ᠤ ᠨᠥᠬᠦᠴᠡᠯ ᠠᠴᠠ ᠪᠣᠯᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠪᠡᠰᠦ ᠪᠡᠯᠴᠢᠭᠡᠷ ᠡᠬᠢᠯᠡᠨ ᠬᠥᠬᠡᠷᠡᠪᠡ︔ ᠮᠠᠨ ᠤ ᠤᠷᠤᠨ ᠤ ᠶᠡᠬᠡᠩᠬᠢ ᠬᠡᠰᠡᠭ ︵76%︶ ᠡᠪᠡᠰᠦ ᠪᠡᠯᠴᠢᠭᠡᠷ ᠤᠨ ᠠᠵᠢᠭᠯᠠᠯᠲᠠ ᠶᠢᠨ ᠴᠢᠭ᠋ ᠤᠨ ᠡᠪᠡᠰᠦ ᠨᠢ 4 ᠳ᠋ᠦ᠋ᠭᠡᠷ ᠰᠠᠷ᠎ᠠ ᠶᠢᠨ ᠠᠷᠪᠠᠳ ᠠᠴᠠ 5 ᠳ᠋ᠤᠭᠠᠷ ᠰᠠᠷ᠎ᠠ ᠶᠢᠨ ᠰᠢᠨᠡᠳ ᠤᠨ ᠦᠶ᠎ᠡ ᠪᠠᠷ ᠬᠥᠬᠡᠷᠡᠵᠡᠢ︔ ᠬᠦᠨᠳᠦ ᠰᠦᠷᠡᠬᠡᠶ ᠭᠠᠩ ᠬᠠᠭᠰᠠᠷᠠᠭᠠᠨ ᠤ ᠨᠥᠯᠥᠭᠡ ᠪᠠᠷ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠡᠪᠡᠰᠦ ᠪᠡᠯᠴᠢᠭᠡᠷ 6 ᠳ᠋ᠤᠭᠠᠷ ᠰᠠᠷ᠎ᠠ ᠶᠢᠨ 13᠎ ᠤ ᠡᠳᠦᠷ ᠠᠴᠠ ᠡᠬᠢᠯᠡᠨ ᠬᠥᠬᠡᠷᠡᠭᠰᠡᠨ ᠪᠠᠶᠢᠬᠤ ᠳᠤ᠂ ᠡᠷᠢᠶᠡᠨ ᠬᠤᠲᠠ ᠪᠠ ᠠᠷᠤ ᠬᠤᠷᠴᠢᠨ ᠬᠤᠰᠢᠭᠤ ᠬᠠᠷᠢᠨ ᠣᠳᠣ ᠪᠣᠯᠲᠠᠯ᠎ᠠ ᠬᠥᠬᠡᠷᠡᠭᠡᠳᠦᠢ ᠪᠠᠶᠢᠭᠰᠠᠭᠠᠷ᠃      ᠦᠩᠭᠡᠷᠡᠭᠰᠡᠨ ᠵᠢᠯ ᠲᠠᠢ ᠠᠳᠠᠯᠢᠳᠬᠠᠪᠠᠯ᠂ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢ ᠦᠩᠭᠡᠷᠡᠭᠰᠡᠨ ᠵᠢᠯ ᠲᠠᠢ ᠠᠳᠠᠯᠢᠬᠠᠨ ᠪᠤᠶᠤ 4 ~ 26 ᠡᠳᠦᠷ ᠡᠷᠲᠡᠯᠡᠭᠰᠡᠨ ᠪᠠᠶᠢᠨ᠎ᠠ︔ ᠲᠦᠩᠯᠢᠶᠣᠤ ᠬᠤᠲᠠ ᠶᠢᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠶᠡᠬᠡᠩᠬᠢ ᠬᠡᠰᠡᠭ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ ᠵᠢᠴᠢ ᠪᠠᠷᠠᠭᠤᠨ ᠡᠮᠦᠨᠡᠲᠦ ᠪᠡᠶ᠎ᠡ ᠶᠢᠨ ᠮᠠᠯᠵᠢᠬᠤ ᠣᠷᠣᠨ᠂ ᠤᠯᠠᠭᠠᠨᠴᠠᠪ ᠬᠤᠳᠠ ᠶᠢᠨ ᠵᠠᠷᠢᠮ ᠭᠠᠵᠠᠷ᠂ ᠪᠠᠶᠠᠨᠨᠠᠭᠤᠷ ᠬᠤᠳᠠ ᠶᠢᠨ ᠵᠡᠭᠦᠨ ᠪᠡᠶ᠎ᠡ ᠶᠢᠨ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢ ᠦᠩᠭᠡᠷᠡᠭᠰᠡᠨ ᠵᠢᠯ ᠤᠨ ᠬᠢ ᠠᠴᠠ 4 ~ 44 ᠡᠳᠦᠷ ᠬᠤᠶᠢᠰᠢᠯᠠᠪᠠ᠃      ᠣᠶᠢᠷ᠎ᠠ ᠶᠢᠨ 5 ᠵᠢᠯ ᠲᠠᠢ ᠠᠳᠠᠯᠢᠳᠬᠠᠪᠠᠯ᠂ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢ ᠤᠶᠢᠷ᠎ᠠ ᠶᠢᠨ 5 ᠵᠢᠯ ᠲᠠᠢ ᠠᠳᠠᠯᠢᠬᠠᠨ ᠪᠣᠶᠤ 4 ~ 16 ᠡᠳᠦᠷ ᠡᠷᠲᠡᠯᠡᠭᠰᠡᠨ ᠪᠠᠶᠢᠨ᠎ᠠ︔ ᠡᠸᠡᠩᠬᠢ ᠬᠤᠰᠢᠭᠤ᠂ ᠲᠦᠩᠯᠢᠶᠣᠤ ᠬᠤᠲᠠ ᠶᠢᠨ ᠬᠤᠶᠢᠲᠤ ᠪᠡᠶ᠎ᠡ᠂ ᠤᠯᠠᠭᠠᠨᠬᠠᠳᠠ ᠬᠤᠲᠠ ᠶᠢᠨ ᠵᠡᠭᠦᠨ ᠪᠡᠶ᠎ᠡ᠂ ᠰᠢᠯᠢ ᠶᠢᠨ ᠭᠤᠣᠯ ᠠᠶᠢᠮᠠᠭ ᠤᠨ ᠵᠠᠷᠢᠮ ᠭᠠᠵᠠᠷ᠂ ᠪᠠᠶᠠᠨᠨᠠᠭᠤᠷ ᠬᠤᠳᠠ ᠶᠢᠨ ᠤᠷᠠᠳ ᠤᠨ ᠳᠤᠮᠳᠠᠳᠤ ᠬᠤᠰᠢᠭᠤ ᠶᠢᠨ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢ ᠤᠶᠢᠷ᠎ᠠ ᠶᠢᠨ 5 ᠵᠢᠯ ᠲᠠᠢ ᠠᠳᠠᠯᠢᠳᠬᠠᠪᠠᠯ 4 ~ 33 ᠡᠳᠦᠷ ᠬᠤᠶᠢᠰᠢᠯᠠᠪᠠ᠃      ᠡᠨᠡ ᠵᠢᠯ ᠤᠨ ᠬᠠᠪᠤᠷ ᠤᠨ ᠤᠯᠠᠷᠢᠯ ᠤᠨ ᠳᠤᠯᠠᠭᠠᠨ ᠤ ᠬᠡᠮᠵᠢᠶ᠎ᠡ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 4 ᠳ᠋ᠦ᠋ᠭᠡᠷ ᠲᠤ ᠤᠷᠤᠵᠤ᠂ ᠪᠠᠷᠠᠭᠤᠨ ᠣᠷᠣᠨ ᠵᠢᠴᠢ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠶᠢᠨ ᠭᠠᠵᠠᠷ ᠣᠷᠣᠨ ᠨᠢ ᠶᠡᠷᠦ ᠶᠢᠨ ᠵᠢᠯ ᠤᠨ ᠬᠢ ᠲᠠᠢ ᠤᠶᠢᠷᠠᠯᠴᠠᠭ᠎ᠠ ᠪᠠᠶᠢᠬᠤ ᠠᠴᠠ ᠭᠠᠳᠠᠨ᠎ᠠ᠂ ᠪᠦᠬᠦ ᠣᠷᠣᠨ ᠤ ᠶᠡᠬᠡᠩᠬᠢ ᠭᠠᠵᠠᠷ ᠣᠷᠣᠨ ᠨᠢ 1 ~ 2 ᠭᠷᠠᠳᠦᠰ ︵ᠪᠠᠭᠠᠷᠢᠨ ᠵᠡᠭᠦᠨ ᠬᠤᠰᠢᠭᠤ︶ ᠦᠨᠳᠦᠷᠰᠢᠵᠡᠢ᠃ ᠳᠤᠯᠠᠭᠠᠨ ᠤ ᠨᠥᠬᠦᠴᠡᠯ ᠪᠣᠯ ᠪᠠᠶᠢᠭᠠᠯᠢ ᠶᠢᠨ ᠡᠪᠡᠰᠦ ᠪᠡᠯᠴᠢᠭᠡᠷ ᠤᠨ ᠬᠥᠬᠡᠷᠡᠯᠲᠡ ᠶᠢᠨ ᠭᠤᠣᠯ ᠬᠦᠴᠦᠨ ᠵᠦᠢᠯ ᠮᠦᠨ᠂ ᠬᠠᠪᠤᠷ ᠤᠨ ᠠᠭᠤᠷ ᠤᠷᠤᠭᠰᠠᠨ ᠠᠴᠠ ᠨᠠᠰᠢ ᠳᠤᠯᠠᠭᠠᠨ ᠤ ᠬᠡᠮᠵᠢᠶ᠎ᠡ ᠨᠡᠯᠢᠶᠡᠳ ᠦᠨᠳᠦᠷᠰᠢᠭᠰᠡᠨ ᠨᠦᠯᠦᠭᠡ ᠎ ᠪᠠᠷ᠂ ᠮᠠᠨ ᠤ ᠤᠷᠤᠨ ᠤ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢ ᠨᠢᠳᠤᠨᠤᠨ ᠵᠢᠴᠢ ᠣᠶᠢᠷ᠎ᠠ ᠶᠢᠨ 5 ᠵᠢᠯ ᠤᠨ ᠬᠢ ᠠᠴᠠ ᠡᠷᠲᠡᠯᠡᠵᠡᠢ᠃ ᠬᠠᠪᠤᠷ ᠤᠨ ᠤᠯᠠᠷᠢᠯ ᠳᠤ ᠮᠠᠨ ᠤ ᠤᠷᠤᠨ ᠤ ᠬᠤᠷ᠎ᠠ ᠲᠤᠨᠳᠠᠰᠤ ᠲᠡᠩᠴᠡᠭᠦᠷᠢ ᠦᠭᠡᠢ᠂ ᠵᠡᠭᠦᠨ ᠡᠮᠦᠨ᠎ᠡ ᠪᠡᠶ᠎ᠡ ᠳᠤ ᠬᠤᠷ᠎ᠠ ᠲᠤᠨᠳᠠᠰᠤ ᠪᠠᠭ᠎ᠠ᠂ ᠳᠤᠯᠠᠭᠠᠨ ᠤ ᠬᠡᠮᠵᠢᠶ᠎ᠡ ᠦᠨᠳᠦᠷᠰᠢᠵᠦ᠂ ᠭᠠᠩᠳᠠᠭᠰᠠᠨ ᠠᠴᠠ ᠲᠤᠰ ᠭᠠᠵᠠᠷ ᠣᠷᠣᠨ ᠤ ᠡᠪᠡᠰᠦ ᠪᠡᠯᠴᠢᠭᠡᠷ ᠤᠨ ᠬᠥᠬᠡᠷᠡᠯᠲᠡ ᠶᠢᠨ ᠬᠤᠭᠤᠴᠠᠭ᠎ᠠ ᠨᠢ ᠬᠤᠶᠢᠰᠢᠯᠠᠭᠰᠠᠨ ᠪᠣᠯᠬᠤᠷ ᠮᠠᠯᠵᠢᠬᠤ ᠶᠢ ᠵᠣᠭᠰᠣᠭᠠᠬᠤ ᠬᠤᠭᠤᠴᠠᠭ᠎ᠠ ᠪᠠᠨ ᠵᠣᠬᠢᠰᠲᠠᠶ ᠤᠷᠲᠤᠳᠬᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号