ᠥᠪᠥᠷ ᠮᠣᠩᠭᠤᠯ ᠤᠨ ᠨᠥᠬᠦᠴᠡᠯ ᠳᠤ ᠨᠡᠶᠢᠴᠡᠭᠰᠡᠨ ᠰᠢᠯᠭᠠᠭᠤᠯᠤᠭᠰᠠᠳ ᠰᠦᠢᠳᠬᠡᠯ ᠬᠤᠷᠢᠶᠠᠬᠤ ᠦᠭᠡᠶ ᠠᠨᠠᠭᠠᠬᠤ ᠤᠬᠠᠭᠠᠨ ᠤ ᠬᠠᠨᠳᠤᠯᠭᠠᠲᠤ ᠰᠤᠷᠤᠭᠴᠢ ᠡᠯᠰᠡᠬᠦ ᠳᠤ ᠨᠡᠷ᠎ᠡ ᠮᠡᠳᠡᠭᠦᠯᠵᠤ ᠪᠤᠯᠤᠨ᠎ᠠ
ᠨᠡᠶᠢᠲᠡᠯᠡᠭᠰᠡᠨ ᠴᠠᠭ᠄
2016/6/3
     2016 ᠣᠨ ᠳᠤ᠂ ᠥᠪᠥᠷ ᠮᠣᠩᠭᠤᠯ ᠠᠨᠠᠭᠠᠬᠤ ᠤᠬᠠᠭᠠᠨ ᠤ ᠵᠢᠩᠬᠢᠨᠢ ᠠᠩᠭᠢ ᠶᠢᠨ ᠬᠥᠳᠡᠭᠡ ᠲᠣᠰᠬᠤᠨ ᠤ ᠵᠠᠬᠢᠶᠠᠯᠭᠠᠲᠤ ᠪᠠ ᠬᠠᠨᠳᠤᠯᠭᠠᠲᠤ ᠰᠤᠷᠤᠭᠴᠢ ᠶᠢ ᠰᠦᠢᠳᠬᠡᠯ ᠬᠤᠷᠢᠶᠠᠬᠤ ᠦᠭᠡᠢ ᠪᠠᠷ ᠬᠥᠮᠦᠵᠢᠭᠦᠯᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠭᠤᠤᠯᠳᠠᠭᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠲᠡᠭᠦᠨ ᠠᠴᠠ ᠳᠣᠷᠣᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮ ᠡᠮᠨᠡᠯᠭᠡ ᠶᠢᠨ ᠪᠦᠬᠦ ᠰᠠᠯᠠᠭᠠᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠦᠮᠦᠵᠢᠬᠦᠯᠵᠤ ᠦᠭᠭᠦ ᠪᠤᠯᠤᠨ᠎ᠠ᠃      ᠣᠶᠢᠯᠠᠭᠠᠭᠰᠠᠨ ᠢᠶᠠᠷ᠂ 2016 ᠣᠨ ᠤ ᠰᠦᠢᠳᠬᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠵᠢᠩᠬᠢᠨᠢ ᠠᠩᠭᠢ ᠳᠤ ᠵᠠᠬᠢᠶᠠᠯᠭᠠᠲᠤ ᠪᠠ ᠬᠠᠨᠳᠤᠯᠭᠠᠲᠤ ᠰᠤᠷᠤᠭᠴᠢ ᠶᠢ ᠡᠯᠰᠡᠬᠦ ᠳᠤ ᠵᠥᠪᠬᠡᠨ ᠲᠠᠷᠢᠶᠠᠯᠠᠩ᠂ ᠮᠠᠯ ᠠᠵᠤ ᠠᠬᠤᠶ ᠶᠢᠨ ᠭᠡᠷ ᠪᠦᠯᠢ ᠶᠢᠨ ᠡᠷᠦᠬᠡ ᠠᠮᠠ ᠲᠠᠢ ᠰᠢᠯᠭᠠᠭᠤᠯᠤᠭᠰᠠᠳ ᠢ ᠡᠯᠰᠡᠨ᠎ᠡ᠂ ᠨᠡᠷ᠎ᠡ ᠮᠡᠳᠡᠭᠦᠯᠦᠨ ᠰᠢᠯᠭᠠᠭᠤᠯᠤᠭᠰᠠᠳ ᠳᠤᠤᠷᠠᠬᠢ ᠵᠢᠭᠰᠠᠭᠠᠭᠰᠠᠨ ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠶ᠄ ᠮᠠᠨ ᠤ ᠣᠷᠣᠨ ᠤ 2016 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ︔ ᠲᠤᠰ ᠬᠦᠮᠦᠨ ᠵᠢᠴᠢ ᠡᠴᠢᠭᠡ ᠪᠤᠶᠤ ᠡᠬᠡ ᠡᠰᠡᠭᠦᠯ᠎ᠡ ᠬᠠᠤᠯᠢ ᠪᠠᠷ ᠲᠣᠭᠲᠠᠭᠠᠭᠰᠠᠨ ᠬᠠᠷᠠᠭᠠᠯᠵᠠᠨ ᠬᠠᠮᠠᠭᠠᠯᠠᠭᠴᠢ ᠶᠢᠨ ᠬᠢᠨᠢ ᠡᠷᠦᠬᠡ ᠠᠮᠠ ᠨᠢ ᠡᠷᠬᠡᠪᠰᠢ ᠲᠠᠷᠢᠶᠠᠯᠠᠬᠤ ᠤᠷᠤᠨ ︵ᠪᠤᠶᠤ ᠮᠠᠯᠵᠢᠬᠤ ᠣᠷᠣᠨ︶᠎ ᠳᠤ ᠪᠠᠶᠢᠵᠤ᠂ ᠲᠤᠰ ᠬᠥᠮᠦᠨ ᠨᠢ ᠲᠤᠬᠠᠶ ᠶᠢᠨ ᠭᠠᠵᠠᠷ ᠲᠤ ᠦᠷᠭᠦᠯᠵᠢᠯᠡᠨ 3 ᠵᠢᠯ ᠠᠴᠠ ᠳᠡᠭᠡᠭᠰᠢ ︵3 ᠵᠢᠯ ᠪᠠᠭᠲᠠᠨ᠎ᠠ︶ ᠰᠠᠭᠤᠷᠢᠰᠢᠭᠰᠠᠨ ᠡᠷᠦᠬᠡ ᠠᠮᠠ ᠶᠢᠨ ᠲᠠᠩᠰᠠ ᠲᠠᠢ ᠪᠠᠶᠢᠬᠤ ᠬᠡᠷᠡᠭᠲᠠᠢ᠃ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠪᠥᠭᠡᠳ ᠬᠠᠮᠢᠶ᠎ᠠ ᠪᠦᠬᠦᠢ ᠡᠷᠡᠮᠡᠯᠵᠡᠯ ᠲᠠᠭᠯᠠᠬᠤ ᠨᠥᠬᠦᠴᠡᠯ ᠳᠤ  ᠬᠦᠷᠦᠭᠰᠡᠨ ᠰᠢᠯᠭᠠᠭᠤᠯᠤᠭᠰᠠᠳ ᠬᠠᠷᠢᠴᠠᠩᠭᠤᠢ ᠪᠦᠬᠦᠢ ᠰᠤᠷᠤᠭᠴᠢ ᠡᠯᠰᠡᠬᠦ ᠲᠥᠯᠥᠪᠯᠡᠭᠡ ᠶᠢ ᠦᠨᠳᠦᠰᠦᠯᠡᠨ ᠡᠷᠡᠮᠡᠯᠵᠡᠯ ᠢᠶᠠᠨ ᠪᠡᠶ᠎ᠡ ᠪᠠᠨ ᠳᠠᠭᠠᠭᠠᠨ ᠲᠠᠭᠯᠠᠵᠤ ᠪᠤᠯᠤᠨ᠎ᠠ᠃ ᠰᠦᠢᠳᠬᠡᠯ ᠬᠤᠷᠢᠶᠠᠬᠤ ᠦᠭᠡᠢ ᠠᠨᠠᠭᠠᠬᠤ ᠤᠬᠠᠭᠠᠨ ᠤ ᠵᠢᠩᠬᠢᠨᠢ ᠠᠩᠭᠢ ᠶᠢᠨ ᠵᠠᠬᠢᠶᠠᠯᠭᠠᠲᠤ ᠪᠠ ᠬᠠᠨᠳᠤᠯᠭᠠᠲᠤ ᠰᠤᠷᠤᠭᠴᠢ ᠪᠠᠷ ᠡᠯᠰᠡᠭᠳᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ᠢ ᠤᠯᠬᠤ ᠠᠴᠠ ᠪᠠᠨ ᠡᠮᠦᠨ᠎ᠡ᠂ ᠡᠷᠬᠡᠪᠰᠢ ᠬᠦᠮᠦᠵᠢᠬᠦᠯᠬᠦ ᠶᠡᠭᠡ ᠳᠡᠭᠡᠳᠦ ᠰᠤᠷᠭᠠᠭᠤᠯᠢ ᠪᠣᠯᠤᠨ ᠬᠠᠨᠳᠤᠯᠭᠠᠲᠤ ᠠᠵᠢᠯ ᠣᠯᠭᠤᠬᠤ ᠭᠠᠵᠠᠷ ᠤᠨ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠯᠦᠭᠡ ᠬᠠᠨᠳᠤᠯᠭ᠎ᠠ ᠲᠠᠢ ᠬᠦᠮᠦᠵᠢᠬᠦᠯᠬᠦ ᠪᠠ ᠠᠵᠢᠯ ᠣᠯᠭᠤᠬᠤ ᠵᠦᠪᠳᠡᠯᠴᠡᠭᠡᠷ ᠲᠤ ᠭᠠᠷ ᠤᠨ ᠦᠰᠦᠭ ᠵᠢᠷᠤᠵᠤ᠂ ᠲᠡᠭᠦᠰᠦᠭᠰᠡᠨ ᠤ ᠰᠡᠭᠦᠯᠡᠷ ᠬᠠᠨᠳᠤᠯᠭᠠᠲᠤ ᠬᠥᠳᠡᠭᠡ ᠲᠣᠰᠬᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ 6 ᠵᠢᠯ ᠦᠢᠯᠡᠴᠢᠯᠡᠬᠦ ᠪᠠᠨ ᠠᠮᠠᠯᠠᠬᠤ ᠬᠡᠷᠡᠭᠲᠠᠢ᠃ ᠰᠦᠢᠳᠬᠡᠯ ᠬᠤᠷᠢᠶᠠᠬᠤ ᠦᠭᠡᠶ ᠠᠨᠠᠭᠠᠬᠤ ᠤᠬᠠᠭᠠᠨ ᠤ ᠰᠤᠷᠤᠭᠴᠢ ᠶᠢᠨ ᠰᠤᠷᠤᠯᠴᠠᠵᠤ ᠪᠠᠶᠢᠭ᠎ᠠ ᠬᠤᠭᠤᠴᠠᠭᠠᠨ ᠳᠤᠨᠢ ᠡᠷᠦᠬᠡ ᠠᠮᠠ ᠶᠢᠨ ᠳᠠᠩᠰᠠ ᠶᠢ ᠨᠢ ᠮᠥᠨ ᠬᠦ ᠤᠤᠯ ᠤᠨ ᠡᠷᠦᠬᠡ ᠠᠮᠠ ᠶᠢᠨ ᠳᠠᠩᠰᠠ ᠶᠢᠨ ᠪᠠᠶᠢᠭᠰᠠᠨ ᠭᠠᠵᠠᠷ ᠲᠤ ᠨᠢ ᠦᠯᠡᠳᠡᠭᠡᠵᠤ᠂ ᠲᠡᠭᠦᠰᠦᠭᠰᠡᠨ ᠤ ᠬᠢᠨᠢ ᠳᠠᠷᠠᠭ᠎ᠠ ᠬᠤᠯᠪᠣᠭᠳᠠᠯ ᠪᠦᠬᠦᠢ ᠲᠣᠭᠲᠠᠭᠠᠯ ᠢᠶᠠᠷ ᠬᠠᠨᠳᠤᠯᠭᠠᠲᠤ ᠠᠵᠢᠯ ᠤᠯᠭᠤᠭᠰᠠᠨ ᠭᠠᠵᠠᠷ ᠲᠤᠨᠢ ᠰᠢᠯᠵᠢᠬᠦᠯᠵᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号