ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠬᠠᠮᠲᠤᠷᠠᠨ ᠤᠷᠴᠢᠮᠬᠠᠨ ᠳᠤ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ | ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ︽ᠠᠵᠢᠯ ᠣᠯᠭᠤᠬᠤ ᠨᠥᠬᠦᠪᠥᠷᠢ ᠶᠢᠨ ᠪᠡᠯᠡ ᠮᠥᠩᠭᠦᠨ ᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠢ ᠤᠯᠠᠮᠵᠢᠯᠠᠨ | ᠲᠠᠷᠬᠠᠭᠠᠪᠠ᠃ ᠬᠥᠬᠡᠬᠤᠲᠠ ᠶᠢᠨ ᠣᠷᠣᠶ ᠶᠢᠨ ᠰᠣᠨᠢᠨ ᠤ ᠰᠤᠷᠪᠤᠯᠵᠢᠯᠠᠭᠴᠢ ᠥᠴᠥᠭᠡᠳᠦᠷ ᠣᠶᠢᠯᠠᠭᠠᠵᠤ | ᠮᠡᠳᠡᠭᠰᠡᠨ ᠢᠶᠠᠷ᠂ ᠮᠡᠳᠡᠭᠳᠡᠯ ᠳᠤ᠂ ᠡᠨᠡ ᠵᠢᠯ ᠤᠨ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠠᠵᠢᠯ | ᠣᠯᠭᠤᠬᠤ ᠳᠠᠳᠤᠯᠭ᠎ᠠ ᠶᠢᠨ ᠨᠦᠬᠦᠪᠦᠷᠢ ᠤᠯᠬᠤ ᠬᠥᠮᠦᠰ ᠤᠨ ᠬᠡᠪᠴᠢᠶ᠎ᠡ ᠳᠤ ᠰᠤᠷᠭᠠᠭᠤᠯᠢ ᠠᠴᠠ ᠪᠠᠨ ᠰᠠᠯᠤᠭᠠᠳ 1 | ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠤᠭᠤᠯᠤᠨ᠎ᠠ᠃ | ᠳᠠᠳᠤᠯᠭ᠎ᠠ ᠶᠢᠨ ᠨᠥᠬᠦᠪᠥᠷᠢ ᠶᠢ ᠬᠥᠮᠦᠨ ᠪᠦᠷᠢ ᠰᠠᠷ᠎ᠠ ᠳᠤ 500 ᠲᠥᠭᠦᠷᠢᠭ ᠪᠠᠶᠢᠭᠰᠠᠨ ᠠᠴᠠ ᠨᠢ 700 | ᠲᠥᠭᠦᠷᠢᠭ ᠪᠤᠯᠭᠠᠨ ᠦᠰᠭᠡᠵᠤ᠂ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠤᠷᠮ᠎ᠠ | ᠨᠢ 50% ᠳᠤ ᠬᠦᠷᠦᠭᠰᠡᠨ ᠪᠦᠭᠡᠳ ᠦᠯᠡᠳᠡᠭᠡᠵᠦ ᠬᠡᠷᠡᠭᠯᠡᠬᠦ ᠬᠥᠮᠦᠰ ᠨᠢ 1 ᠵᠢᠯ ᠠᠴᠠ ᠳᠡᠭᠡᠭᠰᠢᠬᠢ | ᠬᠥᠳᠡᠯᠮᠦᠷᠢ ᠶᠢᠨ ᠭᠡᠷ᠎ᠡ ᠲᠤᠭᠲᠠᠭᠰᠠᠨ ᠠᠵᠤ ᠠᠬᠤᠶᠢᠯᠠᠯ ᠪᠤᠯ ᠳᠠᠳᠤᠯᠭ᠎ᠠ ᠶᠢᠨ ᠨᠥᠬᠦᠪᠥᠷᠢ ᠶᠢ 1000 | ᠲᠥᠭᠦᠷᠢᠭ ᠲᠤ ᠪᠤᠯᠭᠠᠨ ᠦᠰᠭᠡᠨ᠎ᠡ ᠬᠡᠵᠤ ᠲᠤᠲᠤᠷᠬᠠᠶᠢᠯᠠᠵᠠᠢ᠃ | ᠣᠶᠢᠯᠠᠭᠠᠭᠰᠠᠨ ᠢᠶᠠᠷ᠂ ᠮᠡᠳᠡᠭᠳᠡᠯ ᠳᠤ᠂ ᠠᠵᠤ ᠠᠬᠤᠶᠢᠯᠠᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠦᠬᠡᠳ᠂ ᠬᠤᠳᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠲᠠᠪᠰᠢᠭᠰᠠᠨ | ᠥᠭᠡᠢ ᠠᠩᠬ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠳ᠂ ᠬᠥᠳᠡᠭᠡ ᠲᠣᠰᠬᠤᠨ ᠤ ᠠᠵᠢᠯ | ᠤᠯᠬᠤ ᠪᠠᠷ ᠰᠢᠯᠵᠢᠭᠰᠡᠨ ᠬᠥᠳᠡᠯᠮᠦᠷᠢᠴᠢᠳ᠂ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ | ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯᠴᠢᠨ ᠤ ᠠᠩᠬᠢ᠂ ᠪᠡᠯᠡᠳᠬᠡᠯ ᠮᠠᠰᠲ᠋ᠧᠷ ᠤᠨ | ᠠᠩᠬᠢ᠂ ᠣᠨᠴᠠᠭᠠᠶ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠦᠷᠦᠯ ᠠᠴᠠ ᠲᠡᠭᠦᠰᠦᠭᠰᠡᠳ ᠪᠠᠭᠲᠠᠨ᠎ᠠ︶᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ | ᠠᠯᠳᠠᠭᠰᠠᠳ ︵ᠳᠣᠷᠣᠭᠰᠢ ᠲᠠᠪᠤᠨ ᠲᠥᠷᠥᠯ ᠤᠨ ᠬᠥᠮᠦᠰ ᠬᠡᠵᠤ ᠲᠤᠪᠴᠢᠯᠠᠨ᠎ᠠ︶ ᠠᠵᠤ ᠠᠬᠤᠶᠢᠯᠠᠯ ᠯᠤᠭ᠎ᠠ 6 | ᠰᠠᠷ᠎ᠠ ᠠᠴᠠ ᠳᠡᠭᠡᠭᠰᠢᠬᠢ ᠬᠤᠭᠤᠴᠠᠭᠠᠨ ᠤ ᠬᠥᠳᠡᠯᠮᠦᠷᠢ ᠶᠢᠨ ᠭᠡᠷ᠎ᠡ ᠲᠤᠭᠲᠠᠭᠰᠠᠨ ᠪᠦᠭᠡᠳ ᠬᠥᠳᠡᠯᠮᠦᠷᠢ ᠶᠢᠨ ᠭᠡᠷ᠎ᠡ | ᠲᠣᠭᠲᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ ᠠᠵᠤ ᠠᠬᠤᠶᠢᠯᠠᠯ ᠨᠢ ᠬᠠᠷᠢᠶ᠎ᠠ ᠪᠣᠯᠪᠠᠰᠤᠷᠠᠭᠤᠯᠤᠯ ᠤᠨ | ᠪᠠᠶᠢᠭᠤᠯᠤᠮᠵᠢ ᠪᠤᠶᠤ ᠵᠠᠰᠠᠭ ᠤᠨ ᠣᠷᠳᠣᠨ ᠠᠴᠠ ᠦᠨᠡᠮᠰᠢᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠨᠠᠶᠢᠳᠠᠨ | ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ | ᠬᠢᠯᠭᠡᠭᠰᠡᠨ ᠪᠤᠯ᠂ ᠪᠣᠯᠪᠠᠰᠤᠷᠠᠭᠤᠯᠤᠭᠰᠠᠨ ᠤ ᠳᠠᠷᠠᠭ᠎ᠠ ᠬᠥᠳᠡᠯᠮᠦᠷᠢ ᠶᠢᠨ ᠭᠡᠷ᠎ᠡ ᠶᠢ ᠦᠷᠭᠦᠯᠵᠢᠯᠡᠨ ᠬᠦᠢᠴᠡᠳᠭᠡᠭᠰᠡᠨ | ᠪᠠᠶᠢᠳᠠᠯ ᠢ ᠨᠢ ᠦᠨᠳᠦᠰᠦᠯᠡᠨ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ | ᠨᠥᠬᠦᠪᠥᠷᠢ ᠶᠢᠨ ᠪᠠᠷᠢᠮᠵᠢᠶ᠎ᠠ ᠶᠢᠨ 70% ᠪᠠᠷ ᠠᠵᠤ ᠠᠬᠤᠶᠢᠯᠠᠯ ᠳᠤ ᠲᠣᠭᠲᠠᠭᠰᠠᠨ ᠲᠤᠭᠠᠨ ᠤ ᠨᠥᠬᠦᠪᠥᠷᠢ | ᠣᠯᠭᠤᠨ᠎ᠠ᠃ ᠡᠭᠦᠨ ᠤ ᠵᠡᠷᠭᠡᠴᠡᠭᠡᠪᠡᠷ ᠬᠥᠳᠡᠯᠮᠦᠷᠢ ᠶᠢᠨ ᠪᠡᠯᠡᠳᠬᠡᠯ ᠲᠥᠷᠢᠮ ᠤᠨ ᠪᠣᠯᠪᠠᠰᠤᠷᠠᠭᠤᠯᠤᠯ ᠶᠢᠨ | ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠨᠥᠬᠦᠪᠥᠷᠢ ᠤᠯᠭᠤᠬᠤ ᠪᠠᠷᠢᠮᠵᠢᠶ᠎ᠠ | ᠪᠠᠷ ᠯᠠᠪᠯᠠᠯᠲᠠ ᠪᠣᠯᠭᠠᠵᠤ᠂ ᠵᠢᠯ ᠳᠤ ᠬᠥᠮᠦᠨ ᠪᠦᠷᠢ 1500 ᠲᠥᠭᠦᠷᠢᠭ ᠤᠯᠭᠤᠨ᠎ᠠ᠃ ᠠᠵᠢᠯ ᠤᠯᠬᠤ ᠳᠤ | ᠬᠦᠴᠢᠷᠲᠡᠶ ᠬᠥᠮᠦᠰ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠠᠵᠢᠯ ᠤᠯᠤᠭᠰᠠᠨ ᠪᠤᠯ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠪᠤᠯ ᠲᠤᠬᠠᠶ ᠶᠢᠨ ᠭᠠᠵᠠᠷ ᠤᠨ | ᠨᠡᠶᠢᠭᠡᠮ ᠤᠨ ᠬᠠᠮᠤᠭ ᠳᠣᠣᠷ᠎ᠠ ᠴᠠᠯᠢᠩ ᠤᠨ 50% ᠪᠠᠷ ᠨᠥᠬᠦᠪᠥᠷᠢ ᠥᠭᠭᠦᠨ᠎ᠡ ᠬᠡᠵᠤ ᠲᠤᠲᠤᠷᠬᠠᠶᠢᠯᠠᠵᠠᠢ᠃ | ᠡᠭᠦᠨ ᠠᠴᠠ ᠭᠠᠳᠠᠨ᠎ᠠ ᠮᠡᠳᠡᠭᠳᠡᠯ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠢᠯ ᠣᠯᠭᠤᠬᠤ ᠲᠤᠰᠬᠠᠶ | ᠪᠡᠯᠡ ᠮᠥᠩᠭᠦ ᠶᠢ ᠭᠤᠣᠯᠳᠠᠭᠤ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠱᠠᠩᠨᠠᠯ ᠢᠶᠠᠷ ᠨᠦᠬᠦᠪᠦᠷᠢ ᠶᠢ | ᠣᠷᠣᠯᠠᠭᠤᠯᠬᠤ ᠲᠦᠷᠦᠯ ᠵᠦᠢᠯ ᠵᠢᠴᠢ ᠪᠤᠰᠤᠳ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠳᠤ ᠬᠡᠷᠡᠭᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ | ᠠᠵᠢᠯ ᠣᠯᠭᠤᠬᠤ ᠱᠠᠩᠨᠠᠯ ᠢᠶᠠᠷ ᠨᠥᠬᠦᠪᠥᠷᠢ ᠶᠢ ᠤᠷᠤᠯᠠᠭᠤᠯᠬᠤ ᠲᠦᠷᠦᠯ ᠵᠦᠢᠯ ᠤᠨ ᠪᠡᠯᠡ ᠮᠥᠩᠭᠦ ᠳᠤ ᠲᠥᠷᠥᠯ | ᠵᠦᠢᠯ ᠤᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠬᠦᠯᠦᠨ᠎ᠡ᠃ ᠡᠯ᠎ᠡ ᠭᠠᠵᠠᠷ ᠣᠷᠣᠨ ᠨᠤᠭᠤᠳ ᠲᠦᠷᠦᠯ ᠵᠦᠢᠯ | ᠭᠤᠶᠤᠴᠢᠯᠠᠨ ᠮᠡᠳᠡᠭᠦᠯᠬᠦ ᠪᠢᠴᠢᠭ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠱᠠᠲᠤ ᠳᠠᠷᠠᠭᠠᠯᠠᠨ | ᠬᠢᠨᠠᠭᠤᠯᠤᠭᠠᠳ ᠳᠡᠭᠡᠭᠰᠢ ᠮᠡᠳᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠡᠯ᠎ᠡ ᠭᠠᠵᠠᠷ ᠤᠨ ᠭᠤᠶᠤᠴᠢᠯᠠᠨ ᠮᠡᠳᠡᠭᠦᠯᠦᠭᠰᠡᠨ ᠲᠦᠷᠦᠯ | ᠵᠦᠢᠯ ᠢ ᠬᠢᠨᠠᠨ ᠲᠤᠭᠲᠠᠭᠠᠭᠠᠳ᠂ ᠬᠢᠨᠠᠨ ᠲᠤᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠱᠠᠩᠨᠠᠨ ᠨᠦᠬᠦᠪᠦᠷᠢᠯᠡᠨ᠎ᠡ | ᠬᠡᠵᠤ ᠲᠤᠲᠤᠷᠬᠠᠢ ᠱᠠᠭᠠᠷᠳᠠᠵᠠᠢ᠃ | | |