ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠡᠷᠬᠡ ᠣᠯᠭᠤᠭᠠᠳ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ | ᠵᠠᠰᠠᠭ ᠤᠨ ᠶᠠᠮᠤᠨ ᠤ ᠤᠯᠤᠰ ᠤᠨ ᠵᠢᠭᠡᠯᠡᠯᠭᠡ ᠲᠠᠷᠬᠠᠭᠠᠬᠤ ᠶᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ | ᠬᠦᠯᠢᠶᠡᠬᠦ ᠰᠢᠰᠲ᠋ᠧᠮ ᠢᠶᠠᠷ ᠳᠠᠮᠵᠢᠭᠤᠯᠤᠨ᠂ ᠤᠯᠤᠰ ᠤᠨ ᠦᠮᠴᠢᠯᠡᠯᠲᠦ ᠳᠥᠷᠪᠡᠨ ᠲᠣᠮᠣ ᠪᠠᠩᠬᠢ᠂ ᠵᠠᠮ | ᠬᠠᠷᠢᠯᠴᠠᠭᠠᠨ ᠤ ᠪᠠᠩᠬᠢ ᠪᠣᠯᠤᠨ ᠰᠢᠩ ᠾᠧ ᠪᠠᠩᠬᠢ ᠪᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ | ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ᠂ 2016 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ 247.3 ᠳ᠋ᠦᠩᠰᠢᠭᠤᠷ ᠲᠥᠬᠦᠷᠢᠭ ᠤᠨ ᠡ᠊ᠩ ᠤᠨ | ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠲᠠᠷᠬᠠᠭᠠᠪᠠ᠃ ᠡᠭᠦᠨ ᠳᠤ᠂ 24.7 ᠳ᠋ᠦᠩᠰᠢᠭᠤᠷ ᠲᠥᠭᠦᠷᠢᠭ ᠤᠨ | 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ᠂ 74.2 ᠳ᠋ᠦᠩᠰᠢᠭᠤᠷ ᠲᠥᠭᠦᠷᠢᠭ ᠤᠨ 5 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ᠂ 74.2 ᠳ᠋ᠦᠩᠰᠢᠭᠤᠷ ᠲᠥᠭᠦᠷᠢᠭ ᠤᠨ 7 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ᠂ 74.2 ᠳ᠋ᠦᠩᠰᠢᠭᠤᠷ ᠲᠥᠭᠦᠷᠢᠭ ᠤᠨ 10 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠪᠠᠶᠢᠵᠤ᠂ ᠳᠠᠭᠠᠭᠠᠴᠢᠯᠠᠯᠲᠠ ᠶᠢᠨ ᠬᠦᠦ ᠮᠥᠩᠭᠦ ᠶᠢᠨ ᠨᠤᠷᠮ᠎ᠠ ᠨᠢ | ᠲᠤᠰ ᠲᠤᠰ 2.86%᠂ 3.05%᠂ 3.31%᠂ 3.29% ᠪᠣᠯᠣᠨ᠎ᠠ᠃ ᠲᠤᠰ ᠪᠦᠯᠦᠭ ᠲᠤ ᠲᠠᠷᠬᠠᠭᠠᠭᠰᠠᠨ | ᠵᠢᠭᠡᠯᠡᠯᠭᠡ ᠶᠢᠨ ᠲᠡᠮᠳᠡᠭᠲᠦ ᠨᠢ ᠴᠦᠮ ᠰᠣᠯᠢᠵᠤ ᠪᠣᠯᠬᠤ ᠵᠢᠭᠡᠯᠡᠯᠭᠡ ᠶᠢᠨ ᠲᠡᠮᠳᠡᠭᠲᠦ ᠪᠠᠶᠢᠵᠤ᠂ ᠭᠤᠣᠯᠳᠠᠭᠤ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ | ᠥᠭᠴᠡᠭᠡ ᠪᠠᠨ ᠲᠦᠯᠦᠬᠦ ᠳᠤ ᠬᠡᠷᠡᠭᠯᠡᠨ᠎ᠡ᠃ ᠲᠤᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠪᠠᠷ | ᠲᠠᠷᠬᠠᠭᠠᠭᠰᠠᠨ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠥᠭᠴᠡᠭᠡ ᠪᠠᠨ | ᠳᠦᠯᠦᠬᠦ ᠳᠠᠷᠤᠯᠲᠠ ᠶᠢ ᠨᠠᠮᠳᠠᠭᠤᠯᠬᠤ ᠪᠠ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠳᠣᠷᠣᠭᠰᠢᠯᠠᠭᠤᠯᠵᠠᠢ᠃ | ᠲᠤᠰ ᠤᠳᠠᠭᠠᠨ ᠤ ᠲᠠᠷᠬᠠᠭᠠᠯᠲᠠ ᠳᠠᠭᠤᠰᠪᠠᠯ᠂ 2016 ᠣᠨ ᠳᠤ ᠮᠠᠨ ᠤ ᠣᠷᠣᠨ ᠨᠢᠭᠡᠨᠲᠡ 1137.1 | ᠳ᠋ᠦᠩᠰᠢᠭᠤᠷ ᠲᠦᠬᠦᠷᠢᠭ ᠤᠨ ᠰᠣᠯᠢᠵᠤ ᠪᠣᠯᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ᠂ ᠪᠦᠬᠦ ᠵᠢᠯ ᠤᠨ ᠰᠣᠯᠢᠬᠤ | ᠪᠣᠯᠬᠤ ᠵᠢᠭᠡᠯᠡᠯᠭᠡ ᠶᠢᠨ ᠲᠡᠮᠳᠡᠭᠲᠦ ᠶᠢᠨ ᠬᠡᠪᠴᠢᠶᠡᠨ ᠤ ᠳᠡᠭᠡᠳᠦ ᠬᠢᠵᠠᠭᠠᠷ ᠤᠨ 54.1% ᠶᠢ ᠪᠡᠶᠡᠯᠡᠭᠦᠯᠦᠨ᠎ᠡ᠃ |