| 6 ᠳ᠋ᠤᠭᠠᠷ ᠰᠠᠷ᠎ᠠ ᠶᠢᠨ 29 ᠤ ᠦᠳᠡ ᠶᠢᠨ ᠡᠮᠦᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ | ᠤᠯᠤᠰ· ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠭᠤᠤᠯ ᠠᠵᠢᠯᠯᠠᠭ᠎ᠠ ᠶᠢᠨ ᠲᠦᠷᠦᠯ | ᠵᠦᠢᠯ ᠤᠨ ᠨᠢᠭᠡ ᠪᠤᠯᠬᠤ᠂ ᠠᠩᠬᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠰᠤᠶᠤᠯ ᠤᠨ ᠠᠵᠤ ᠦᠢᠯᠡᠰ ᠤᠨ ᠦᠵᠡᠰᠭᠦᠯᠡᠩ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ | ᠦᠪᠡᠳᠡᠭᠰᠢ ᠶᠡᠬᠡᠪᠡᠷ ᠡᠬᠢᠯᠡᠪᠡ᠃ 5 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠲᠤᠰ ᠦᠵᠡᠰᠭᠦᠯᠡᠩ ᠨᠢ ︽ | ᠰᠤᠶᠤᠯ ᠬᠢᠬᠡᠳ ᠰᠢᠨ᠎ᠠ ᠶᠢ ᠡᠭᠦᠳᠦᠨ ᠬᠦᠭᠵᠢᠭᠦᠯᠬᠦ︾ ᠪᠠᠷ ᠭᠤᠤᠯ ᠰᠡᠳᠦᠪ ᠪᠤᠯᠭᠠᠨ᠂ ᠦᠵᠡᠭᠦᠯᠦᠯᠭᠡ ᠪᠠ | ᠰᠤᠯᠢᠯᠴᠠᠭ᠎ᠠ ᠪᠠᠷ ᠭᠤᠤᠯ ᠪᠤᠯᠭᠠᠵᠤ᠂ ᠪᠦᠬᠦ ᠤᠷᠤᠨ ᠤ ᠡᠯ᠎ᠠ ᠠᠶᠢᠮᠠᠭ ᠬᠤᠳᠠ ᠶᠢᠨ 334 ᠠᠵᠤ ᠠᠬᠤᠢᠢᠯᠠᠯ ᠤᠨ | 2 ᠲᠦᠮᠡ ᠰᠢᠬᠠᠮ ᠪᠦᠳᠦᠭᠡᠯᠴᠢ ᠰᠠᠨᠠᠭ᠎ᠠ ᠪᠦᠬᠦᠢ ᠪᠦᠳᠦᠭᠡᠭᠳᠡᠭᠦᠨ ᠢ ᠲᠡᠯᠭᠡᠨ ᠦᠵᠡᠭᠦᠯᠪᠡ᠃ | ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ | ᠲᠠᠷᠤᠭ᠎ᠠ ᠤᠯᠠᠭᠠᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ | ᠶᠠᠩ ᠴᠧᠩ ᠸᠠᠩ ᠦᠵᠡᠰᠭᠦᠯᠡᠩ ᠢ ᠲᠤᠭᠤᠷᠢᠨ ᠦᠵᠡᠪᠡ᠃ | ᠰᠤᠶᠤᠯ ᠤᠨ ᠠᠵᠤ ᠦᠢᠯᠡᠰ ᠤᠨ ᠦᠵᠡᠰᠭᠦᠯᠡᠩ ᠪᠤᠯ ᠮᠠᠨ ᠤ ᠤᠷᠤᠨ ᠤ ᠬᠠᠮᠤᠭ ᠤᠨ ᠲᠤᠮᠤ | ᠶᠡᠷᠦᠩᠬᠡᠶᠢᠯᠡᠭᠰᠡᠨ ᠴᠢᠨᠠᠷᠳᠠᠢ ᠰᠤᠶᠤᠯ ᠤᠨ ᠠᠵᠤ ᠦᠢᠯᠡᠰ ᠤᠨ ᠦᠪᠡᠳᠡᠭᠰᠢ ᠴᠤᠭᠯᠠᠭᠠᠨ ᠪᠠᠶᠢᠵᠦ᠂ ᠦᠵᠡᠭᠦᠯᠦᠯᠭᠡ | ᠪᠠ ᠰᠤᠯᠢᠯᠴᠠᠭ᠎ᠠ ᠪᠠᠷ ᠭᠤᠤᠯ ᠪᠤᠯᠭᠠᠨ᠂ ᠰᠤᠶᠦᠯ ᠤᠨ ᠪᠦᠳᠦᠭᠡᠯᠴᠢ ᠰᠠᠨᠠᠭ᠎ᠠ ᠪᠠ ᠪᠦᠳᠦᠭᠡᠭᠳᠡᠭᠦᠨ ᠤ ᠦᠵᠡᠭᠦᠯᠦᠯᠭᠡ | ᠂ ᠰᠤᠶᠤᠯ ᠪᠠ ᠰᠢᠨ᠎ᠠ ᠶᠢ ᠡᠭᠦᠳᠦᠨ ᠬᠦᠭᠵᠢᠬᠦᠯᠬᠦ ᠲᠤᠰᠬᠠᠢ ᠰᠡᠳᠦᠪᠳᠦ ᠶᠠᠷᠢᠯᠴᠠᠬᠤ ᠬᠤᠷᠠᠯ᠂ 100 ᠰᠤᠶᠤᠯ ᠤᠨ | ᠠᠵᠤ ᠠᠬᠤᠢᠢᠯᠠᠯ ᠦᠵᠡᠮᠵᠢ ᠶᠢᠨ ᠤᠷᠤᠨ ᠳᠤ ᠤᠷᠤᠬᠤ ᠠᠵᠢᠯᠯᠠᠭ᠎ᠠ᠂ ᠰᠤᠶᠤᠯ ᠤᠨ ᠪᠦᠳᠦᠭᠡᠯᠴᠢ ᠰᠠᠨᠠᠭ᠎ᠠ ᠪᠠ | ᠰᠢᠨ᠎ᠠ ᠶᠢ ᠡᠭᠦᠳᠬᠦ ᠪᠦᠳᠦᠭᠡᠭᠳᠡᠭᠦᠨ ᠤ ᠤᠷᠤᠯᠳᠤᠭᠠᠨ᠂ ᠲᠦᠷᠦᠯ ᠵᠦᠢᠯ ᠤᠨ ᠭᠡᠷ᠎ᠠ ᠲᠤᠭᠳᠠᠬᠤ ᠵᠡᠷᠭᠡ 5 | ᠠᠭᠤᠯᠭ᠎ᠠ ᠪᠠᠷ ᠪᠦᠷᠢᠯᠳᠦᠪᠡ᠃ ᠭᠤᠤᠯ ᠠᠭᠤᠯᠭ᠎ᠠ ᠪᠤᠯᠬᠤ ᠰᠤᠶᠤᠯ ᠤᠨ ᠪᠦᠳᠦᠭᠡᠯᠴᠢ ᠰᠠᠨᠠᠭ᠎ᠠ ᠪᠠ | ᠪᠦᠳᠦᠭᠡᠭᠳᠡᠭᠦᠨ ᠢ ᠲᠡᠯᠭᠡᠨ ᠦᠵᠡᠭᠦᠯᠬᠦ ᠠᠵᠢᠯᠯᠠᠭ᠎ᠠ ᠨᠢ ᠬᠡᠪᠯᠡᠯ ᠲᠠᠷᠬᠠᠭᠠᠯᠳᠠ᠂ ᠰᠤᠨᠢᠨ ᠮᠡᠳᠡᠭᠡ ᠷᠠᠳᠢᠣ᠋ ᠲᠧᠯᠸᠢᠰ᠂ | ᠰᠤᠶᠤᠯ ᠵᠤᠭᠠᠴᠠᠯ᠂ ᠭᠠᠷ ᠤᠷᠠᠯᠠᠯ᠂ ᠵᠢᠷᠤᠮᠠᠯ ᠺᠢᠨᠣ᠋ ᠺᠠᠷᠲ᠋ᠤᠨ ᠵᠦᠴᠦᠬᠡ ᠵᠡᠷᠭᠡ 10 ᠭᠠᠷᠤᠢ ᠬᠦᠷᠢᠶ᠎ᠠ ᠴᠠᠷᠠᠭ᠎ᠠ ᠶᠢ | ᠬᠠᠮᠤᠷᠤᠭᠰᠠᠨ ᠪᠠᠶᠢᠨ᠎ᠠ᠃ |