ᠪᠦᠬᠦ ᠣᠷᠣᠨ ᠤ 2016 ᠣᠨ ᠤ ᠠᠶᠤᠯ ᠥᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/6/30
     6 ᠳ᠋ᠤᠭᠠᠷ ᠰᠠᠷ᠎ᠠ ᠶᠢᠨ 24᠎ ᠤ ᠡᠳᠦᠷ᠂ ᠪᠦᠬᠦ ᠣᠷᠣᠨ ᠤ 2016 ᠣᠨ ᠤ ᠠᠶᠤᠯ ᠥᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃ ᠬᠤᠷᠠᠯ ᠳᠤ ᠪᠦᠬᠦ ᠤᠯᠤᠰ ᠤᠨ ᠠᠶᠤᠯ ᠥᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯᠳᠤᠭᠠᠨ ᠪᠣᠯᠤᠨ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ 2015 ᠣᠨ ᠤ ᠪᠠ 2016 ᠣᠨ ᠤ 1-5 ᠳ᠋ᠤᠭᠠᠷ ᠰᠠᠷ᠎ᠠ ᠶᠢᠨ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠠᠵᠢᠯ ᠤᠨ ᠪᠠᠶᠢᠳᠠᠯ ᠢ ᠨᠡᠪᠲᠡᠷᠡᠭᠦᠯᠵᠦ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠤᠳ ᠢ ᠰᠤᠳᠤᠯᠤᠨ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠶᠤᠯ ᠥᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠠᠶᠢᠮᠠᠭ ᠬᠤᠳᠠ ᠨᠤᠭᠤᠳ ᠣᠳᠣᠬᠠᠨ ᠤ ᠠᠶᠤᠯ ᠥᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠶᠡᠷᠦᠩᠭᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠰᠠᠭᠤᠷᠢ ᠨᠡᠯᠢᠶᠡᠳ ᠪᠠᠭᠤᠷᠠᠶ᠂ ᠠᠳᠡᠯ ᠭᠠᠷᠬᠤ ᠶᠡᠷᠦᠩᠬᠡᠶ ᠬᠡᠮᠵᠢᠶ᠎ᠡ ᠶᠡᠭᠡ᠂ ᠡ᠊ᠨᠳᠡᠯ ᠢ ᠰᠡᠷᠭᠡᠶᠢᠯᠡᠨ ᠬᠤᠷᠢᠭᠯᠠᠬᠤ ᠡᠭᠦᠷᠭᠡ ᠬᠦᠨᠳᠦ  ᠪᠡᠷᠬᠡ᠂ ᠶᠡᠷᠦᠩᠭᠡᠶᠢᠯᠡᠭᠰᠡᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠨᠢ ᠣᠳᠣᠬᠠᠨ ᠤ ᠠᠵᠢᠯ ᠤᠨ ᠬᠡᠷᠡᠭᠴᠡᠭᠡ ᠳᠤ ᠲᠣᠬᠢᠷᠠᠯᠴᠠᠬᠤ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠶᠢᠯᠡᠨ ᠵᠣᠬᠢᠴᠠᠭᠤᠯᠬᠤ᠂ ᠵᠢᠯᠣᠭᠤᠳᠤᠨ ᠰᠢᠮᠳᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠡᠷᠴᠢᠮ ᠢ ᠨᠡᠮᠡᠭᠳᠡᠭᠦᠯᠵᠦ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠭᠤᠣᠯᠳᠠᠯᠭ᠎ᠠ ᠶᠢ ᠲᠤᠪᠤᠶᠢᠯᠭᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠤᠨ ᠨᠠᠮ ᠵᠠᠰᠠᠭ ᠤᠨ ᠬᠠᠷᠢᠶᠠᠲᠤ ᠣᠷᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠠᠵᠢᠯ ᠲᠦᠷᠦᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠬᠠᠮᠢᠶ᠎ᠠ ᠪᠦᠬᠦᠢ ᠠᠵᠢᠯ ᠲᠥᠷᠥᠯ ᠤᠨ ᠬᠦᠷᠢᠶᠡᠨ ᠤ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠎ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠭᠡᠷᠡᠭᠲᠡᠢ ᠭᠡᠵᠡᠢ᠃      ᠡᠯ᠎ᠡ ᠠᠶᠢᠮᠠᠭ ᠬᠤᠳᠠ᠂ ᠮᠠᠨᠵᠤᠤᠷ ᠬᠤᠳᠠ᠂ ᠡᠷᠢᠶᠡᠨ ᠬᠤᠳᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号