ᠰᠣᠶᠣᠯ ᠬᠢᠭᠡᠳ ᠰᠢᠨ᠎ᠠ ᠶᠢ ᠡᠭᠦᠳᠤᠨ ᠬᠦᠭᠵᠢᠬᠦᠯᠬᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/6/30
     6 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠰᠤᠶᠤᠯ ᠤᠨ ᠠᠵᠤ ᠦᠢᠯᠡᠰ ᠤᠨ ᠦᠵᠡᠰᠭᠦᠯᠡᠩ ᠤᠨ ︽ᠰᠤᠶᠤᠯ ᠬᠢᠭᠡᠳ ᠰᠢᠨ᠎ᠠ ᠶᠢ ᠡᠭᠦᠳᠤᠨ ᠬᠦᠭᠵᠢᠬᠦᠯᠬᠦ︾᠎ ᠶᠢᠨ ᠳᠤᠬᠠᠢ ᠰᠤᠳᠤᠯᠤᠨ ᠶᠠᠷᠢᠯᠴᠠᠬᠤ ᠬᠤᠷᠠᠯ ᠬᠢᠵᠤ᠂ ᠬᠡᠷᠬᠢᠨ ᠰᠢᠨ᠎ᠠ ᠶᠢ ᠡᠭᠦᠳᠭᠦ ᠬᠦᠭᠵᠢᠯᠳᠡ ᠶᠢᠨ ᠣᠨᠣᠯᠵᠢᠬᠤᠨ ᠢᠶᠠᠷ ᠦᠨᠳᠦᠰᠦᠳᠠᠨ ᠤ ᠤᠷᠤᠨ ᠤ ᠰᠤᠶᠤᠯ ᠤᠨ ᠬᠦᠴᠦᠷᠭᠡᠭ ᠤᠷᠤᠨ ᠤ ᠪᠦᠳᠦᠭᠡᠨ ᠪᠠᠶᠢᠭᠤᠯᠤᠯᠳᠠ ᠶᠢ ᠬᠦᠳᠦᠯᠦᠨ ᠵᠢᠯᠤᠭᠤᠳᠬᠤ᠂ ᠰᠤᠶᠤᠯ ᠤᠨ ᠦᠷᠨᠢᠩᠬᠦᠢ ᠬᠦᠭᠵᠢᠯᠳᠡ ᠶᠢ ᠬᠡᠷᠬᠢᠨ ᠠᠬᠢᠭᠤᠯᠬᠤ ᠬᠡᠬᠦ ᠰᠡᠳᠦᠪ ᠤᠨ ᠲᠤᠭᠤᠷᠢᠨ ᠳᠤ ᠰᠤᠳᠤᠯᠤᠨ ᠶᠠᠷᠢᠯᠴᠠᠵᠤ᠂ ᠰᠢᠨ᠎ᠠ ᠪᠠᠶᠢᠳᠠᠯ ᠳᠤᠤᠷᠠᠬᠢ ᠰᠤᠶᠤᠯ ᠤᠨ ᠠᠵᠤ ᠦᠢᠯᠡᠰ ᠤᠨ ᠰᠢᠨ᠎ᠠ ᠶᠢ ᠡᠭᠦᠳᠭᠦ ᠬᠦᠭᠵᠢᠯᠳᠡ ᠶᠢᠨ ᠰᠢᠨ᠎ᠠ ᠠᠷᠭ᠎ᠠ ᠵᠠᠮ ᠢ ᠰᠦᠪᠡᠭᠴᠢᠯᠡᠵᠤ᠂ ᠮᠠᠨ ᠤ ᠤᠷᠤᠨ ᠤ ᠰᠤᠶᠤᠯ ᠤᠨ ᠠᠵᠤ ᠦᠢᠯᠡᠰ ᠤᠨ ᠳᠠᠪᠠᠯᠳᠠ ᠶᠢᠨ ᠴᠢᠨᠠᠷᠳᠠᠢ ᠬᠦᠭᠵᠢᠯᠳᠡ ᠳᠤ ᠤᠨᠤᠯ ᠤᠨ ᠳᠡᠮᠵᠢᠯᠭᠡ ᠬᠢᠭᠡᠳ ᠤᠶᠤᠨ ᠤ ᠳᠡᠮᠵᠢᠯᠭᠡ ᠬᠠᠩᠭᠠᠬᠤ ᠶᠢ ᠵᠤᠷᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠤᠯᠠᠭᠠᠨ ᠬᠤᠷᠠᠯ ᠳᠤ ᠤᠷᠤᠯᠴᠠᠵᠤ ᠶᠡᠷᠢᠶ᠎ᠠ ᠳᠠᠯᠪᠢᠪᠠ᠃      ᠤᠯᠠᠭᠠᠨ ᠶᠠᠷᠢᠶᠠᠨ ᠳᠠᠭᠠᠨ᠂ ᠰᠤᠶᠤᠯ ᠤᠨ ᠰᠢᠨ᠎ᠠ ᠶᠢ ᠡᠭᠦᠳᠭᠦ ᠬᠦᠭᠵᠢᠯᠳᠡ ᠶᠢ ᠠᠬᠢᠭᠤᠯᠬᠤ ᠪᠤᠯ ᠨᠢᠭᠡᠨ ᠴᠢᠬᠤᠯᠠ  ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠤᠨ᠎ᠠ᠃ ᠰᠤᠶᠤᠯ ᠤᠨ ᠬᠦᠷᠢᠶ᠎ᠠ ᠬᠡᠪᠴᠢᠶ᠎ᠠ ᠠᠴᠠ ᠶᠠᠷᠢᠬᠤ ᠳᠤ᠂ ᠰᠢᠨ᠎ᠠ ᠶᠢ ᠡᠭᠦᠳᠭᠦ ᠶᠢᠨ ᠪᠠᠶᠢᠷᠢ ᠰᠠᠭᠤᠷᠢ᠂ ᠴᠢᠳᠠᠪᠬᠢ ᠪᠤᠯᠤᠨ ᠦᠨ᠎ᠡ ᠦᠷᠳᠡᠭ ᠢ ᠡᠷᠬᠡᠪᠰᠢ ᠬᠦᠨᠵᠡᠭᠡᠢ ᠳᠠᠨᠢᠵᠤ᠂ ᠰᠤᠶᠤᠯ ᠤᠨ ᠰᠢᠨ᠎ᠠ ᠶᠢ ᠡᠭᠦᠳᠭᠦ ᠬᠦᠭᠵᠢᠯᠳᠡ ᠶᠢ ᠠᠬᠢᠭᠤᠯᠬᠤ ᠬᠠᠷᠢᠭᠤᠴᠠᠯᠭᠠᠳᠤ ᠰᠡᠳᠬᠢᠯᠭᠡ ᠪᠠᠨ ᠦᠨᠡᠨᠭᠦ ᠴᠢᠩᠭᠠᠷᠠᠭᠤᠯᠬᠤ ᠬᠡᠷᠡᠭᠳᠠᠢ᠃ ᠴᠢᠨᠡᠭᠡᠯᠢᠭᠵᠢᠯ ᠰᠤᠶᠤᠯ ᠢ ᠪᠦᠳᠦᠭᠡᠨ ᠪᠠᠶᠢᠭᠤᠯᠬᠤ ᠳᠤ ᠡᠷᠬᠡᠪᠰᠢ ᠰᠤᠶᠤᠯ ᠤᠨ ᠬᠦᠭᠵᠢᠯᠳᠡ ᠶᠢ ᠭᠤᠤᠯᠯᠠᠬᠤ ᠪᠠᠶᠢᠷᠢᠨ ᠳᠤ ᠳᠠᠯᠪᠢᠬᠤ ᠬᠡᠷᠡᠭᠳᠠᠢ᠂ ᠰᠢᠨ᠎ᠠ ᠬᠡᠪ ᠪᠠᠶᠢᠳᠠᠯ ᠲᠠᠢ ᠵᠤᠬᠢᠴᠠᠬᠤ ᠳᠤ ᠡᠷᠬᠡᠪᠰᠢ ᠰᠢᠨ᠎ᠠ ᠶᠢ ᠡᠭᠦᠳᠭᠦ ᠶᠢ ᠰᠤᠶᠤᠯ ᠤᠨ ᠬᠦᠭᠵᠢᠯᠳᠡ ᠶᠢᠨ ᠨᠢᠭᠡᠳᠦᠭᠡᠷ ᠬᠦᠳᠡᠯᠭᠡᠭᠴᠢ ᠬᠦᠴᠤᠨ ᠪᠤᠯᠭᠠᠬᠤ ᠬᠡᠷᠡᠭᠳᠠᠢ᠂ ᠤᠯᠠᠨ ᠢᠶᠠᠷ ᠢᠶᠠᠨ ᠰᠢᠨ᠎ᠠ ᠶᠢ ᠡᠭᠦᠳᠴᠦ ᠨᠡᠶᠢᠳᠡ ᠪᠠᠷ ᠢᠶᠠᠨ ᠦᠢᠯᠡᠰ ᠪᠤᠰᠬᠠᠬᠤ ᠳᠤ ᠡᠷᠬᠡᠪᠰᠢ ᠰᠢᠨ᠎ᠠ ᠶᠢ ᠡᠭᠦᠳᠭᠦ ᠶᠢ ᠰᠤᠶᠤᠯ ᠤᠨ ᠬᠦᠭᠵᠢᠯᠳᠡ ᠶᠢᠨ ᠰᠤᠳᠠᠰᠤ ᠪᠤᠯᠭᠠᠬᠤ ᠬᠡᠷᠡᠭᠳᠠᠢ᠃ ᠰᠤᠶᠤᠯ ᠤᠨ ᠰᠢᠨ᠎ᠠ ᠶᠢ ᠡᠭᠦᠳᠭᠦ ᠬᠦᠭᠵᠢᠯᠳᠡ ᠶᠢ ᠠᠬᠢᠭᠤᠯᠬᠤ ᠪᠤᠯ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠤᠯᠤᠨ᠎ᠠ᠂ ᠪᠠᠰᠠᠴᠦ ᠰᠤᠶᠤᠯ ᠤᠨ ᠠᠵᠤ ᠦᠢᠯᠡᠰ ᠤᠨ ᠬᠦᠷᠢᠶ᠎ᠠ ᠬᠡᠪᠴᠢᠶ᠎ᠠ ᠶᠢᠨ ᠬᠢᠨ ᠤ ᠠᠵᠢᠯ ᠤᠨ ᠰᠢᠨ᠎ᠠ ᠭᠠᠷᠤᠭ᠎ᠠ ᠠᠴᠠ ᠨᠡᠩ ᠦᠨᠳᠦᠷ ᠲᠦᠪᠰᠢᠨ ᠳᠤ ᠬᠦᠷᠭᠦ ᠶᠢᠨ ᠵᠠᠶᠢᠯᠠᠰᠢ ᠦᠭᠡᠢ ᠰᠤᠩᠭᠤᠯᠳᠠ ᠪᠤᠯᠤᠨ᠎ᠠ ᠬᠡᠵᠦ ᠵᠢᠭᠠᠵᠦ ᠭᠠᠷᠭᠠᠪᠠ᠃      ᠤᠯᠠᠭᠠᠨ ᠶᠡᠷᠢᠶᠠᠨ ᠳᠠᠭᠠᠨ᠂ ᠰᠢᠨ᠎ᠠ ᠶᠢ ᠡᠭᠦᠳᠭᠦ ᠬᠦᠭᠵᠢᠯᠳᠡ ᠶᠢᠨ ᠣᠨᠣᠯᠵᠢᠬᠤᠨ ᠢᠶᠠᠷ ᠮᠠᠨ ᠤ ᠤᠷᠤᠨ ᠤ ᠰᠤᠶᠤᠯ ᠤᠨ ᠦᠷᠨᠢᠩᠬᠦᠢ ᠬᠦᠭᠵᠢᠯᠳᠡ ᠶᠢ ᠬᠦᠳᠦᠯᠦᠨ ᠵᠢᠯᠤᠭᠤᠳᠬᠤ ᠬᠡᠷᠡᠭᠳᠠᠢ᠃ ᠰᠡᠳᠬᠢᠭᠦᠢ ᠶᠢᠨ ᠰᠢᠨ᠎ᠠ ᠶᠢ ᠡᠭᠦᠳᠭᠦ ᠪᠠᠷ ᠳᠠᠮᠵᠢᠨ ᠰᠤᠶᠤᠯ ᠤᠨ ᠬᠦᠭᠵᠢᠯᠳᠡ ᠶᠢᠨ ᠴᠢᠭᠯᠡᠯ ᠢ ᠬᠦᠳᠦᠯᠦᠨ ᠵᠢᠯᠤᠭᠤᠳᠬᠤ ᠬᠡᠷᠡᠭᠳᠠᠢ᠂ ᠠᠭᠤᠯᠭ᠎ᠠ ᠶᠢᠨ ᠰᠢᠨ᠎ᠠ ᠶᠢ ᠡᠭᠦᠳᠭᠦ ᠬᠠᠩᠭᠠᠯᠭ᠎ᠠ ᠪᠠᠷ ᠳᠠᠮᠵᠢᠨ ᠰᠤᠶᠤᠯ ᠤᠨ ᠪᠦᠳᠦᠭᠡᠭᠳᠡᠭᠦᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠳᠠᠢ᠂ ᠰᠤᠶᠤᠯ ᠤᠨ ᠠᠵᠢᠯ ᠲᠦᠷᠦᠯ ᠤᠨ ᠪᠠᠶᠢᠳᠠᠯ ᠤᠨ ᠰᠢᠨ᠎ᠠ ᠶᠢ ᠡᠭᠦᠳᠭᠦ ᠪᠠᠷ ᠳᠠᠮᠵᠢᠨ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠭᠦ ᠶᠢ ᠠᠬᠢᠭᠤᠯᠬᠤ ᠬᠡᠷᠡᠭᠳᠠᠢ᠂ ᠳᠤᠭᠳᠠᠴᠠ ᠪᠠᠶᠢᠭᠤᠯᠤᠮᠵᠢ ᠶᠢᠨ ᠰᠢᠨ᠎ᠠ ᠶᠢ ᠡᠭᠦᠳᠭᠦ ᠪᠠᠷ ᠳᠠᠮᠵᠢᠨ ᠰᠤᠶᠤᠯ ᠤᠨ ᠬᠦᠭᠵᠢᠯᠳᠡ ᠶᠢᠨ ᠠᠮᠢᠵᠢᠷᠠᠯ ᠤᠨ ᠬᠦᠴᠤᠨ ᠢ ᠪᠠᠳᠠᠷᠠᠭᠤᠯᠬᠤ ᠬᠡᠷᠡᠭᠳᠠᠢ᠃ ᠰᠤᠶᠤᠯ ᠤᠨ ᠰᠢᠨ᠎ᠠ ᠶᠢ ᠡᠭᠦᠳᠭᠦ ᠬᠦᠭᠵᠢᠯᠳᠡ ᠳᠤᠮᠳᠠᠬᠢ ᠴᠢᠳᠠᠪᠤᠷᠢᠳᠠᠨ ᠤ ᠳᠡᠷᠢᠭᠦᠨ ᠴᠢᠬᠤᠯᠠ ᠡᠬᠢ ᠪᠠᠶᠠᠯᠢᠭ ᠪᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠦᠨᠳᠦᠷ ᠳᠡᠭᠡᠳᠦ ᠳᠡᠪᠬᠤᠷᠭ᠎ᠠ ᠶᠢᠨ ᠰᠤᠶᠤᠯ ᠤᠨ ᠴᠢᠳᠠᠪᠤᠷᠢᠳᠠᠨ ᠢ ᠬᠦᠮᠦᠵᠢᠭᠦᠯᠬᠦ᠂ ᠳᠡᠭᠡᠳᠦ ᠳᠡᠰ ᠤᠨ ᠪᠦᠳᠦᠭᠡᠯᠴᠢ ᠴᠢᠨᠠᠷᠳᠠᠢ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠰᠢᠯᠢᠳᠡᠭ ᠰᠤᠶᠤᠯ ᠤᠨ ᠴᠢᠳᠠᠪᠤᠷᠢᠳᠠᠨ ᠢ ᠱᠠᠩᠨᠠᠨ ᠬᠦᠬᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠠᠢ ᠬᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号