ᠪᠦᠬᠦ ᠤᠯᠤᠰ ᠤᠨ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/6/30
     ᠣᠶᠢᠷ᠎ᠠ ᠳᠤ᠂ ᠪᠦᠬᠦ ᠤᠯᠤᠰ ᠤᠨ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠ ᠠᠰ ᠲᠠᠭᠠᠨ ᠲᠥᠯᠥᠪᠯᠡᠭᠡ ᠲᠠᠢ ᠬᠤᠳᠠ᠂ ᠲᠤᠰᠬᠠᠶ ᠣᠷᠣᠨ ᠪᠠ ᠬᠤᠳᠠ ᠶᠢᠨ ᠳᠡᠰ ᠤᠨ ᠲᠤᠰᠬᠠᠶ ᠮᠡᠷᠭᠡᠵᠢᠯ ᠤᠨ ᠰᠢᠷᠬᠡᠭ ᠪᠠᠶᠢᠴᠠᠭᠠᠬᠤ ᠪᠠᠶᠢᠭᠤᠯᠤᠮᠵᠢ ᠶᠢᠨ 50 ᠭᠠᠷᠤᠶ ᠲᠥᠯᠥᠭᠡᠯᠡᠭᠴᠢᠳ ᠬᠤᠷᠠᠯ ᠳᠤ ᠣᠷᠣᠯᠴᠠᠵᠠᠶ᠃ ᠳᠤᠮᠳᠠᠳᠤ ᠤᠯᠤᠰ ᠤᠨ ᠰᠢᠷᠬᠡᠭᠯᠢᠭ ᠰᠢᠯᠭᠠᠨ ᠪᠠᠶᠢᠴᠠᠭᠠᠬᠤ ᠲᠣᠪᠴᠢᠶᠠᠨ ᠤ ᠳᠡᠳ᠋ ᠳᠠᠷᠤᠭ᠎ᠠ ᠸᠠᠩ ᠳ᠋ᠠᠨ ᠲᠤᠤ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶᠠᠨ ᠤ ᠳᠡᠳ᠋ ᠳᠠᠷᠤᠭ᠎ᠠ ᠮᠠ ᠳ᠋ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠂ ᠳᠤᠮᠳᠠᠳᠤ ᠤᠯᠤᠰ ᠤᠨ ᠰᠢᠷᠬᠡᠭᠯᠢᠭ ᠰᠢᠯᠭᠠᠨ ᠪᠠᠶᠢᠴᠠᠭᠠᠬᠤ ᠲᠣᠪᠴᠢᠶ᠎ᠠ ᠶᠢᠨ ᠬᠠᠮᠢᠶ᠎ᠠ ᠪᠥᠬᠦᠢ ᠭᠠᠵᠠᠷ ᠭᠡᠷ ᠤᠨ ᠤᠳᠤᠷᠢᠳᠤᠯᠭ᠎ᠠ ᠵᠢᠴᠢ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶᠠᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ 2015 ᠣᠨ ᠤ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠠᠵᠢᠯ ᠢ ᠬᠢᠨᠠᠮᠠᠭᠠᠶ ᠳ᠋ᠦᠩᠨᠡᠭᠰᠡᠨ ᠬᠠᠮᠲᠤ ᠬᠥᠪᠥᠩ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠠᠯᠪᠠᠨ ᠭᠡᠷᠡᠴᠢᠯᠡᠭᠡ ᠬᠢᠬᠦ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠶᠠᠪᠤᠭᠤᠯᠬᠤ︶ ᠪᠠ ᠰᠢᠷᠬᠡᠭᠯᠢᠭ ᠤᠨ ᠪᠤᠰᠤ ᠰᠢᠯᠭᠠᠨ ᠪᠠᠶᠢᠴᠠᠭᠠᠯᠲᠠ ᠶᠢᠨ ᠠᠯᠪᠠᠨ ᠭᠡᠷᠡᠴᠢᠯᠡᠭᠡ ᠬᠢᠬᠦ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ ᠵᠢᠴᠢ ᠠᠵᠢᠯ ᠤᠨ ᠲᠥᠷᠢᠮ ᠢ ᠨᠠᠷᠢᠨ ᠭᠦᠨᠵᠡᠭᠡᠶ ᠶᠠᠷᠢᠯᠴᠠᠵᠤ᠂ ᠬᠤᠷᠠᠯ ᠳᠤ ᠤᠷᠤᠭᠰᠠᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠬᠤᠷᠢᠶᠠᠭᠰᠠᠨ ᠤ ᠬᠠᠮᠲᠤ 2016 ᠣᠨ ᠤ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号