ᠥᠪᠥᠷ ᠮᠣᠩᠭᠤᠯ᠄ ᠡᠯ᠎ᠡ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠰᠠᠯᠠᠭ᠎ᠠ ᠲᠠᠰᠤᠭ ᠶᠢᠨ ᠲᠦᠷᠢᠶᠡᠰᠦᠯᠡᠭᠦᠯᠦᠨ ᠲᠠᠭᠠᠭᠠᠴᠢᠯᠠᠭᠤᠯᠬᠤ ᠶᠢ ᠬᠤᠷᠢᠭᠯᠠᠨ᠎ᠠ
ᠨᠡᠶᠢᠲᠡᠯᠡᠭᠰᠡᠨ ᠴᠠᠭ᠄
2016/6/30
     ᠥᠪᠥᠷ ᠮᠣᠩᠭᠤᠯ ᠡᠯ᠎ᠡ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠠᠯᠠᠭ᠎ᠠ ᠲᠡᠰᠤᠬ ᠤᠨ ᠬᠠᠮᠢᠶᠠᠷᠤᠯᠲᠠ ᠶᠢ ᠴᠡᠪᠡᠷᠯᠡᠨ ᠴᠡᠭᠴᠡᠯᠡᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠠᠯᠠᠭ᠎ᠠ ᠲᠡᠰᠤᠬ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠠᠯᠠᠭ᠎ᠠ ᠲᠠᠰᠤᠭ ᠶᠢᠨ ᠲᠦᠷᠢᠶᠡᠰᠦᠯᠡᠭᠦᠯᠦᠨ ᠲᠠᠭᠠᠭᠠᠴᠢᠯᠠᠭᠤᠯᠬᠤ ᠶᠢ ᠬᠤᠷᠢᠭᠯᠠᠪᠠ᠃      ᠡᠩ ᠲᠡᠷᠢᠭᠦᠨ ᠳᠤ ᠰᠠᠯᠠᠭ᠎ᠠ ᠲᠠᠰᠤᠭ ᠢᠶᠠᠨ ᠲᠦᠷᠢᠶᠡᠰᠦᠯᠡᠭᠦᠯᠦᠨ ᠲᠠᠭᠠᠭᠠᠴᠢᠯᠠᠭᠤᠯᠬᠤ ᠦᠵᠡᠭᠳᠡᠯ ᠢ ᠴᠡᠪᠡᠷᠯᠡᠨ ᠴᠡᠭᠴᠡᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠳ ᠳᠣᠲᠣᠭᠠᠳᠤ ᠳᠠᠭᠠᠨ ᠠᠵᠤ ᠠᠬᠤᠶ ᠶᠢᠨ ᠪᠡᠶ᠎ᠡ ᠪᠠᠨ ᠳᠠᠭᠠᠭᠠᠵᠤ ᠲᠣᠭᠠᠴᠠᠭ᠎ᠠ ᠬᠢᠬᠦ᠂ ᠭᠠᠳᠠᠭᠰᠢ ᠪᠠᠨ ᠬᠠᠮᠲᠤᠷᠠᠨ ᠠᠵᠢᠯᠯᠠᠵᠤ ᠪᠠᠶᠢᠭ᠎ᠠ ᠰᠠᠯᠠᠭ᠎ᠠ ᠲᠠᠰᠤᠭ᠂ ᠲᠦᠷᠦᠯ ᠵᠦᠢᠯ ᠡᠰᠡᠭᠦᠯ᠎ᠡ ᠪᠤᠰᠤᠳ ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ ᠪᠠᠶᠢᠭ᠎ᠠ ᠪᠠᠶᠢᠳᠠᠯ ᠢ ᠦᠪᠡᠷ ᠢᠶᠠᠨ ᠪᠠᠶᠢᠴᠠᠭᠠᠯᠲᠠ ᠬᠢᠵᠦ ᠴᠡᠪᠡᠷᠯᠡᠬᠦ ᠬᠡᠷᠡᠭᠲᠡᠢ᠃ ᠨᠢᠭᠡᠨᠲᠡ ᠲᠦᠷᠢᠶᠡᠰᠦᠯᠡᠭᠰᠡᠨ᠂ ᠬᠡᠯᠪᠡᠷᠢ ᠶᠢ ᠨᠢ ᠥᠭᠡᠷᠡᠲᠡᠭᠦᠯᠦᠨ ᠲᠦᠷᠢᠶᠡᠰᠦᠯᠡᠭᠦᠯᠦᠨ ᠳᠠᠭᠠᠭᠠᠴᠢᠯᠠᠭᠤᠯᠤᠭᠰᠠᠨ ᠪᠤᠶᠤ ᠲᠣᠭᠲᠠᠭᠠᠯ ᠠᠴᠠ ᠵᠥᠷᠢᠴᠡᠨ ᠬᠠᠮᠲᠤᠷᠠᠨ ᠬᠢᠵᠦ ᠪᠠᠶᠢᠭ᠎ᠠ ᠲᠥᠷᠥᠯ ᠵᠦᠢᠯ ᠢ ᠡᠷᠬᠡᠪᠰᠢ ᠬᠦᠴᠦᠨ ᠦᠭᠡᠶ ᠪᠣᠯᠭᠠᠬᠤ ᠪᠤᠶᠤ ᠡᠴᠦᠰᠯᠡᠭᠦᠯᠬᠦ ᠬᠡᠷᠡᠭᠲᠡᠶ᠃      ᠡᠯ᠎ᠡ ᠠᠶᠢᠮᠠᠭ ᠬᠤᠳᠠ᠂ ᠬᠤᠰᠢᠭᠤ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠠᠯᠠᠭ᠎ᠠ ᠲᠠᠰᠤᠭ ᠢᠶᠠᠨ ᠲᠦᠷᠢᠶᠡᠰᠦᠯᠡᠭᠦᠯᠦᠭᠰᠡᠨ ᠪᠤᠶᠤ ᠬᠡᠯᠪᠡᠷᠢ ᠶᠢ ᠨᠢ ᠦᠭᠡᠷᠡᠲᠡᠭᠦᠯᠦᠨ ᠲᠦᠷᠢᠶᠡᠰᠦᠯᠡᠭᠦᠯᠦᠭᠰᠡᠨ ᠪᠠᠶᠢᠳᠠᠯ ᠢ ᠵᠦᠢᠯ ᠳᠠᠷᠠᠭᠠᠯᠠᠨ ᠬᠢᠨᠠᠮᠠᠭᠠᠢ ᠪᠠᠶᠢᠴᠠᠭᠠᠬᠤ ᠶᠢᠨ ᠬᠠᠮᠲᠤ ᠰᠢᠮᠳᠠᠭᠤᠯᠵᠤ ᠴᠡᠭᠴᠡᠯᠡᠨ ᠵᠠᠯᠠᠷᠠᠭᠤᠯᠬᠤ ᠬᠡᠷᠡᠭᠲᠡᠶ᠃ ᠲᠦᠷᠢᠶᠡᠰᠦᠯᠡᠭᠦᠯᠵᠦ ᠲᠠᠭᠠᠭᠠᠴᠢᠯᠠᠭᠤᠯᠬᠤ ᠦᠵᠡᠭᠳᠡᠯ ᠲᠠᠢ ᠰᠠᠯᠠᠭ᠎ᠠ ᠲᠠᠰᠤᠭ ᠢ ᠪᠠᠶᠢᠴᠠᠭᠠᠨ ᠲᠤᠳᠤᠯᠠᠪᠠᠯ᠂ ︽ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠲᠣᠭᠲᠠᠭᠠᠯ ᠶᠤᠰᠤᠭᠠᠷ ᠴᠢᠩᠭ᠎ᠠ ᠪᠠᠷ ᠰᠢᠢᠳᠪᠦᠷᠢᠯᠡᠬᠦ ᠬᠡᠷᠡᠭᠲᠡᠶ︔ ᠠᠰᠠᠭᠤᠳᠠᠯ ᠣᠷᠣᠰᠢᠵᠤ ᠪᠠᠶᠢᠲᠠᠯ᠎ᠠ ᠴᠡᠭᠴᠡᠯᠡᠨ ᠦᠭᠡᠷᠡᠴᠢᠯᠡᠬᠦ ᠶᠢ ᠲᠡᠪᠴᠢᠬᠦ ᠪᠤᠶᠤ ᠴᠡᠭᠴᠡᠯᠡᠨ ᠦᠭᠡᠷᠡᠴᠢᠯᠡᠭᠰᠡᠨ ᠢᠶᠠᠷ ᠬᠦᠷᠦᠯᠴᠡᠬᠦ ᠦᠭᠡᠢ ᠪᠠᠶᠢᠪᠠᠯ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠠᠴᠠ ᠵᠠᠪᠠᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃       ᠳᠠᠷᠠᠭ᠎ᠠ ᠳᠤᠨᠢ᠂ ᠰᠠᠯᠠᠭ᠎ᠠ ᠲᠠᠰᠤᠭ ᠲᠦᠷᠢᠶᠡᠰᠦᠯᠡᠭᠦᠯᠵᠦ ᠲᠠᠭᠠᠭᠠᠴᠢᠯᠠᠭᠤᠯᠬᠤ ᠠᠰᠠᠭᠤᠳᠠᠯ ᠤᠨ ᠬᠦᠨᠳᠦ ᠨᠣᠴᠢᠲᠠᠶ ᠴᠢᠨᠠᠷ ᠢ ᠭᠦᠢᠴᠡᠳ ᠲᠠᠨᠢᠬᠤ ᠬᠡᠷᠡᠭᠲᠡᠶ᠃ ︽ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠦᠷᠢᠮ︾᠎ ᠤᠨ ᠬᠤᠷᠢᠨ ᠭᠤᠷᠪᠠᠳᠤᠭᠠᠷ ᠵᠦᠢᠯ ᠳᠤ᠄ ︽ᠡᠮ ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ︾᠎ ᠢ ᠬᠠᠭᠤᠷᠮᠠᠭᠯᠠᠨ ᠵᠤᠬᠢᠶᠠᠬᠤ᠂ ᠪᠠᠯᠠᠯᠤᠨ ᠵᠠᠰᠠᠬᠤ᠂ ᠬᠤᠳᠠᠯᠳᠤᠬᠤ᠂ ᠰᠢᠯᠵᠢᠭᠦᠯᠦᠨ ᠦᠭᠬᠦ᠂ ᠵᠢᠭᠡᠯᠡᠭᠦᠯᠵᠦ ᠪᠤᠯᠬᠤ ᠦᠭᠡᠢ᠃ ᠰᠠᠯᠠᠭ᠎ᠠ ᠲᠠᠰᠤᠭ ᠲᠦᠷᠢᠶᠡᠰᠦᠯᠡᠭᠦᠯᠬᠦ ᠶᠢ ᠰᠢᠨᠵᠢ ᠴᠢᠨᠠᠷ ᠠᠴᠠ ᠨᠢ ᠠᠪᠴᠤ ᠬᠡᠯᠡᠪᠡᠯ ᠳᠠᠷᠤᠶ ᠨᠢᠭᠡ ᠵᠦᠢᠯ ᠤᠨ ᠬᠡᠯᠪᠡᠷᠢ ᠶᠢ ᠨᠢ  ᠦᠭᠡᠷᠡᠲᠡᠭᠦᠯᠦᠭᠰᠡᠨ ︽ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠰᠢᠶᠡᠷᠡᠯ ᠤᠨ ᠦᠨᠡᠮᠯᠡᠯ︾᠎ ᠢ ᠰᠢᠯᠵᠢᠭᠦᠯᠦᠨ ᠦᠭᠭᠦᠭᠰᠡᠨ ᠪᠠ ᠵᠢᠭᠡᠯᠡᠭᠦᠯᠦᠭᠰᠡᠨ ᠶᠠᠪᠤᠳᠠᠯ ᠪᠤᠯᠤᠨ᠎ᠠ᠃ ᠵᠠᠷᠢᠮ ᠡᠮ ᠡᠮᠨᠡᠯᠭᠡ ᠶᠢᠨ ᠪᠠᠶᠢᠭᠤᠯᠤᠮᠵᠢ ᠡᠯ᠎ᠡ ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠠᠯᠠᠭ᠎ᠠ ᠲᠠᠰᠤᠭ ᠲᠦᠷᠢᠶᠡᠰᠦᠯᠡᠭᠦᠯᠬᠦ ᠪᠠ ᠲᠠᠭᠠᠭᠠᠴᠢᠯᠠᠭᠤᠯᠬᠤ ᠶᠢ ᠴᠢᠩᠭ᠎ᠠ ᠴᠠᠭᠠᠵᠠᠯᠠᠬᠤ ᠲᠤᠭᠲᠠᠭᠠᠯ ᠢ ᠦᠯᠦ ᠬᠠᠶᠢᠬᠤᠷᠤᠨ᠂ ᠡᠮᠴᠢᠯᠡᠭᠡᠨ ᠤ ᠰᠠᠯᠠᠭ᠎ᠠ ᠲᠠᠰᠤᠭ ᠢ  ᠬᠠᠤᠯᠢ ᠠᠴᠠ ᠵᠦᠷᠢᠴᠡᠨ᠂ ᠳᠦᠷᠢᠮ ᠠᠴᠠ ᠵᠦᠷᠢᠴᠡᠨ ᠲᠦᠷᠢᠶᠡᠰᠦᠯᠡᠭᠦᠯᠬᠦ ᠪᠤᠶᠤ ᠬᠡᠯᠪᠡᠷᠢ ᠶᠢ ᠨᠢ ᠥᠭᠡᠷᠡᠲᠡᠭᠦᠯᠦᠨ ᠲᠦᠷᠢᠶᠡᠰᠦᠯᠡᠭᠦᠯᠦᠨ ᠠᠵᠤ ᠠᠬᠤᠶ ᠶᠢᠨ ᠠᠰᠢᠭ ᠲᠤᠰᠠ ᠤᠯᠵᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠣᠮᠲᠣᠭᠠᠶᠢᠯᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠬᠦᠨᠳᠦ ᠨᠣᠴᠢᠲᠠᠶ ᠵᠥᠷᠢᠴᠡᠵᠦ᠂ ᠤᠯᠠᠨ ᠲᠦᠮᠡᠨ ᠤ ᠡᠷᠡᠭᠦᠯ ᠮᠡᠨᠳᠦ ᠶᠢᠨ ᠡᠷᠬᠡ ᠠᠰᠢᠭ ᠲᠤ ᠬᠤᠬᠢᠷᠠᠯ ᠤᠴᠠᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号