| | | 5 ᠳ᠋ᠤᠭᠠᠷ ᠰᠠᠷ᠎ᠠ ᠶᠢᠨ 23 —24 ᠤ ᠡᠳᠦᠷ ᠪᠣᠯᠲᠠᠯ᠎ᠠ᠂ ᠪᠥᠬᠦ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠡᠵᠡᠩᠨᠡᠯᠲᠡ ᠬᠠᠮᠢᠶᠠᠷᠤᠯᠲᠠ ᠵᠢᠴᠢ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ | ᠲᠣᠭᠲᠠᠭᠠᠵᠤ ᠲᠠᠩᠰᠠᠯᠠᠨ ᠦᠨᠡᠮᠯᠡᠯ ᠣᠯᠭᠤᠬᠤ ᠠᠵᠢᠯ ᠤᠨ ᠬᠤᠷᠠᠯ ᠢ ᠲᠦᠩᠯᠢᠶᠣᠤ ᠬᠤᠲᠠ ᠶᠢᠨ ᠨᠠᠢᠮᠠᠨ ᠬᠤᠰᠢᠭᠤᠨ | ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ | ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠤᠭᠲᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠭᠦᠸᠧ ᠯᠢᠨ ᠬᠤᠷᠠᠯ ᠳᠤ ᠣᠷᠣᠯᠴᠠᠵᠤ | ᠴᠢᠬᠤᠯᠠ ᠶᠠᠷᠢᠶ᠎ᠠ ᠲᠠᠯᠪᠢᠵᠠᠶ᠃ ᠲᠡᠷᠡ ︽12᠂ 5︾ ᠶᠢᠨ ᠬᠤᠭᠤᠴᠠᠭᠠᠨ ᠳᠠᠬᠢ ᠡᠵᠡᠩᠨᠡᠨ ᠬᠠᠮᠢᠶᠠᠷᠤᠯᠲᠠ ᠶᠢᠨ | ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠲᠣᠪᠴᠢ ᠡᠷᠭᠢᠴᠡᠭᠦᠯᠵᠦ᠂ ᠳᠠᠷᠠᠭ᠎ᠠ ᠠᠯᠬᠤᠮ ᠤᠨ | ᠥᠭᠡᠷᠡᠴᠢᠯᠡᠯᠲᠡ ᠶᠢᠨ ᠬᠤᠭᠤᠴᠠᠭᠠᠨ ᠳᠠᠬᠢ ᠡᠵᠡᠩᠨᠡᠨ ᠬᠠᠮᠢᠶᠠᠷᠤᠯᠲᠠ ᠶᠢᠨ ᠠᠵᠢᠯ ᠤᠨ ᠡᠭᠦᠷᠭᠡ᠂ ᠭᠠᠵᠠᠷ ᠰᠢᠷᠣᠶ | ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠴᠢᠩᠭ᠎ᠠ | ᠰᠠᠶᠢᠲᠤᠷ ᠠᠳᠬᠤᠬᠤ ᠪᠠ 2016 ᠣᠨ ᠤ ᠡᠵᠡᠩᠨᠡᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠬᠦ ᠶᠢ ᠪᠠᠶᠢᠷᠢᠯᠠᠭᠤᠯᠤᠨ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠰᠦᠨ ᠰᠢᠶᠤᠤ ᠸᠧᠨ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠪᠠᠶᠠᠨᠨᠠᠭᠤᠷ ᠬᠤᠳᠠ᠂ ᠤᠯᠠᠭᠠᠨᠬᠠᠳᠠ ᠬᠤᠳᠠ᠂ ᠨᠠᠢᠮᠠᠨ ᠬᠤᠰᠢᠭᠤ᠂ ᠬᠠᠩᠭᠢᠨ ᠬᠤᠰᠢᠭᠤ᠂ | ᠠᠷᠤᠨ ᠬᠤᠰᠢᠭᠤ᠂ ᠵᠠᠯᠠᠶᠢᠳ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠠᠶᠢᠭᠤᠯᠤᠯ ᠤᠨ | ᠲᠣᠭᠲᠠᠴᠠ ᠶᠢᠨ ᠰᠢᠨ᠎ᠡ ᠶᠢ ᠡᠭᠦᠳᠴᠦ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠭᠵᠢᠭᠦᠯᠬᠦ᠂ | ᠬᠥᠳᠡᠭᠡ ᠲᠣᠰᠬᠤᠨ ᠤ ︽ᠭᠤᠷᠪᠠᠨ ᠪᠡᠯᠠ︾ ᠶᠢ ᠬᠠᠮᠢᠶᠠᠷᠬᠤ ᠵᠢᠴᠢ ᠬᠥᠳᠡᠭᠡ ᠲᠣᠰᠬᠤᠨ ᠤ ᠡᠳ᠋ ᠤᠨ ᠶᠠᠪᠤᠳᠠᠯ ᠢ | ᠬᠠᠮᠢᠶᠠᠷᠬᠤ᠂ ᠬᠥᠳᠡᠭᠡ ᠲᠣᠰᠬᠤᠨ ᠤ ᠡᠵᠡᠩᠨᠡᠨ ᠬᠠᠮᠢᠶᠠᠷᠬᠤ᠂ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ | ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠲᠠᠩᠰᠠᠯᠠᠨ ᠦᠨᠡᠮᠯᠡᠯ ᠣᠯᠭᠤᠬᠤ᠂ ᠬᠥᠳᠡᠭᠡ ᠲᠣᠰᠬᠤᠨ ᠤ ᠭᠠᠵᠠᠷ | ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ᠂ ᠬᠥᠳᠡᠭᠡ ᠲᠣᠰᠬᠤᠨ ᠤ ᠭᠠᠵᠠᠷ ᠰᠢᠷᠣᠶ | ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠪᠠ ᠲᠠᠰᠤᠯᠤᠨ ᠰᠢᠢᠳᠪᠦᠷᠢᠯᠡᠬᠦ ᠵᠡᠷᠭᠡ ᠠᠵᠢᠯ ᠤᠨ | ᠲᠠᠯ᠎ᠠ ᠪᠠᠷ ᠨᠡᠶᠢᠲᠡᠯᠢᠭ ᠴᠢᠨᠠᠷ ᠲᠠᠢ ᠶᠠᠷᠢᠶ᠎ᠠ ᠲᠠᠯᠪᠢᠪᠠ᠃ ᠬᠤᠷᠠᠯ ᠠᠴᠠ ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠪᠠ ᠲᠠᠷᠢᠶᠠᠯᠠᠩ ᠮᠠᠯ ᠠᠵᠤ | ᠠᠬᠤᠶ ᠶᠢᠨ ᠡᠵᠡᠩᠨᠡᠨ ᠬᠠᠮᠢᠶᠠᠷᠤᠯᠲᠠ ᠶᠢᠨ ᠥᠷᠲᠡᠭᠡᠨ ᠤ ᠳᠠᠷᠤᠭ᠎ᠠ ᠨᠠᠷ ᠢ ᠵᠣᠬᠢᠶᠠᠨ ᠪᠠᠶᠢᠭᠤᠯᠤᠨ ᠲᠠᠷᠢᠶᠠᠯᠠᠩ ᠮᠠᠯ | ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠠᠵᠢᠯ ᠤᠨ ᠲᠣᠭᠤᠷᠢᠨ ᠳᠤ ᠶᠠᠷᠢᠯᠴᠠᠪᠠ︔ 2016 ᠣᠨ ᠳᠤ | 40 ᠬᠤᠰᠢᠭᠤ ᠰᠢᠶᠠᠨ ᠤ ᠪᠦᠬᠦ ᠬᠤᠰᠢᠭᠤ ᠰᠢᠶᠠᠨ ᠢᠶᠠᠷ ᠢᠶᠠᠨ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ | ᠨᠤᠲᠠᠯᠠᠨ ᠲᠣᠭᠲᠠᠭᠠᠵᠤ ᠲᠠᠩᠰᠠᠯᠠᠨ ᠦᠨᠡᠮᠯᠡᠯ ᠣᠯᠭᠤᠬᠤ ᠠᠵᠢᠯ ᠢ ᠲᠦᠯᠬᠢᠨ ᠠᠬᠢᠭᠤᠯᠬᠤ ᠬᠤᠰᠢᠭᠤ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ ᠵᠢᠴᠢ ᠪᠤᠰᠤᠳ ᠬᠤᠷᠠᠯ ᠳᠤ ᠣᠷᠣᠯᠴᠠᠭᠰᠠᠳ ᠲᠤ | ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠣᠯᠭᠤᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠪᠡ᠃ | ᠬᠤᠷᠠᠯ ᠳᠤ ᠣᠷᠣᠯᠴᠠᠭᠰᠠᠳ ᠪᠠᠰᠠ ᠨᠠᠢᠮᠠᠨ ᠬᠤᠰᠢᠭᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ | ᠡᠷᠬᠡ ᠶᠢ ᠨᠤᠲᠠᠯᠠᠨ ᠲᠣᠭᠲᠠᠭᠠᠵᠤ ᠲᠠᠩᠰᠠᠯᠠᠨ ᠦᠨᠡᠮᠯᠡᠯ ᠣᠯᠭᠤᠭᠰᠠᠨ ᠠᠵᠢᠯ ᠤᠨ ᠦᠷ᠎ᠡ ᠪᠦᠲᠦᠭᠡᠯ᠂ ᠲᠠᠷᠢᠶᠠᠯᠠᠩ | ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ᠂ | ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠠᠶᠢᠭᠤᠯᠤᠯ ᠤᠨ ᠲᠣᠭᠲᠠᠴᠠ ᠶᠢᠨ ᠰᠢᠨ᠎ᠡ ᠶᠢ ᠡᠭᠦᠳᠦᠭᠰᠡᠨ | ᠠᠵᠢᠯ ᠢ ᠲᠤᠬᠠᠢ ᠶᠢᠨ ᠭᠠᠵᠠᠷ ᠲᠤᠨᠢ ᠦᠵᠡᠵᠦ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠶᠢᠨ ᠡᠵᠡᠩᠨᠡᠨ ᠬᠠᠮᠢᠶᠠᠷᠬᠤ ᠦᠷᠳᠡᠭᠡ ᠶᠢᠨ ᠳᠠᠷᠤᠭ᠎ᠠ ᠶᠠᠩ ᠶᠢᠨ ᠴᠧᠩ ᠳ᠋ᠦᠩᠨᠡᠯᠲᠡ ᠶᠢᠨ ᠶᠠᠷᠢᠶ᠎ᠠ | ᠲᠠᠯᠪᠢᠪᠠ᠃ | ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ᠬᠤᠪᠢᠳᠠᠨ ᠬᠠᠮᠢᠶᠠᠷᠬᠤ | ᠳᠠᠷᠤᠭ᠎ᠠ᠂ ᠡᠯ᠎ᠡ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠨ ᠬᠠᠮᠢᠶᠠᠷᠤᠯᠲᠠ ᠶᠢᠨ | ᠥᠷᠲᠡᠭᠡᠨ ᠤ ᠳᠠᠷᠤᠭ᠎ᠠ᠂ 2016 ᠣᠨ ᠳᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ | ᠲᠣᠭᠲᠠᠭᠠᠵᠤ ᠲᠠᠩᠰᠠᠯᠠᠨ ᠦᠨᠡᠮᠯᠡᠯ ᠣᠯᠭᠤᠬᠤ ᠠᠵᠢᠯ ᠢ ᠥᠷᠨᠢᠭᠦᠯᠬᠦ ᠬᠤᠰᠢᠭᠤ ᠰᠢᠶᠠᠨ ᠤ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶᠠᠨ ᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠨ ᠬᠠᠮᠢᠶᠠᠷᠤᠯᠲᠠ ᠶᠢᠨ ᠥᠷᠲᠡᠭᠡᠨ ᠤ ᠠᠵᠢᠯᠲᠠᠨ ᠵᠡᠷᠭᠡ 150 ᠭᠠᠷᠤᠢ ᠬᠥᠮᠦᠨ ᠬᠤᠷᠠᠯ ᠳᠤ ᠣᠷᠣᠯᠴᠠᠵᠠᠶ᠃ | | | |