ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠭᠠᠷᠳᠠᠮ ᠢ ᠲᠥᠪᠯᠡᠷᠡᠭᠦᠯᠦᠨ ᠬᠦᠢᠴᠡᠳᠭᠡᠬᠦ ᠠᠵᠢᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2016/7/1
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ  ᠤᠯᠭᠤᠬᠤ ᠵᠢᠯᠣᠭᠤᠳᠣᠯᠭ᠎ᠠ ᠶᠢᠨ ᠲᠥᠪ 6 ᠳ᠋ᠤᠭᠠᠷ ᠰᠠᠷ᠎ᠠ ᠶᠢᠨ 21᠎ ᠤ ᠡᠳᠦᠷ — 7 ᠳ᠋ᠤᠭᠠᠷ ᠰᠠᠷ᠎ᠠ ᠶᠢᠨ 6᠎ ᠤ ᠡᠳᠦᠷ ᠪᠤᠯᠲᠠᠯ᠎ᠠ ᠪᠦᠬᠦ ᠣᠷᠣᠨ ᠤ 2016 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠭᠠᠷᠳᠠᠮ ᠢ ᠠᠩᠬ᠎ᠠ ᠤᠳᠠᠭ᠎ᠠ ᠲᠦᠪᠯᠡᠷᠡᠭᠦᠯᠦᠨ ᠬᠦᠢᠴᠡᠳᠭᠡᠬᠦ ᠠᠵᠢᠯ ᠢ ᠦᠷᠨᠢᠬᠦᠯᠵᠤ᠂ ᠨᠡᠶᠢᠲᠡ 16 ᠡᠳᠦᠷ ᠶᠠᠪᠤᠭᠳᠠᠨ᠎ᠠ᠃ ᠮᠠᠨ ᠤ ᠣᠷᠣᠨ ᠤ 2016 ᠣᠨ ᠳᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠨᠡᠶᠢᠲᠡ ᠪᠠᠷᠤᠭ 12 ᠲᠦᠮᠡᠨ ᠬᠥᠮᠦᠨ ᠪᠠᠶᠢᠨ᠎ᠠ᠃ ᠲᠤᠰ ᠤᠳᠠᠭᠠᠨ ᠤ ᠲᠥᠪᠯᠡᠷᠡᠭᠦᠯᠦᠨ ᠬᠦᠢᠴᠡᠳᠭᠡᠬᠦ ᠠᠵᠢᠯ ᠨᠢ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠳᠤ ︽ᠳᠦᠷᠪᠡ ᠶᠢ ᠴᠡᠭᠡᠷᠯᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠲᠡᠭᠦᠰᠦᠭᠰᠡᠳ ᠤᠨ ᠠᠵᠢᠯ ᠣᠯᠭᠤᠯᠲᠠ ᠶᠢᠨ ᠵᠦᠪᠳᠡᠯᠴᠡᠭᠡᠷ ᠤᠨ ᠪᠢᠴᠢᠭ᠂ ᠬᠥᠳᠡᠯᠮᠦᠷᠢ ᠶᠢᠨ ᠭᠡᠷ᠎ᠡ ᠶᠢᠨ ᠪᠢᠴᠢᠭ᠂ ᠬᠦᠯᠢᠶᠡᠨ ᠠᠪᠬᠤ ᠵᠠᠬᠢᠳᠠᠯ ᠵᠡᠷᠭᠡ ᠡᠯ᠎ᠡ ᠲᠦᠷᠦᠯ ᠤᠨ ᠭᠡᠷᠡᠴᠢ ᠮᠠᠲ᠋ᠧᠷᠢᠶᠠᠯ ᠪᠣᠯᠤᠨ ᠠᠵᠢᠯ ᠣᠯᠭᠤᠬᠤ ᠲᠥᠰᠦᠯ ᠢ ᠨᠢᠭᠡ ᠨᠢᠭᠡ ᠪᠠᠷ ᠬᠠᠷᠭᠤᠭᠤᠯᠵᠤ᠂ ᠡᠯ᠎ᠡ ᠬᠡᠯᠪᠡᠷᠢ ᠶᠢᠨ ︽ᠠᠵᠢᠯ ᠤᠯᠭᠤᠭᠳᠠᠬᠤ︾ ᠠᠵᠢᠯᠯᠠᠭ᠎ᠠ ᠶᠢ ᠡᠷᠡᠰ ᠬᠤᠷᠢᠭᠯᠠᠵᠤ᠂ ᠠᠵᠢᠯ ᠣᠯᠭᠤᠯᠲᠠ ᠶᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠪᠤᠰᠤᠳᠴᠢ᠂ ᠣᠨᠣᠪᠴᠢᠲᠠᠶ ᠪᠠᠶᠢᠬᠤ ᠶᠢ ᠪᠠᠲᠤᠯᠠᠨ᠎ᠠ᠃ 6 ᠳ᠋ᠤᠭᠠᠷ ᠰᠠᠷ᠎ᠠ ᠶᠢᠨ 29᠎ ᠤ ᠡᠳᠦᠷ ᠪᠣᠯᠲᠠᠯ᠎ᠠ᠂ ᠪᠦᠬᠦ ᠣᠷᠣᠨ ᠤ 29 ᠶᠡᠭᠡ ᠳᠡᠭᠡᠳᠦ ᠰᠤᠷᠭᠠᠭᠤᠯᠢ ᠶᠢᠨ 4 ᠲᠦᠮᠡ ᠰᠢᠬᠠᠮ ᠲᠡᠭᠦᠰᠦᠭᠰᠡᠳ ᠤᠨ ᠠᠵᠢᠯ ᠤᠯᠭᠤᠬᠤ ᠭᠠᠷᠳᠠᠮ ᠢ ᠬᠦᠢᠴᠡᠳᠭᠡᠬᠦ ᠡᠭᠦᠷᠭᠡ ᠶᠢ ᠪᠡᠶᠡᠯᠡᠭᠦᠯᠪᠡ᠂ ᠵᠢᠱᠢᠯᠲᠡ ᠪᠠᠷ ᠲᠤᠰ ᠤᠳᠠᠭ᠎ᠠ ᠶᠢᠨ ᠲᠥᠪᠯᠡᠷᠡᠭᠦᠯᠦᠨ ᠬᠦᠢᠴᠡᠳᠭᠡᠬᠦ ᠠᠵᠢᠯ ᠳᠠᠭᠤᠰᠲᠠᠯ᠎ᠠ ᠮᠠᠨ ᠤ ᠣᠷᠣᠨ 6 ᠲᠦᠮᠡ ᠭᠠᠷᠤᠶ ᠲᠡᠭᠦᠰᠦᠭᠰᠡᠳ ᠤᠨ ᠠᠵᠢᠯ ᠤᠯᠭᠤᠬᠤ ᠭᠠᠷᠳᠠᠮ ᠢ ᠬᠦᠢᠴᠡᠳᠭᠡᠬᠦ ᠡᠭᠦᠷᠭᠡ ᠶᠢ ᠪᠡᠶᠡᠯᠡᠭᠦᠯᠬᠦ ᠪᠤᠯᠤᠨ᠎ᠠ᠂ ᠡᠨᠡ ᠨᠢ 2016 ᠣᠨ ᠳᠤ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠲᠤᠭ᠎ᠠ ᠶᠢᠨ 50%᠎ ᠠᠴᠠ ᠳᠡᠭᠡᠭᠰᠢᠬᠢ ᠶᠢ ᠡᠵᠡᠯᠡᠨ᠎ᠡ᠃      ᠠᠵᠢᠯ ᠤᠨ ᠲᠤᠬᠢᠷᠠᠭᠤᠯᠤᠯᠲᠠ ᠶᠢ ᠦᠨᠳᠦᠰᠦᠯᠡᠨ᠂ 2016 ᠤᠨ ᠤ 9 ᠳ᠋ᠤᠭᠡᠷ ᠰᠠᠷ᠎ᠠ ᠶᠢᠨ 1᠎ ᠤ ᠡᠳᠦᠷ ︵ᠤᠯᠤᠰ ᠠᠴᠠ ᠲᠣᠭᠲᠠᠭᠠᠭᠰᠠᠨ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠩᠬᠠᠨ ᠤ ᠠᠵᠢᠯ ᠣᠯᠭᠤᠯᠲᠠ ᠶᠢᠨ ᠨᠤᠷᠮ᠎ᠠ ᠶᠢ ᠪᠦᠷᠢᠳᠭᠡᠬᠦ ᠬᠢᠵᠠᠭᠠᠷᠲᠤ ᠡᠳᠦᠷ︶᠎ ᠠᠴᠠ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠢᠯᠣᠭᠤᠳᠣᠯᠭ᠎ᠠ ᠶᠢᠨ ᠲᠥᠪ ᠠᠴᠠ ᠪᠠᠰᠠ ᠲᠥᠪᠯᠡᠷᠡᠭᠦᠯᠦᠨ ᠬᠦᠢᠴᠡᠳᠭᠡᠬᠦ ᠠᠵᠢᠯ ᠢ ᠬᠤᠶᠠᠷ ᠤᠳᠠᠭ᠎ᠠ ᠲᠤᠬᠢᠷᠠᠭᠤᠯᠵᠤ ᠂ ᠲᠡᠭᠦᠰᠦᠭᠰᠡᠳ ︽ᠠᠵᠢᠯ ᠣᠯᠭᠤᠯᠲᠠ ᠶᠢᠨ ᠨᠡᠷ᠎ᠡ ᠮᠡᠳᠡᠭᠦᠯᠬᠦ ᠦᠨᠡᠮᠯᠡᠯ︾᠎ ᠢᠶᠠᠨ ᠲᠦᠷᠭᠡᠭᠡᠨ ᠤᠯᠵᠤ᠂ ᠠᠵᠢᠯ ᠤᠨ ᠪᠠᠶᠢᠷᠢᠨ ᠳᠤ ᠤᠷᠤᠭᠰᠢᠲᠠᠶ ᠭᠠᠷᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号