ᠤᠯᠤᠰ ᠤᠨ ᠴᠠᠬᠢᠯᠭᠠᠨ ᠬᠦᠴᠤᠨ ᠤ ᠪᠦᠯᠦᠭᠯᠡᠯ ᠺᠤᠮᠫᠠᠨᠢ ᠪᠤᠯᠤᠨ ᠦᠪᠡᠷᠳᠡᠭᠡᠨ ᠵᠠᠰᠠᠬᠤ ᠤᠷᠤᠨ ᠤ ᠵᠢᠵᠢᠭ ᠬᠤᠳᠠ ᠪᠠᠯᠭᠠᠰᠤ ᠶᠢᠨ ᠴᠠᠭᠢᠯᠭᠠᠨ ᠲᠤᠤᠷ ᠢ ᠲᠠᠰ ᠲᠡᠪᠰᠢᠭᠦᠯᠭᠦ ᠶᠢ ᠠᠭᠢᠭᠤᠯᠬᠤ ᠬᠡᠯᠡᠯᠴᠡᠭᠡᠷ ᠲᠤᠬᠳᠠᠵᠠᠢ
ᠨᠡᠶᠢᠲᠡᠯᠡᠭᠰᠡᠨ ᠴᠠᠭ᠄
2016/7/1
     6 ᠳ᠋ᠤᠭᠠᠷ ᠰᠠᠷ᠎ᠠ ᠶᠢᠨ 30᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠸᠠᠩ ᠪᠦᠸᠧ ᠬᠦᠬᠡᠬᠤᠳᠠ ᠳᠤ ᠤᠯᠤᠰ ᠤᠨ ᠴᠠᠬᠢᠯᠭᠠᠨ ᠬᠦᠴᠤᠨ ᠤ ᠪᠦᠯᠦᠭᠯᠡᠯ ᠺᠤᠮᠫᠠᠨᠢ ᠶᠢᠨ ᠶᠡᠷᠦᠩᠭᠡᠢ ᠨᠢᠭᠳᠠᠯᠠᠨ ᠪᠤᠳᠤᠭᠴᠢ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠭᠦᠨ ᠯᠢ ᠷᠦ᠋ ᠭᠧ ᠲᠠᠢ ᠠᠭᠤᠯᠵᠠᠯᠳᠠ ᠭᠢᠭᠰᠡᠨ ᠪᠦᠭᠡᠤᠨ ᠤᠯᠤᠰ ᠤᠨ ᠴᠠᠬᠢᠯᠭᠠᠨ ᠬᠦᠴᠤᠨ ᠤ ᠪᠦᠯᠦᠭᠯᠡᠯ ᠺᠤᠮᠫᠠᠨᠢ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ︽ᠦᠪᠦᠷ ᠮᠤᠩᠭᠤᠯ ᠤᠨ ᠵᠡᠭᠦᠨ ᠪᠡᠶ᠎ᠠ ᠶᠢᠨ ᠭᠠᠵᠠᠷ ᠤᠷᠤᠨ ᠤ ᠵᠢᠵᠢᠭ ᠬᠤᠳᠠ ᠪᠠᠯᠭᠠᠰᠤ ︵ᠭᠤᠤᠯᠯᠠᠬᠤ ᠳᠤᠰᠬᠤᠨ︶᠎ ᠶᠢᠨ ᠴᠠᠬᠢᠯᠭᠠᠨ ᠲᠤᠤᠷ ᠢ ᠦᠬᠡᠷᠡᠴᠢᠯᠡᠵᠤ ᠳᠡᠰ ᠳᠡᠪᠰᠢᠭᠦᠯᠬᠦ ᠪᠠ ︿ᠮᠠᠰᠢᠨ ᠬᠤᠳᠳᠤᠭ ᠲᠤ ᠴᠠᠬᠢᠯᠭᠠᠨ ᠨᠡᠪᠳᠡᠷᠡᠭᠦᠯᠬᠦ﹀ ᠢᠨᠵᠧᠨᠧᠷᠢᠩ ᠢ ᠠᠭᠢᠭᠤᠯᠬᠤ ᠬᠠᠮᠳᠤᠷᠠᠯᠴᠠᠭᠠᠨ ᠤ ᠬᠡᠯᠡᠯᠴᠡᠭᠡᠷ︾᠎ ᠲᠤ ᠭᠠᠷ ᠦᠰᠦᠭ ᠵᠢᠷᠤᠪᠠ᠃      ︽ᠠᠷᠪᠠᠨ ᠭᠤᠷᠪᠠᠳᠤᠭᠠᠷ ᠲᠠᠪᠤᠨ ᠵᠢᠯ︾᠎ ᠳᠤ ᠤᠯᠤᠰ ᠤᠨ ᠴᠠᠬᠢᠯᠭᠠᠨ ᠬᠦᠴᠤᠨ ᠤ ᠪᠦᠯᠦᠭᠯᠡᠯ ᠺᠤᠮᠫᠠᠨᠢ ᠶᠢᠨ ᠬᠢᠨ ᠦᠪᠦᠷ ᠮᠤᠩᠭᠤᠯ ᠤᠨ ᠵᠡᠭᠦᠨ ᠪᠡᠶ᠎ᠠ ᠶᠢᠨ ᠭᠠᠵᠠᠷ ᠤᠷᠤᠨ ᠤ ᠵᠢᠵᠢᠭ ᠬᠤᠳᠠ ᠪᠠᠯᠭᠠᠰᠤ ︵ᠭᠤᠤᠯᠯᠠᠬᠤ ᠳᠤᠰᠬᠤᠨ︶᠎ ᠶᠢᠨ ᠴᠠᠬᠢᠯᠭᠠᠨ ᠲᠤᠤᠷ ᠢ ᠦᠬᠡᠷᠡᠴᠢᠯᠡᠵᠤ ᠳᠡᠰ ᠳᠡᠪᠰᠢᠭᠦᠯᠬᠦ ᠪᠠ ︿ᠮᠠᠰᠢᠨ ᠬᠤᠳᠳᠤᠭ ᠲᠤ ᠴᠠᠬᠢᠯᠭᠠᠨ ᠨᠡᠪᠳᠡᠷᠡᠭᠦᠯᠬᠦ﹀ ᠢᠨᠵᠧᠨᠧᠷᠢᠩ ᠲᠤ ᠤᠷᠢᠳᠴᠢᠯᠠᠨ ᠳᠤᠬᠢᠷᠠᠭᠤᠯᠤᠯᠳᠠ ᠬᠢᠵᠤ᠂ 2016 — 2017 ᠤᠨ ᠪᠤᠯᠳᠠᠯ᠎ᠠ᠂ 20 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠤᠶᠠᠷ ᠵᠢᠯ ᠤᠨ ᠳᠤᠳᠤᠷ᠎ᠠ 1455 ᠵᠢᠵᠢᠭ ᠬᠤᠳᠠ ᠪᠠᠯᠭᠠᠰᠤ ︵ᠭᠤᠤᠯᠯᠠᠬᠤ ᠳᠤᠰᠬᠤᠨ︶᠎ ᠤ ᠴᠠᠬᠢᠯᠭᠠᠨ ᠲᠤᠤᠷ ᠢ ᠦᠭᠡᠷᠡᠴᠢᠯᠡᠵᠤ ᠳᠡᠰ ᠳᠡᠪᠰᠢᠭᠦᠯᠬᠦ ᠡᠭᠦᠷᠭᠡ ᠶᠢ ᠪᠡᠶᠡᠯᠡᠭᠦᠯᠭᠦ ᠪᠠᠷ ᠪᠤᠢ᠂ ᠡᠨᠡ ᠨᠢ ᠮᠠᠯᠵᠢᠬᠤ ᠳᠠᠷᠢᠶᠠᠯᠠᠬᠤ ᠤᠷᠤᠨ ᠤ 224 ᠲᠦᠮᠡᠨ ᠬᠦᠮᠦᠨ ᠠᠮᠠ ᠲᠠᠢ ᠬᠤᠯᠪᠤᠭᠳᠠᠨ᠎ᠠ︔ 11.3 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠤᠶᠠᠷ ᠵᠢᠯ ᠎ ᠤᠨ ᠳᠤᠳᠤᠷ᠎ᠠ ᠳᠠᠷᠢᠶᠠᠨ ᠭᠠᠵᠠᠷ ᠤᠨ ᠤᠰᠤᠯᠠᠯᠳᠠ ᠶᠢᠨ 3.45 ᠲᠦᠮᠡᠨ ᠮᠠᠰᠢᠨ ᠬᠤᠳᠳᠤᠭ ᠲᠤ ᠴᠠᠬᠢᠯᠭᠠᠨ ᠤᠷᠤᠭᠤᠯᠬᠤ ᠪᠠ ᠦᠭᠡᠷᠡᠴᠢᠯᠡᠭᠦ ᠪᠤᠯᠤᠨ᠎ᠠ᠂ ᠡᠨᠡ ᠨᠢ 337 ᠲᠦᠮᠡᠨ ᠮᠦ ᠳᠠᠷᠢᠶᠠᠨ ᠭᠠᠵᠠᠷ ᠲᠠᠢ ᠬᠤᠯᠪᠤᠭᠳᠠᠨ᠎ᠠ᠃      ᠠᠭᠤᠯᠵᠠᠯᠳᠠ ᠳᠤ᠂ ᠸᠠᠩ ᠪᠦᠸᠧ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠢ ᠲᠦᠯᠦᠭᠡᠯᠡᠨ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ ᠺᠤᠮᠫᠠᠨᠢ ᠶᠢᠨ ᠬᠢᠨ ᠤ ᠦᠪᠦᠷ ᠮᠤᠩᠭᠤᠯ ᠤᠨ ᠴᠠᠬᠢᠯᠭᠠᠨ ᠬᠦᠴᠤᠨ ᠎ ᠤ ᠬᠦᠭᠵᠢᠯᠳᠡ ᠶᠢ ᠶᠡᠭᠡᠪᠡᠷ ᠠᠩᠬᠠᠷᠤᠨ ᠳᠡᠮᠵᠢᠭᠰᠡᠨ ᠳᠤ ᠳᠠᠯᠠᠷᠬᠠᠵᠤ ᠪᠠᠶᠢᠬᠤ ᠪᠠᠨ ᠢᠯᠡᠳᠭᠡᠪᠡ᠃ ᠳᠡᠷᠡ ᠢᠯᠡᠳᠭᠡᠭᠰᠡᠨ ᠨᠢ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠲᠤᠤᠷ ᠢ ᠦᠭᠡᠷᠡᠴᠢᠯᠡᠭᠦ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠵᠦᠪᠰᠢᠶᠡᠷᠡᠯ ᠤᠨ ᠳᠡᠰ ᠳᠡᠷᠠᠭᠠᠯᠠᠯ ᠢ ᠲᠦᠭᠦᠮᠴᠢᠯᠡᠵᠤ᠂ ᠪᠠᠷᠢᠯᠭ᠎ᠠ ᠶᠢᠨ ᠤᠷᠴᠢᠨ ᠳᠤᠭᠤᠷᠢᠨ ᠢ ᠰᠢᠯᠢᠳᠡᠭᠵᠢᠭᠦᠯᠵᠤ᠂ ᠢᠨᠵᠧᠨᠧᠷᠢᠩ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠵᠤ᠂ ᠦᠪᠦᠷ ᠮᠤᠩᠭᠤᠯ ᠤᠨ ᠵᠡᠭᠦᠨ ᠪᠡᠶ᠎ᠠ ᠶᠢᠨ ᠮᠠᠯᠵᠢᠬᠤ ᠳᠠᠷᠢᠶᠠᠯᠠᠬᠤ ᠤᠷᠤᠨ ᠤ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠳᠤ ᠴᠠᠬᠢᠯᠭᠠᠨ ᠬᠦᠴᠦᠨ ᠤ ᠳᠡᠮᠵᠢᠯᠭᠡ ᠪᠠ ᠴᠠᠬᠢᠯᠭᠠᠨ ᠬᠡᠷᠡᠭᠯᠡᠭᠦ ᠪᠠᠳᠤᠯᠠᠭ᠎ᠠ ᠬᠠᠩᠭᠠᠨ᠎ᠠ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号