6 ᠶᠡᠭᠡ ᠳᠡᠭᠡᠳᠦ ᠰᠤᠷᠭᠠᠭᠤᠯᠢ ᠥᠪᠥᠷ ᠮᠣᠩᠭᠤᠯ ᠠᠴᠠ ᠰᠦᠢᠳᠬᠡᠯ ᠬᠤᠷᠢᠶᠠᠬᠤ ᠦᠭᠡᠢ ᠪᠠᠷ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠵᠦ ᠪᠤᠢ
ᠨᠡᠶᠢᠲᠡᠯᠡᠭᠰᠡᠨ ᠴᠠᠭ᠄
2016/7/1
     2007 ᠣᠨ ᠠᠴᠠ ᠡᠬᠢᠯᠡᠨ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠳᠤᠮᠳᠠᠳᠤ ᠣᠷᠣᠨ ᠤ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠮᠤᠵᠢ ᠶᠢᠨ ᠪᠠᠭᠰᠢ ᠶᠢᠨ ᠶᠡᠭᠡ ᠰᠤᠷᠭᠠᠭᠤᠯᠢ ᠪᠠ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠵᠡᠷᠭᠡ ᠰᠤᠷᠭᠠᠨ ᠬᠥᠮᠦᠵᠢᠯ ᠤᠨ ᠶᠠᠮᠤᠨ ᠤ 6 ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠠᠭᠰᠢ ᠶᠢᠨ ᠮᠡᠷᠭᠡᠵᠢᠯ ᠤᠨ ᠰᠤᠷᠤᠭᠴᠢ ᠳᠤ ᠰᠦᠢᠳᠬᠡᠯ ᠬᠤᠷᠢᠶᠠᠬᠤ ᠥᠭᠡᠢ ᠰᠤᠷᠭᠠᠨ ᠬᠦᠮᠦᠵᠢᠯ ᠬᠦᠷᠲᠡᠭᠡᠬᠦ ᠶᠢ ᠬᠡᠷᠡᠭᠵᠢᠭᠦᠯᠪᠡ᠃      30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠡᠨᠡ ᠵᠢᠯ ᠡᠨᠡ 6 ᠰᠤᠷᠭᠠᠭᠤᠯᠢ ᠦᠷᠭᠦᠯᠵᠢᠯᠡᠨ ᠮᠠᠨ ᠤ ᠣᠷᠣᠨ ᠠᠴᠠ ᠪᠠᠭᠰᠢ ᠶᠢᠨ ᠮᠡᠷᠭᠡᠵᠢᠯ ᠤᠨ ᠰᠦᠢᠳᠬᠡᠯ ᠬᠤᠷᠢᠶᠠᠬᠤ ᠦᠭᠡᠢ ᠰᠤᠷᠤᠭᠴᠢ ᠡᠯᠰᠡᠨ᠎ᠡ᠃ ᠮᠠᠨ ᠤ ᠤᠷᠤᠨ ᠤ ᠡᠯᠰᠡᠬᠦ ᠪᠦᠯᠦᠭ ᠤᠳᠠᠭ᠎ᠠ ᠶᠢᠨ ᠲᠤᠬᠠᠢ ᠲᠤᠭᠲᠠᠭᠠᠯ ᠢ ᠦᠨᠳᠦᠰᠦᠯᠡᠪᠡᠯ᠂ ᠪᠠᠭᠰᠢ ᠶᠢᠨ ᠮᠡᠷᠬᠡᠵᠢᠯ ᠤᠨ ᠰᠦᠢᠳᠬᠡᠯ ᠬᠤᠷᠢᠶᠠᠬᠤ ᠦᠭᠡᠢ ᠰᠤᠷᠤᠭᠴᠢ ᠶᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A᠎ ᠳᠤ ᠲᠤᠬᠢᠷᠠᠭᠤᠯᠵᠤ᠂ 258 ᠰᠤᠷᠤᠭᠴᠢ ᠡᠯᠰᠡᠬᠦ ᠪᠠᠷ ᠲᠦᠯᠦᠪᠯᠡᠵᠦ ᠪᠠᠶᠢᠨ᠎ᠠ᠃      ᠰᠤᠷᠭᠠᠨ ᠬᠦᠮᠦᠵᠢᠯ ᠤᠨ ᠪᠠᠭᠰᠢ ᠶᠢᠨ ᠮᠡᠷᠭᠡᠵᠢᠯ ᠤᠨ ᠰᠦᠢᠳᠬᠡᠯ ᠬᠤᠷᠢᠶᠠᠬᠤ ᠦᠭᠡᠢ ᠰᠤᠷᠤᠬᠴᠢ ᠶᠢᠨ ᠰᠤᠷᠭᠠᠭᠤᠯᠢ ᠳᠤ ᠰᠤᠷᠤᠯᠴᠠᠬᠤ ᠬᠤᠭᠤᠴᠠᠭᠠᠨ ᠤ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠵᠦ᠂ ᠬᠤᠨᠤᠭ ᠤᠨ ᠵᠠᠷᠤᠳᠠᠯ ᠲᠤᠰᠢᠶᠠᠬᠤ ᠦᠭᠡᠢ ᠪᠥᠭᠡᠳ ᠠᠮᠢᠳᠤᠷᠠᠯ ᠤᠨ ᠵᠠᠷᠤᠳᠠᠯ ᠨᠦᠬᠦᠪᠦᠷᠢᠯᠡᠨ᠎ᠡ᠃ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠲᠤᠬᠢᠷᠠᠭᠤᠯᠤᠨ᠎ᠠ᠃      ᠪᠠᠭᠰᠢ ᠶᠢᠨ ᠮᠡᠷᠭᠡᠵᠢᠯ ᠤᠨ ᠰᠦᠢᠳᠬᠡᠯ ᠬᠤᠷᠢᠶᠠᠬᠤ ᠦᠭᠡᠢ ᠰᠤᠷᠤᠭᠴᠢ ᠰᠤᠷᠭᠠᠭᠤᠯᠢ ᠳᠤ ᠣᠷᠣᠬᠤ ᠠᠴᠠ ᠡᠮᠦᠨ᠎ᠡ ᠰᠤᠷᠭᠠᠭᠤᠯᠢ ᠪᠠ ᠰᠤᠷᠤᠭᠴᠢ ᠶᠢᠨ ᠢᠷᠡᠯᠲᠡ ᠶᠢᠨ ᠣᠷᠣᠨ ᠤ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠡᠯᠡᠯᠴᠡᠭᠡᠷ ᠲᠤᠭᠲᠠᠵᠤ᠂ ᠲᠡᠭᠦᠰᠦᠭᠰᠡᠨ ᠤ ᠰᠡᠭᠦᠯᠡᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠢ ᠠᠷᠪᠠᠨ ᠵᠢᠯ ᠠᠴᠠ ᠳᠡᠭᠡᠭᠰᠢ ᠬᠢᠬᠦ ᠪᠠᠷ ᠪᠠᠲᠤᠯᠠᠬᠤ ᠬᠡᠷᠡᠭᠲᠡᠢ᠃ ᠬᠤᠲᠠ ᠪᠠᠯᠭᠠᠰᠤᠨ ᠤ ᠰᠤᠷᠭᠠᠭᠤᠯᠢ ᠳᠤ ᠤᠴᠢᠵᠤ ᠠᠵᠢᠯᠯᠠᠬᠤ ᠪᠠᠭᠰᠢ ᠶᠢᠨ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠦᠢᠳᠬᠡᠯ ᠬᠤᠷᠢᠶᠠᠬᠤ ᠦᠭᠡᠢ ᠰᠤᠷᠤᠭᠴᠢᠳ ᠤᠷᠢᠳᠠᠪᠠᠷ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠴᠢᠵᠤ ᠬᠤᠶᠠᠷ ᠵᠢᠯ ᠪᠠᠭᠰᠢᠯᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯ ᠢ ᠬᠡᠯᠡᠯᠴᠡᠭᠡᠷ ᠶᠤᠰᠤᠭᠠᠷ ᠬᠢᠭᠰᠡᠨ ᠦᠭᠡᠢ ᠪᠠᠶᠢᠪᠠᠯ ᠨᠢᠭᠡᠨᠲᠡ ᠬᠦᠷᠲᠡᠭᠰᠡᠨ ᠰᠦᠢᠳᠬᠡᠯ ᠢ ᠨᠢ ᠲᠣᠭᠲᠠᠭᠠᠯ ᠶᠣᠰᠣᠭᠠᠷ ᠪᠤᠴᠠᠭᠠᠨ ᠠᠪᠬᠤ ᠶᠢᠨ ᠬᠠᠮᠲᠤ ᠭᠡᠷ᠎ᠡ ᠵᠥᠷᠢᠴᠡᠭᠰᠡᠨ ᠵᠣᠭᠤᠰ ᠲᠤᠰᠢᠶᠠᠬᠤ ᠬᠡᠷᠡᠭᠲᠡᠶ᠃      ᠪᠠᠭᠰᠢ ᠶᠢᠨ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠦᠢᠳᠬᠡᠯ ᠬᠤᠷᠢᠶᠠᠬᠤ ᠦᠭᠡᠢ ᠰᠤᠷᠤᠭᠴᠢ ᠲᠡᠭᠦᠰᠬᠦ ᠠᠴᠠ ᠡᠮᠦᠨ᠎ᠡ ᠪᠠ ᠬᠡᠯᠡᠯᠴᠡᠭᠡᠷ ᠲᠤ ᠲᠣᠭᠲᠠᠭᠠᠭᠰᠠᠨ ᠬᠤᠭᠤᠴᠠᠭᠠᠨ ᠳᠣᠲᠣᠷ᠎ᠠ᠂ ᠠᠵᠢᠯ ᠠᠴᠠ ᠪᠠᠨ ᠰᠠᠯᠵᠤ ᠠᠰᠫᠢᠷᠠᠨᠲ ᠤᠨ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠵᠤ ᠪᠣᠯᠬᠤ ᠦᠭᠡᠶ᠃      ᠪᠠᠭᠰᠢ ᠶᠢᠨ ᠮᠡᠷᠭᠡᠵᠢᠯ ᠠᠴᠠ ᠲᠡᠭᠦᠰᠦᠭᠰᠡᠨ ᠰᠦᠢᠳᠬᠡᠯ ᠬᠤᠷᠢᠶᠠᠬᠤ ᠦᠭᠡᠢ ᠰᠤᠷᠤᠭᠴᠢ ᠬᠢᠨᠠᠨ ᠰᠢᠯᠭᠠᠭᠠᠳ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠰᠤᠷᠭᠠᠨ ᠬᠦᠮᠦᠵᠢᠯ ᠤᠨ ᠠᠰᠫᠢᠷᠠᠨᠲ ᠶᠢᠨ ᠲᠤᠰᠬᠠᠶ ᠮᠡᠷᠭᠡᠵᠢᠯ ᠤᠨ ᠴᠤᠯᠠ ᠬᠠᠮᠠᠭᠠᠯᠠᠬᠤ ᠰᠤᠳᠤᠯᠬᠤ ᠰᠤᠷᠤᠭᠴᠢ ᠪᠠᠷ ᠡᠯᠰᠡᠨ ᠠᠪᠴᠤ ᠪᠣᠯᠤᠨ᠎ᠠ᠂ ᠲᠤᠰᠬᠠᠢ ᠮᠡᠷᠭᠡᠵᠢᠯ ᠤᠨ ᠬᠢᠴᠢᠶᠡᠯ ᠢ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠴᠠᠵᠤ᠂ ᠪᠠᠭᠰᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠦᠭᠡᠳ ᠨᠣᠮ ᠬᠠᠶᠠᠯᠴᠠᠭᠠᠨ ᠳᠤ ᠬᠢᠷᠢ ᠲᠡᠩᠴᠡᠭᠰᠡᠨ ᠪᠠᠶᠢᠪᠠᠯ ᠠᠰᠫᠢᠷᠠᠨᠲ ᠲᠡᠭᠦᠰᠦᠭᠰᠡᠨ ᠦᠨᠡᠮᠯᠡᠯ ᠪᠠ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠦᠨᠡᠮᠯᠡᠯ ᠤᠯᠭᠤᠵᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号