ᠥᠪᠥᠷ ᠮᠣᠩᠭᠤᠯ᠄ ︽12·5︾᠎ ᠶᠢᠨ ᠬᠤᠭᠤᠴᠠᠭᠠᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 7482 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2016/7/1
      30᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠲᠣᠪᠴᠢᠶ᠎ᠠ ᠶᠢᠨ ᠨᠡᠶᠢᠲᠡᠯᠡᠭᠰᠡᠨ ᠢᠶᠠᠷ᠂ ︽12·5︾᠎ ᠶᠢᠨ ᠬᠤᠭᠤᠴᠠᠭᠠᠨ ᠳᠤ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 7482 ᠳ᠋ᠦᠩᠰᠢᠭᠤᠷ ᠲᠥᠭᠦᠷᠢᠭ ᠲᠤ ᠬᠦᠷᠴᠦ᠂ ︽11·5︾᠎ ᠶᠢᠨ ᠬᠢ ᠠᠴᠠ 300%᠎ ᠪᠠᠷ ᠨᠡᠮᠡᠭᠳᠡᠪᠡ᠃      ︽12·5︾᠎ ᠶᠢᠨ ᠬᠤᠭᠤᠴᠠᠭᠠᠨ ᠳᠤ᠂ ᠥᠪᠥᠷ ᠮᠣᠩᠭᠤᠯ ᠵᠢᠭᠤᠯᠴᠢᠯᠠᠭᠴᠢᠳ ᠢ ᠨᠡᠶᠢᠲᠡ 3·42 ᠳ᠋ᠦᠩᠰᠢᠭᠤᠷ ᠬᠥᠮᠦᠨ ᠤᠳᠠᠭ᠎ᠠ ᠢ ᠤᠭᠲᠤᠵᠤ᠂ ︽11·5︾᠎ ᠶᠢᠨ ᠬᠢ ᠠᠴᠠ 194%᠎ ᠪᠠᠷ ᠨᠡᠮᠡᠭᠳᠡᠵᠦ᠂ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ 12%᠎ ᠳᠤ ᠬᠦᠷᠪᠡ︔ ᠪᠦᠬᠦ ᠣᠷᠣᠨ ᠳᠤ ᠵᠢᠭᠤᠯᠴᠢᠯᠠᠯ ᠲᠠᠢ ᠬᠤᠯᠪᠣᠭᠳᠠᠬᠤ ᠠᠵᠤ ᠠᠬᠤᠶᠢᠯᠠᠯ 2 ᠲᠦᠮᠡ ᠪᠣᠯᠵᠤ᠂ ᠡᠭᠦᠨ ᠳᠤ A ᠳᠡᠰ ᠤᠨ ᠦᠵᠡᠮᠵᠢ ᠶᠢᠨ ᠣᠷᠣᠨ 318 ᠪᠣᠯᠵᠤ᠂ ᠠᠳᠠᠯᠢ ᠬᠤᠭᠤᠴᠠᠭᠠᠨ ᠤ ᠬᠢ ᠠᠴᠠ 113 ᠨᠡᠮᠡᠭᠳᠡᠪᠡ︔ ᠵᠢᠭᠤᠯᠴᠢᠨ ᠳᠤ ᠦᠢᠯᠡᠴᠢᠯᠡᠬᠦ ᠭᠠᠵᠠᠷ 936 ᠪᠣᠯᠵᠤ᠂ ᠠᠳᠠᠯᠢ ᠬᠤᠭᠤᠴᠠᠭᠠᠨ ᠤ ᠬᠢ ᠠᠴᠠ 235 ᠨᠡᠮᠡᠭᠳᠡᠪᠡ᠂ ᠤᠳᠦᠠ ᠲᠡᠰ ᠤᠨ ᠵᠣᠴᠢᠳ ᠤᠨ ᠪᠠᠭᠤᠳᠠᠯ 335 ᠪᠣᠯᠵᠤ᠂ ᠠᠳᠠᠯᠢ ᠬᠤᠭᠤᠴᠠᠭᠠᠨ ᠤ ᠬᠢ ᠠᠴᠠ 73 ᠨᠡᠮᠡᠭᠳᠡᠪᠡ︔ ᠵᠢᠭᠤᠯᠴᠢᠯᠠᠯ ᠤᠨ ᠠᠵᠤ ᠠᠬᠤᠶᠢᠯᠠᠯ ᠪᠦᠯᠦᠭᠯᠡᠯ ᠺᠣᠮᠫᠠᠨᠢ ᠪᠣᠯᠪᠠ︔ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ 402 ᠪᠣᠯᠪᠠ︔ ᠵᠢᠭᠤᠯᠴᠢᠯᠠᠯ ᠲᠡᠭᠡᠭᠡᠪᠦᠷᠢ ᠶᠢᠨ ᠠᠵᠤ ᠠᠬᠤᠶᠢᠯᠠᠯ 35 ᠪᠣᠯᠪᠠ᠃ ᠪᠦᠬᠦ ᠣᠷᠣᠨ ᠳᠤ ᠬᠥᠳᠡᠭᠡ ᠲᠣᠰᠬᠤᠨ ᠤ ᠵᠢᠭᠤᠯᠴᠢᠯᠠᠯ ᠬᠦᠯᠢᠶᠡᠨ ᠠᠪᠬᠤ ᠡᠷᠦᠬᠡ ᠨᠡᠶᠢᠲᠡ 4200 ᠪᠤᠢ᠃ ᠵᠢᠭᠤᠯᠴᠢᠯᠠᠯ ᠤᠨ ᠦᠢᠯᠡᠰ ᠤᠨ GDP᠎ ᠳᠤ ᠦᠵᠡᠭᠦᠯᠦᠭᠰᠡᠨ ᠶᠡᠷᠦᠩᠬᠡᠶ ᠬᠤᠪᠢ ᠨᠡᠮᠡᠷᠢ ᠶᠢᠨ ᠨᠤᠷᠮ᠎ᠠ ᠨᠢ 11·8%᠎ ᠳᠤ ᠬᠦᠷᠴᠦ᠂ 165 ᠲᠦᠮᠡᠨ ᠬᠥᠮᠦᠨ ᠳᠤ ᠰᠢᠭᠤᠳ ᠪᠣᠶᠣ ᠲᠠᠮ ᠢᠶᠠᠷ ᠠᠵᠢᠯ ᠣᠯᠭᠤᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠲᠠᠯ᠎ᠠ ᠨᠤᠲᠤᠭ᠂ ᠤᠢ ᠰᠢᠭᠤᠶ᠂ ᠡᠯᠡᠰᠦ ᠮᠠᠩᠬ᠎ᠠ ᠂ ᠴᠠᠰᠤ ᠮᠥᠰᠥ᠂ ᠭᠤᠣᠯ ᠨᠠᠭᠤᠷ᠂ ᠨᠤᠭᠤ ᠭᠠᠵᠠᠷ᠂ ᠬᠠᠯᠠᠭᠤᠨ ᠷᠠᠰᠢᠶᠠᠨ᠂ ᠭᠠᠵᠠᠷ ᠰᠢᠨᠵᠢᠯᠡᠭᠡᠨ ᠤ ᠦᠵᠡᠮᠵᠢ᠂ ᠳᠤᠮᠳᠠᠳᠤ ᠤᠷᠤᠰ ᠮᠣᠩᠭᠤᠯ ᠤᠨ ᠪᠣᠭᠤᠮᠲᠠ᠂ ᠠᠷᠠᠳ ᠤᠨ ᠵᠠᠩ ᠦᠢᠯᠡ ᠲᠡᠦᠬᠡ ᠰᠣᠶᠣᠯ ᠲᠣᠮᠣ ᠠᠷᠪᠠᠨ ᠶᠡᠭᠡ ᠵᠢᠭᠤᠯᠴᠢᠯᠠᠯ ᠤᠨ ᠡᠬᠢ ᠪᠠᠶᠠᠯᠢᠭ ᠲᠠᠢ ᠮᠥᠷᠲᠡᠭᠡᠨ ᠣᠷᠣᠨ ᠪᠠᠶᠢᠷᠢ ᠶᠢᠨ ᠳᠠᠪᠠᠭᠤᠯᠢᠭ ᠲᠠᠢ ᠶᠤᠮ᠃      ︽13·5︾᠎ ᠶᠢᠨ ᠬᠤᠭᠤᠴᠠᠭᠠᠨ ᠳᠤ᠂ ᠥᠪᠥᠷ ᠮᠣᠩᠭᠤᠯ ︽ᠥᠪᠥᠷ ᠮᠣᠩᠭᠤᠯ ᠪᠡᠯᠡᠭ︾ ᠵᠢᠭᠤᠯᠴᠢᠯᠠᠯ ᠤᠨ ᠨᠡᠷᠡᠳᠬᠦᠨ ᠲᠥᠷᠥᠯ ᠲᠡᠮᠳᠡᠭᠲᠦ ᠶᠢ ᠶᠡᠬᠡᠪᠡᠷ ᠳᠡᠯᠭᠡᠷᠡᠭᠦᠯᠵᠦ᠂ ︽ᠬᠥᠳᠡᠭᠡ ᠲᠣᠰᠬᠤᠨ ᠤ ᠵᠢᠭᠤᠯᠴᠢᠯᠠᠯ ᠤᠨ ᠪᠡᠯᠡᠳᠬᠡᠯ ᠬᠠᠶᠢᠷᠴᠠᠭ ᠢᠨᠵᠧᠨᠧᠷᠢᠩ︾᠎ ᠢ ᠥᠷᠨᠢᠭᠦᠯᠵᠦ᠂ ᠳᠤᠮᠳᠠᠳᠤ ᠣᠷᠣᠰ ᠮᠣᠩᠭᠤᠯ ᠤᠨ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ︵ᠠᠷᠠᠳ ᠢ ᠪᠠᠶᠠᠵᠢᠭᠤᠯᠬᠤ︶᠎ ᠶᠢ ᠪᠦᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠵᠢᠭᠤᠯᠴᠢᠯᠠᠯ +᠎ ᠶᠢ ᠶᠡᠬᠡᠪᠡᠷ ᠲᠦᠯᠬᠢᠨ ᠠᠬᠢᠭᠤᠯᠬᠤ ᠪᠤᠯᠤᠨ᠎ᠠ᠃ 2017 ᠣᠨ ᠪᠣᠯᠬᠤ ᠳᠤ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠲᠣᠮᠣ ᠣᠷᠣᠨ ᠢ ᠦᠨᠳᠦᠰᠦᠨ ᠳᠡᠭᠡᠨ ᠪᠠᠶᠢᠭᠤᠯᠤᠨ ᠪᠡᠶᠡᠯᠡᠭᠦᠯᠬᠦ ᠪᠥᠭᠡᠳ ᠵᠢᠭᠤᠯᠴᠢᠯᠠᠯ ᠤᠨ ᠠᠵᠤ ᠠᠬᠤᠶ ᠶᠢᠨ ᠬᠦᠴᠦᠷᠬᠡᠭ ᠣᠷᠣᠨ ᠥᠭᠡᠳᠡ ᠤᠷᠤᠭᠰᠢᠯᠠᠵᠤ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ ᠶᠢ 3000 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ︔ 2020 ᠣᠨ ᠪᠣᠯᠬᠤ ᠳᠤ᠂ ᠵᠢᠭᠤᠯᠴᠢᠯᠠᠨ ᠲᠣᠭᠤᠷᠢᠬᠤ᠂ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠣᠨ ᠪᠣᠯᠭᠠᠨ ᠴᠣᠭᠴᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ ᠶᠢ 5000 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠬᠤᠣᠰ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号