ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠲᠠᠪᠤᠨ ᠶᠡᠭᠡ ᠴᠢᠬᠤᠯᠠ ᠬᠥᠭᠵᠢᠯᠲᠡ ᠶᠢᠨ ᠠᠵᠠ ᠲᠤᠬᠢᠶᠠᠯ ᠢ ᠤᠭᠲᠤᠨ ᠠᠪᠴᠢᠷᠠᠪᠠ
ᠨᠡᠶᠢᠲᠡᠯᠡᠭᠰᠡᠨ ᠴᠠᠭ᠄
2016/7/1
     6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠦᠷᠢᠶᠡᠰᠦᠯᠡᠯ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠨ ᠪᠤᠶᠢᠵᠢᠭᠤᠯᠬᠤ ᠪᠠ ᠬᠥᠭᠵᠢᠭᠦᠯᠬᠦ ᠲᠤᠬᠠᠶ ᠬᠡᠳᠦᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠲᠦᠷᠢᠶᠡᠰᠦᠯᠡᠯ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠪᠤᠶᠢᠵᠢᠭᠤᠯᠬᠤ ᠪᠠ ᠬᠥᠭᠵᠢᠭᠦᠯᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃      ︽ᠰᠠᠨᠠᠯ︾ ᠳᠤ ᠵᠢᠭᠠᠭᠰᠠᠨ ᠨᠢ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠶᠠᠪᠤᠭᠤᠯᠵᠤ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠢ ᠪᠤᠶᠢᠵᠢᠭᠤᠯᠤᠨ ᠬᠦᠭᠵᠢᠭᠦᠯᠬᠦ ᠶᠢ ᠬᠡᠷᠡᠭᠵᠢᠭᠦᠯᠬᠦ ᠪᠠᠯ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠭᠤᠯᠭ᠎ᠠ ᠮᠥᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠬᠠᠷᠠᠯᠲᠠ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠮᠥᠨ᠃ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠶᠠᠪᠤᠭᠤᠯᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠪᠠᠷ ᠭᠤᠣᠯ ᠴᠢᠭᠯᠡᠯ ᠪᠤᠯᠭᠠᠵᠤ᠂ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠪᠠᠷ ᠭᠤᠤᠯᠯᠠᠭᠤᠯᠤᠨ᠂ ᠵᠠᠰᠠᠭ ᠤᠨ ᠣᠷᠳᠣᠨ ᠠᠴᠠ ᠦᠨᠳᠦᠰᠦᠨ ᠪᠠᠲᠤᠯᠠᠭ᠎ᠠ ᠬᠠᠩᠭᠠᠬᠤ ᠣᠷᠣᠨ ᠰᠠᠭᠤᠴᠠ ᠶᠢᠨ ᠲᠦᠷᠢᠶᠡᠰᠦᠯᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠬᠡᠷᠡᠭᠯᠡᠭᠡ ᠶᠢ ᠳᠡᠮᠵᠢᠵᠦ᠂ ᠣᠷᠣᠨ ᠰᠠᠭᠤᠴᠠ ᠲᠦᠷᠢᠶᠡᠰᠦᠯᠡᠬᠦ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃      ᠥᠪᠥᠷ ᠮᠣᠩᠭᠤᠯ ᠤᠨ ︽13 · 5︾ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠠᠵᠤ ᠠᠬᠤᠶ ᠶᠢᠨ ᠬᠦᠷᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠳ ᠤᠨ ᠦᠵᠡᠬᠦ ᠪᠠᠷ᠂ ︽ᠰᠠᠨᠠᠯ︾ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠭᠡᠷ ᠪᠠᠶᠢᠰᠢᠩ ᠭᠠᠵᠠᠷ ᠬᠥᠷᠤᠩᠭᠡ ᠶᠢᠨ ᠦᠢᠯᠡᠰ ᠲᠤ ᠲᠠᠪᠤᠨ ᠲᠠᠯ᠎ᠠ ᠶᠢᠨ ᠴᠢᠬᠤᠯᠠ ᠬᠥᠭᠵᠢᠯᠲᠡ ᠶᠢᠨ ᠠᠵᠠ ᠲᠤᠬᠢᠶᠠᠯ ᠤᠯᠭᠤᠵᠠᠢ᠃      — — ︽ᠰᠠᠨᠠᠯ︾ ᠳᠤ ᠲᠤᠳᠤᠷᠬᠠᠶᠢᠯᠠᠭᠰᠠᠨ ᠨᠢ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠡᠶᠡᠴᠢ ᠴᠤᠭᠴᠠ ᠶᠢ ᠪᠤᠶᠢᠵᠢᠭᠤᠯᠬᠤ ᠳᠤᠮᠳᠠ ᠣᠷᠣᠨ ᠰᠠᠭᠤᠴᠠ ᠲᠦᠷᠢᠶᠡᠰᠦᠯᠡᠬᠦ ᠠᠵᠤ ᠠᠬᠤᠶᠢᠯᠠᠯ ᠢ ᠬᠦᠭᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠨᠡᠭᠡᠭᠡᠨ ᠬᠦᠭᠵᠢᠭᠦᠯᠬᠦ ᠠᠵᠤ ᠠᠬᠤᠶᠢᠯᠠᠯ ᠤᠨ ᠣᠷᠣᠨ ᠰᠠᠭᠤᠴᠠ ᠲᠦᠷᠢᠶᠡᠰᠦᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠰᠠᠭᠤᠴᠠ ᠲᠦᠷᠢᠶᠡᠰᠦᠯᠡᠬᠦ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠵᠤ᠂ ᠬᠤᠪᠢ ᠬᠥᠮᠦᠨ ᠤ ᠤᠷᠤᠨ ᠰᠠᠭᠤᠴᠠ ᠲᠦᠷᠢᠶᠡᠰᠦᠯᠡᠭᠦᠯᠬᠦ ᠶᠢ ᠳᠡᠮᠵᠢᠨ ᠵᠢᠷᠤᠮᠵᠢᠭᠤᠯᠤᠨ᠎ᠠ ᠭᠡᠵᠡᠢ᠃ ᠡᠨᠡ ᠨᠢ ᠥᠪᠥᠷ ᠮᠣᠩᠭᠤᠯ ᠤᠨ ᠣᠷᠣᠨ ᠰᠠᠭᠤᠴᠠ ᠲᠦᠷᠢᠶᠡᠰᠦᠯᠡᠬᠦ ᠠᠵᠤ ᠠᠬᠤᠶᠢᠯᠠᠯ ᠤᠨ ᠬᠡᠪᠴᠢᠶᠡᠵᠢᠬᠦ᠂ ᠡᠷᠴᠢᠮᠵᠢᠬᠦ᠂ ᠲᠤᠰᠬᠠᠶᠢᠵᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠢ ᠮᠦᠷᠲᠡᠭᠡᠨ ᠥᠪᠥᠷ ᠮᠣᠩᠭᠤᠯ ᠤᠨ ᠬᠥᠮᠦᠨ ᠠᠮᠠ ᠨᠡᠯᠢᠶᠡᠳ ᠶᠡᠭᠡ ᠲᠦᠪᠯᠡᠷᠡᠭᠰᠡᠨ ᠬᠥᠬᠡᠬᠤᠲᠠ᠂ ᠪᠤᠭᠤᠲᠤ᠂ ᠤᠯᠠᠭᠠᠨᠬᠠᠳᠠ ᠵᠡᠷᠭᠡ ᠬᠤᠳᠠ ᠶᠢᠨ ᠭᠡᠷ ᠪᠠᠶᠢᠰᠢᠩ ᠭᠠᠵᠠᠷ ᠭᠦᠷᠦᠩᠭᠡ ᠶᠢᠨ ᠠᠵᠤ ᠠᠬᠤᠶᠢᠯᠠᠯ ᠤᠨ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠶᠠᠪᠤᠭᠤᠯᠬᠤ ᠪᠠᠷ ᠳᠠᠮᠵᠢᠭᠤᠯᠤᠨ ᠤᠯᠠᠨ ᠡᠰᠢᠵᠢᠭᠰᠡᠨ ᠬᠥᠭᠵᠢᠯᠲᠡ ᠶᠢ ᠪᠡᠶᠡᠯᠡᠭᠦᠯᠬᠦ ᠳᠤ ᠨᠡᠩ ᠠᠰᠢᠭᠲᠠᠢ ᠪᠤᠯᠤᠨ᠎ᠠ᠃      — — ︽ᠰᠠᠨᠠᠯ︾ ᠳᠤ ᠲᠤᠳᠤᠷᠬᠠᠶᠢᠯᠠᠭᠰᠠᠨ ᠨᠢ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠬᠡᠷᠡᠭᠯᠡᠭᠡ ᠶᠢ ᠵᠣᠷᠢᠭᠵᠢᠭᠤᠯᠵᠤ᠂ ᠣᠷᠣᠨ ᠰᠠᠭᠤᠴᠠ ᠲᠦᠷᠢᠶᠡᠰᠦᠯᠡᠬᠦ ᠲᠦᠷᠦ ᠶᠢᠨ ᠪᠤᠳᠦᠯᠭ᠎ᠠ ᠶᠢ ᠲᠡᠭᠦᠯᠳᠡᠷᠵᠢᠭᠦᠯᠵᠦ᠂ ᠲᠦᠷᠢᠶᠡᠰᠦᠯᠡᠭᠴᠢ ᠨᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠬᠠᠤᠯᠢ ᠶᠤᠰᠤᠭᠠᠷ ᠡᠳ᠋ᠯᠡᠬᠦ ᠶᠢ ᠪᠠᠲᠤᠯᠠᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠠᠶᠢᠰᠢᠩ ᠲᠦᠷᠢᠶᠡᠰᠦᠯᠡᠬᠦ ᠪᠠᠷ ᠳᠠᠮᠵᠢᠭᠤᠯᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠬᠥᠲᠥᠯᠥᠨ ᠵᠢᠯᠣᠭᠤᠳᠴᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠴᠤ ᠭᠡᠷ ᠤᠨ ᠲᠦᠷᠢᠶᠡᠰᠦ ᠪᠠᠨ ᠲᠦᠯᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠢᠶᠡᠰᠦᠯᠡᠭᠴᠢ ᠪᠠ ᠲᠦᠷᠢᠶᠡᠰᠦᠯᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ ᠭᠡᠵᠡᠢ᠃ ᠡᠨᠡ ᠨᠢ ᠥᠪᠥᠷ ᠮᠣᠩᠭᠤᠯ ᠤᠨ ᠬᠦᠮᠦᠷᠭᠡ ᠶᠢᠨ ᠬᠠᠳᠠᠭᠠᠯᠠᠮᠵᠢ ᠶᠢ ᠦᠭᠡᠶᠢᠰᠭᠡᠬᠦ ᠲᠠᠢ ᠬᠠᠮᠲᠤ ᠭᠡᠷ ᠪᠠᠶᠢᠰᠢᠩ ᠬᠤᠳᠠᠯᠳᠤᠨ ᠠᠪᠬᠤ ᠬᠦᠴᠢᠷᠳᠡᠯ ᠲᠠᠢ ᠬᠦᠮᠦᠰ ᠤᠨ ᠤᠷᠤᠨ ᠰᠠᠭᠤᠴᠠ ᠶᠢ ᠨᠡᠶᠢᠯᠡᠭᠦᠯᠦᠨ ᠰᠢᠢᠳᠪᠦᠷᠢᠯᠡᠬᠦ ᠳᠤ ᠠᠰᠢᠭᠲᠠᠢ ᠮᠦᠷᠲᠡᠭᠡᠨ ᠥᠪᠥᠷ ᠮᠣᠩᠭᠤᠯ ᠣᠷᠣᠨ ᠰᠠᠭᠤᠴᠠ ᠲᠦᠷᠢᠶᠡᠰᠦᠯᠡᠬᠦ ᠪᠠ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠤ ᠶᠢᠨ ᠪᠤᠲᠤᠯᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠪᠤᠵᠠᠭᠠᠶᠢᠷᠠᠭᠤᠯᠬᠤ ᠳᠤ ᠴᠦ ᠠᠰᠢᠭᠲᠠᠢ ᠶᠤᠮ᠃      — — ︽ᠰᠠᠨᠠᠯ︾ ᠳᠤ ᠲᠣᠳᠤᠷᠬᠠᠶᠢᠯᠠᠭᠰᠠᠨ ᠨᠢ᠂ ᠤᠯᠠᠨ ᠨᠡᠶᠢᠲᠡ ᠶᠢᠨ ᠳᠦᠷᠢᠶᠡᠰᠦᠯᠡᠯ ᠤᠨ ᠣᠷᠣᠨ ᠰᠠᠭᠤᠴᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠯᠪᠠᠨ ᠠᠴᠠ ᠪᠠᠶᠢᠭᠤᠯᠤᠭᠰᠠᠨ ᠳᠦᠷᠢᠶᠡᠰᠦᠯᠡᠯ ᠤᠨ ᠤᠷᠤᠨ ᠰᠠᠭᠤᠴᠠ ᠶᠢᠨ ᠵᠣᠭᠤᠰᠴᠢᠯᠠᠯᠲᠠ ᠶᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠳᠦᠷᠢᠶᠡᠰᠦᠯᠡᠯ ᠤᠨ ᠤᠷᠤᠨ ᠰᠠᠭᠤᠴᠠ ᠶᠢᠨ ᠡᠵᠡᠩᠨᠡᠯᠲᠡ ᠶᠢᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ ᠢᠷᠡᠵᠦ ᠠᠵᠢᠯ ᠬᠦᠳᠡᠯᠮᠦᠷᠢ ᠬᠢᠵᠦ ᠪᠠᠶᠢᠭ᠎ᠠ ᠬᠥᠮᠦᠰ᠂ ᠰᠢᠨ᠎ᠡ ᠠᠵᠢᠯ ᠣᠯᠣᠭᠰᠠᠨ ᠣᠶᠤᠲᠠᠨ ᠪᠠ ᠵᠠᠯᠠᠭᠤ ᠡᠮᠴᠢ᠂ ᠵᠠᠯᠠᠭᠤ ᠪᠠᠭᠰᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠳ ᠤᠨ ᠨᠥᠬᠦᠴᠡᠯ ᠳᠤ ᠨᠡᠶᠢᠴᠡᠬᠦ ᠪᠦᠬᠦᠨ ᠢ ᠠᠯᠪᠠᠨ ᠠᠴᠠ ᠪᠠᠶᠢᠭᠤᠯᠤᠭᠰᠠᠨ ᠳᠦᠷᠢᠶᠡᠰᠦᠯᠡᠯ ᠤᠨ ᠤᠷᠤᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ ᠭᠡᠵᠡᠢ᠃ ᠡᠨᠡ ᠨᠢ ᠥᠪᠥᠷ ᠮᠣᠩᠭᠤᠯ ᠤᠨ ᠠᠯᠪᠠᠨ ᠠᠴᠠ ᠪᠠᠶᠢᠭᠤᠯᠤᠭᠰᠠᠨ ᠳᠦᠷᠢᠶᠡᠰᠦᠯᠡᠯ ᠤᠨ ᠤᠷᠤᠨ ᠰᠠᠭᠤᠴᠠ ᠶᠢᠨ ᠵᠣᠭᠤᠰᠴᠢᠯᠠᠯᠲᠠ ᠪᠠᠷ ᠦᠢ ᠤᠯᠠᠨ ᠬᠤᠲᠠ ᠳᠤ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠦᠮᠦᠰ᠂ ᠬᠤᠳᠠ ᠳᠤ ᠢᠷᠡᠵᠦ ᠠᠵᠢᠯ ᠣᠯᠵᠤ ᠠᠳᠠᠯ ᠦᠢᠯᠡᠰ ᠴᠣᠭᠴᠠᠯᠠᠭᠴᠢᠳ ᠤᠨ ᠠᠵᠤ ᠠᠬᠤᠶ ᠶᠢᠨ ᠪᠦᠳᠤᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠪᠠᠷ ᠪᠠᠷᠠᠬᠤ ᠦᠭᠡᠢ᠂ ᠥᠪᠥᠷ ᠮᠣᠩᠭᠤᠯ ᠡᠨᠡ ᠬᠦ ᠰᠠᠭᠤᠷᠢᠨ ᠳᠡᠭᠡᠷ᠎ᠡ ᠬᠥᠮᠦᠨ ᠠᠮᠠ ᠶᠢ ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤᠨ ᠳᠤ ᠲᠥᠪᠯᠡᠷᠡᠭᠦᠯᠬᠦ ᠶᠢ ᠠᠬᠢᠭᠤᠯᠬᠤ ᠳᠤ ᠴᠦ ᠨᠡᠩ ᠠᠰᠢᠭᠲᠠᠢ ᠪᠠᠶᠢᠵᠤ᠂ ᠬᠤᠳᠠ ᠪᠠᠯᠭᠠᠰᠤᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠪᠣᠯᠤᠨ᠎ᠠ᠃      — — ︽ᠰᠠᠨᠠᠯ︾ ᠳᠤ ᠲᠣᠳᠤᠷᠬᠠᠶᠢᠯᠠᠭᠰᠠᠨ ᠨᠢ᠂ ᠳᠦᠷᠢᠶᠡᠰᠦᠯᠡᠯ ᠤᠨ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠲᠠ ᠶᠢ ᠲᠡᠳᠬᠦᠨ ᠳᠡᠮᠵᠢᠵᠦ᠂ ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠬᠠᠩᠭᠠᠯᠭ᠎ᠠ ᠬᠡᠷᠡᠭᠴᠡᠭᠡᠨ ᠤ ᠪᠠᠶᠢᠳᠠᠯ ᠵᠡᠷᠭᠡ ᠬᠦᠴᠦᠨ ᠵᠦᠢᠯ ᠲᠠᠢ ᠪᠠᠨ ᠤᠶᠠᠯᠳᠤᠭᠤᠯᠤᠨ᠂ ᠰᠢᠨ᠎ᠡ ᠪᠠᠷ ᠪᠠᠶᠢᠭᠤᠯᠬᠤ ᠳᠦᠷᠢᠶᠡᠰᠦᠯᠡᠯ ᠤᠨ ᠤᠷᠤᠨ ᠰᠠᠭᠤᠴᠠ ᠶᠢ ᠣᠷᠣᠨ ᠰᠠᠭᠤᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠲᠠᠸᠠᠷ ᠤᠨ ᠬᠡᠷᠡᠭᠯᠡᠭᠡᠨ ᠤ ᠤᠷᠤᠨ ᠰᠠᠭᠤᠴᠠ ᠵᠡᠷᠭᠡ ᠶᠢ ᠲᠣᠭᠲᠠᠭᠠᠯ ᠶᠣᠰᠣᠭᠠᠷ ᠳᠦᠷᠢᠶᠡᠰᠦᠯᠡᠯ ᠤᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠶᠢ ᠵᠦᠪᠰᠢᠶᠡᠷᠡᠨ᠂ ᠣᠳᠣᠬᠢ ᠪᠠᠶᠢᠭ᠎ᠠ ᠣᠷᠣᠨ ᠰᠠᠭᠤᠴᠠ ᠶᠢ ᠤᠯᠤᠰ ᠪᠠ ᠣᠷᠣᠨ ᠨᠤᠲᠤᠭ ᠤᠨ ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠵᠢᠷᠤᠮᠵᠢᠯ ᠶᠣᠰᠣᠭᠠᠷ ᠥᠭᠡᠷᠡᠴᠢᠯᠡᠭᠰᠡᠨ ᠤ ᠳᠠᠷᠠᠭ᠎ᠠ ᠳᠦᠷᠢᠶᠡᠰᠦᠯᠡᠭᠦᠯᠬᠦ ᠶᠢ ᠵᠦᠪᠰᠢᠶᠡᠷᠡᠨ᠎ᠡ ᠭᠡᠵᠡᠢ᠃ ᠬᠠᠳᠠᠭᠠᠯᠠᠮᠵᠢ ᠶᠢ ᠦᠭᠡᠶᠢᠰᠬᠡᠬᠦ ᠪᠠᠶᠢᠳᠠᠯ ᠬᠦᠨᠳᠦ ᠬᠡᠴᠡᠭᠦᠦ ᠪᠠᠶᠢᠳᠠᠯ ᠳᠣᠣᠷ᠎ᠠ᠂ ᠡᠨᠡ ᠨᠢ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠤᠳᠠ ᠵᠢᠴᠢ ᠡᠷᠬᠢᠨ ᠲᠣᠭᠤᠷᠢᠨ ᠤ ᠶᠡᠭᠡ ᠬᠡᠮᠵᠢᠶᠡᠨ ᠤ ᠭᠡᠷ ᠭᠠᠵᠠᠷ ᠬᠦᠷᠦᠩᠭᠡ ᠶᠢᠨ ᠬᠠᠳᠠᠭᠠᠯᠠᠮᠵᠢ ᠶᠢ ᠦᠭᠡᠶᠢᠰᠬᠡᠬᠦ ᠳᠤ ᠠᠰᠢᠭᠲᠠᠢ ᠪᠠᠷ ᠪᠠᠷᠠᠬᠤ ᠦᠭᠡᠢ᠂ ᠵᠣᠬᠢᠬᠤ ᠬᠡᠮᠵᠢᠶᠡᠨ ᠤ ᠬᠠᠳᠠᠭᠠᠯᠠᠮᠵᠢ ᠶᠢ ᠦᠭᠡᠶᠢᠰᠬᠡᠬᠦ ᠪᠠᠷ ᠳᠠᠮᠵᠢᠨ ᠵᠠᠷᠢᠮ ᠭᠡᠷ ᠪᠠᠶᠢᠰᠢᠩ ᠭᠠᠵᠠᠷ ᠭᠦᠷᠦᠩᠭᠡ ᠶᠢᠨ ᠠᠵᠤ ᠠᠬᠤᠶᠢᠯᠠᠯ ᠤᠨ ᠡᠷᠡᠭᠦᠯ ᠪᠤᠰᠤ ᠵᠢᠭᠡᠯᠡᠯᠭᠡ ᠵᠡᠷᠭᠡ ᠠᠯᠢ ᠣᠯᠠᠨ ᠰᠢᠢᠳᠪᠦᠷᠢᠯᠡᠭᠳᠡᠭᠡᠳᠦᠶ ᠪᠡᠷᠬᠡ ᠠᠰᠠᠭᠤᠳᠠᠯ ᠢ ᠰᠢᠢᠳᠪᠦᠷᠢᠯᠡᠬᠦ ᠳᠤ ᠴᠦ ᠨᠡᠩ ᠠᠰᠢᠭᠲᠠᠢ ᠪᠠᠶᠢᠵᠤ᠂ ᠡᠭᠦᠨ ᠤ ᠤᠯᠠᠮ ᠢᠶᠠᠷ ᠡᠳᠡᠭᠡᠷ ᠭᠡᠷ ᠪᠠᠶᠢᠰᠢᠩ ᠭᠠᠵᠠᠷ ᠭᠦᠷᠦᠩᠭᠡ ᠶᠢᠨ ᠠᠵᠤ ᠠᠬᠤᠶᠢᠯᠠᠯ ᠤᠨ ᠤᠷᠤᠰᠢᠨ ᠲᠣᠭᠲᠠᠨᠢᠬᠤ ᠬᠦᠴᠢᠷᠳᠡᠯ ᠠᠴᠠ ᠠᠩᠭᠢᠵᠢᠷᠠᠬᠤ ᠶᠢ ᠠᠬᠢᠭᠤᠯᠵᠤ ᠴᠢᠳᠠᠨ᠎ᠠ᠃      — — ︽ᠰᠠᠨᠠᠯ︾ ᠳᠤ ᠲᠣᠳᠤᠷᠬᠠᠶᠢᠯᠠᠭᠰᠠᠨ ᠨᠢ᠂ ᠬᠠᠤᠯᠢ ᠶᠣᠰᠣᠭᠠᠷ ᠳᠠᠩᠰᠠᠯᠠᠭᠤᠯᠤᠨ ᠲᠡᠮᠳᠡᠭᠯᠡᠭᠦᠯᠦᠭᠰᠡᠨ ᠣᠷᠣᠨ ᠰᠠᠭᠤᠴᠠ ᠶᠢᠨ ᠳᠦᠷᠢᠶᠡᠰᠦᠯᠡᠯ ᠤᠨ ᠠᠵᠤ ᠠᠬᠤᠶᠢᠯᠠᠯ᠂ ᠪᠠᠶᠢᠭᠤᠯᠤᠮᠵᠢ ᠪᠠ ᠬᠤᠪᠢ ᠬᠥᠮᠦᠨ ᠳᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠦ ᠶᠢᠨ ᠪᠤᠳᠤᠯᠭ᠎ᠠ ᠶᠢᠨ ᠳᠡᠮᠵᠢᠯᠭᠡ ᠣᠯᠭᠤᠨ᠎ᠠ᠄ ᠣᠷᠣᠨ ᠰᠠᠭᠤᠴᠠ ᠳᠦᠷᠢᠶᠡᠰᠦᠯᠡᠬᠦ ᠲᠤᠬᠠᠶ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠤᠪᠢ ᠬᠥᠮᠦᠨ ᠣᠷᠣᠨ ᠰᠠᠭᠤᠴᠠ ᠪᠠᠨ ᠳᠦᠷᠢᠶᠡᠰᠦᠯᠡᠭᠦᠯᠪᠡᠯ᠂ 5% ᠶᠢᠨ ᠦᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠨᠣᠷᠮ᠎ᠠ ᠶᠢ ᠬᠥᠩᠭᠡᠷᠡᠭᠦᠯᠦᠭᠡᠳ 1.5% ᠪᠠᠷ ᠲᠤᠰᠢᠶᠠᠯᠭᠠᠨ᠎ᠠ︔ ᠬᠤᠪᠢ ᠬᠥᠮᠦᠨ ᠤ ᠳᠦᠷᠢᠶᠡᠰᠦᠯᠡᠯ ᠤᠨ ᠤᠷᠤᠨ ᠰᠠᠭᠤᠴᠠ ᠶᠢᠨ ᠰᠠᠷ᠎ᠠ ᠶᠢᠨ ᠣᠷᠣᠯᠭ᠎ᠠ ᠨᠢ 3 ᠲᠦᠮᠡᠨ ᠲᠦᠭᠦᠷᠢᠭ ᠠᠴᠠ ᠬᠡᠲᠦᠷᠡᠬᠦ ᠦᠭᠡᠢ ᠪᠣᠯ᠂ 2017 ᠣᠨ ᠤ ᠡᠴᠦᠰ ᠠᠴᠠ ᠡᠮᠦᠨ᠎ᠡ ᠲᠣᠭᠲᠠᠭᠠᠯ ᠶᠣᠰᠣᠭᠠᠷ ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠡᠳ᠋ᠯᠡᠵᠦ ᠪᠣᠯᠤᠨ᠎ᠠ︔ ᠬᠤᠪᠢ ᠬᠥᠮᠦᠨ ᠤ ᠳᠦᠷᠢᠶᠡᠰᠦᠯᠡᠯ ᠤᠨ ᠤᠷᠤᠨ ᠰᠠᠭᠤᠴᠠ ᠶᠢᠨ ᠠᠰᠢᠭ ᠤᠷᠤᠯᠭ᠎ᠠ ᠳᠠᠬᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠭᠠᠰ ᠢᠶᠠᠷ ᠬᠥᠩᠭᠡᠯᠡᠨ ᠲᠠᠲᠠᠪᠤᠷᠢᠯᠠᠨ᠎ᠠ︔ ᠬᠤᠪᠢ ᠬᠥᠮᠦᠨ ᠤ ᠲᠦᠷᠢᠶᠡᠰᠦᠯᠡᠭᠰᠡᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠵᠠᠷᠤᠯᠭ᠎ᠠ ᠶᠢᠨ ᠲᠠᠯ᠎ᠠ  ᠪᠠᠷ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠵᠠᠷᠤᠳᠠᠯ ᠢ ᠬᠡᠷᠬᠢᠨ ᠰᠠᠭᠤᠳᠬᠠᠬᠤ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠤᠳᠤᠯᠤᠨ᠎ᠠ ᠭᠡᠵᠡᠢ᠃ ᠡᠨᠡ ᠨᠢ ᠥᠪᠥᠷ ᠮᠣᠩᠭᠤᠯ ᠤᠨ ᠣᠷᠣᠨ ᠰᠠᠭᠤᠴᠠ ᠶᠢᠨ ᠳᠦᠷᠢᠶᠡᠰᠦᠯᠡᠯ ᠤᠨ ᠲᠦᠷᠦ ᠶᠢᠨ ᠪᠤᠳᠦᠯᠭ᠎ᠠ ᠶᠢ ᠬᠡᠷᠡᠭᠵᠢᠭᠦᠯᠬᠦ ᠪᠠᠷ ᠳᠠᠮᠵᠢᠨ ᠣᠷᠣᠨ ᠰᠠᠭᠤᠴᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠪᠠᠷ ᠪᠠᠷᠠᠬᠤ ᠦᠭᠡᠢ᠂ ᠣᠷᠣᠨ ᠰᠠᠭᠤᠴᠠ ᠶᠢᠨ ᠳᠦᠷᠢᠶᠡᠰᠦᠯᠡᠯ ᠢ ᠵᠣᠷᠢᠭᠵᠢᠭᠤᠯᠬᠤ ᠪᠠᠷ ᠳᠠᠮᠵᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠳᠤ ᠴᠦ ᠨᠡᠩ ᠠᠰᠢᠭᠲᠠᠢ ᠪᠠᠶᠢᠵᠤ᠂ ᠬᠤᠪᠢ ᠬᠥᠮᠦᠨ ᠤ ᠣᠷᠣᠯᠭ᠎ᠠ ᠶᠢ ᠨᠡᠮᠡᠭᠳᠡᠭᠦᠯᠦᠨ᠂ ᠣᠷᠣᠨ ᠨᠤᠲᠤᠭ ᠤᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ