7 ᠳ᠋ᠤᠭᠠᠷ ᠰᠠᠷ᠎ᠠ ᠶᠢᠨ 9 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | 74 ᠳ᠋ᠤᠭᠡᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠭᠠᠷᠠᠭ ᠤᠨ ᠠᠮᠠᠷᠠᠯᠲᠠ ᠶᠢᠨ ᠲᠠᠶᠢᠯᠤᠮᠵᠢ ᠬᠢᠪᠠ᠃ | ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 95 ᠵᠢᠯ ᠤᠨ ᠤᠢ ᠶᠢ ᠲᠤᠷᠠᠰᠬᠠᠵᠤ ᠪᠦᠬᠦ ᠤᠷᠤᠨ ᠤ | ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ | ᠴᠢᠨᠠᠭᠰᠢᠳᠠ ᠬᠦᠨᠵᠡᠭᠡᠢ ᠦᠷᠨᠢᠬᠦᠯᠬᠦ ᠶᠢᠨ ᠲᠦᠯᠦᠭᠡ᠂ ᠲᠤᠰ ᠬᠤᠭᠤᠴᠠᠭᠠᠨ ᠤ ᠲᠠᠶᠢᠯᠤᠮᠵᠢ ᠳᠤ ᠪᠡᠭᠡᠵᠢᠩ ᠶᠡᠭᠡ | ᠰᠤᠷᠭᠠᠭᠤᠯᠢ ᠶᠢᠨ ᠴᠢᠭᠡᠴᠢ ᠵᠠᠰᠠᠭ ᠤᠨ ᠪᠠᠶᠢᠭᠤᠯᠤᠯᠲᠠ ᠶᠢᠨ ᠰᠤᠳᠤᠯᠭᠠᠨ ᠤ ᠲᠦᠪ ᠤᠨ ᠯᠢ ᠴᠧᠩ ᠶᠠᠨ | ᠫᠷᠦᠹᠧᠰᠰᠤᠷ ᠢ ᠲᠤᠰᠬᠠᠢᠢᠯᠠᠨ ᠤᠷᠢᠵᠦ᠂ ᠪᠦᠬᠦ ᠤᠷᠤᠨ ᠤ ᠺᠠᠳ᠋ᠷᠴᠤᠳ ᠲᠤ ︽ᠬᠤᠶᠠᠷ ᠢ ᠰᠤᠷᠤᠯᠴᠠᠵᠦ ᠬᠢᠷᠢ | ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠠᠯ | ᠤᠷᠤᠭᠤᠯᠵᠠᠢ᠃ ᠲᠠᠶᠢᠯᠤᠮᠵᠢ ᠨᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠤᠳᠤᠷᠢᠳᠬᠤ | ᠳᠤᠭᠤᠢᠢᠯᠠᠩ ᠤᠨ ᠠᠵᠢᠯ ᠤᠨ ᠲᠦᠷᠢᠮ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠷᠤᠨ ᠨᠤᠳᠤᠭ ᠤᠨ | ᠬᠤᠷᠢᠶ᠎ᠠ ᠶᠢᠨ ᠠᠵᠢᠯ ᠤᠨ ᠲᠦᠷᠢᠮ᠂ ᠰᠠᠬᠢᠯᠭ᠎ᠠ ᠪᠠᠳᠦ ᠶᠢᠨ ᠰᠢᠳᠬᠡᠯ ᠦᠭᠬᠦ ᠲᠦᠷᠢᠮ ᠵᠡᠷᠭᠡ ᠨᠠᠮ ᠤᠨ ᠰᠠᠬᠢᠯᠭ᠎ᠠ | ᠪᠠᠳᠤ ᠨᠠᠮ ᠤᠨ ᠲᠦᠷᠢᠮ ᠲᠤᠭᠲᠠᠭᠠᠯ ᠠᠴᠠ ᠭᠠᠷᠳᠠᠵᠤ᠂ ᠡᠯᠪᠡᠭ ᠪᠠᠶᠠᠯᠢᠭ ᠬᠡᠷᠡᠭ ᠤᠨ ᠵᠢᠱᠢᠶ᠎ᠡ ᠪᠣᠯᠣᠨ ᠦᠨᠡᠨ | ᠪᠤᠳᠠᠳᠤ ᠲᠤᠭ᠎ᠠ ᠪᠠᠷᠢᠮᠲᠠ ᠪᠠᠷ ᠤᠳᠤᠬᠠᠨ ᠤ ᠢᠯᠵᠢᠷᠡᠯ ᠢ ᠡᠰᠡᠷᠬᠦᠴᠡᠬᠦ ᠲᠠᠮᠡᠴᠡᠯ ᠤᠨ ᠪᠠᠶᠢᠳᠠᠯ ᠪᠤᠯᠤᠨ ᠤᠨᠴᠠᠯᠢᠭ | ᠲᠤ ᠬᠦᠨᠵᠡᠭᠡᠢ ᠵᠠᠳᠠᠯᠤᠯᠳᠠ ᠬᠢᠵᠤ᠂ ᠢᠯᠵᠢᠷᠠᠯ ᠢ ᠵᠠᠰᠠᠬᠤ ᠰᠢᠨ᠎ᠡ ᠣᠨᠣᠯᠵᠢᠬᠤᠨ᠂ ᠰᠢᠨ᠎ᠡ ᠰᠡᠳᠬᠢᠮᠵᠢ ᠪᠤᠯᠤᠨ | ᠰᠢᠨ᠎ᠡ ᠠᠷᠭ᠎ᠠ ᠠᠪᠴᠠᠯ ᠢ ᠬᠦᠨᠵᠡᠭᠡᠢ ᠲᠤᠳᠤᠷᠬᠠᠢᠢᠯᠠᠨ ᠲᠠᠶᠢᠯᠪᠤᠷᠢᠯᠠᠭᠰᠠᠨ ᠪᠠᠶᠢᠨ᠎ᠠ᠃ ᠲᠠᠶᠢᠯᠤᠮᠵᠢ ᠶᠢᠨ ᠦᠵᠡᠯᠳᠠ | ᠲᠤᠳᠤ᠂ ᠵᠠᠳᠠᠯᠤᠯᠳᠠ ᠬᠦᠨᠵᠡᠭᠡᠢ᠂ ᠤᠨᠤᠯ ᠤᠨ ᠵᠢᠯᠤᠭᠤᠳᠬᠤ ᠴᠢᠨᠠᠷ ᠲᠠᠢ ᠪᠦᠭᠡᠳ ᠦᠢᠯᠡᠳᠤᠯᠭᠡ ᠶᠢᠨ ᠠᠴᠢ | ᠬᠤᠯᠪᠤᠭᠳᠠᠯ ᠲᠠᠢ ᠪᠤᠯᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠱᠠᠭᠠᠷᠳᠠᠭᠰᠠᠨ ᠨᠢ᠂ | ᠤᠳᠤᠷᠢᠳᠬᠤ ᠺᠠᠳ᠋ᠷᠴᠤᠳ ᠲᠠᠶᠢᠯᠤᠮᠵᠢ ᠶᠢᠨ ᠠᠭᠤᠯᠭ᠎ᠠ ᠶᠢ ᠬᠦᠨᠵᠡᠭᠡᠢ ᠤᠢᠢᠯᠠᠭᠠᠵᠤ᠂ ︽ᠬᠤᠶᠠᠷ ᠢ ᠰᠤᠷᠤᠯᠴᠠᠵᠦ | ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠱᠠᠭᠠᠷᠳᠠᠯᠭ᠎ᠠ ᠶᠤᠰᠤᠭᠠᠷ ᠨᠠᠮ ᠤᠨ | ᠰᠠᠬᠢᠯᠭ᠎ᠠ ᠪᠠᠳᠤ ᠨᠠᠮ ᠤᠨ ᠲᠦᠷᠢᠮ ᠲᠤᠬᠲᠠᠭᠠᠯ ᠢ ᠰᠠᠶᠢᠳᠤᠷ ᠰᠤᠷᠤᠯᠴᠠᠨ᠂ ᠲᠦᠷᠢᠮ ᠲᠤᠬᠲᠠᠭᠠᠯ ᠤᠨ ᠤᠬᠠᠮᠰᠠᠷ᠂ | ᠴᠢᠬᠡᠴᠢ ᠵᠠᠰᠠᠭ ᠤᠨ ᠤᠬᠠᠮᠰᠠᠷ ᠢ ᠪᠠᠲᠦ ᠪᠠᠬᠢ ᠪᠤᠢ ᠪᠤᠯᠭᠠᠵᠦ᠂ ᠢᠯᠵᠢᠷᠡᠯ ᠢ ᠡᠰᠡᠷᠭᠦᠴᠡᠬᠦ ᠴᠢᠳᠠᠪᠤᠷᠢ ᠪᠠᠨ ᠨᠠᠩ | ᠳᠡᠭᠡᠭᠰᠢᠯᠡᠬᠦᠯᠤᠨ ᠦᠪᠡᠷᠲᠡᠭᠡᠨ ᠵᠠᠰᠬᠤ ᠤᠷᠤᠨ ᠤ ᠡᠯ᠎ᠡ ᠠᠵᠢᠯ ᠦᠢᠯᠡᠰ ᠤᠨ ᠴᠢᠨᠠᠷᠯᠢᠭ ᠪᠦᠭᠡᠳ ᠲᠦᠷᠭᠡᠨ | ᠬᠦᠭᠵᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠪᠠ᠃ |