ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ | ᠤᠢᠢᠯᠠᠭᠠᠬᠰᠠᠨ ᠢᠶᠠᠷ᠂ ᠮᠠᠨ ᠤ ᠤᠷᠤᠨ ᠤ ᠡᠯ᠎ᠡ ᠠᠶᠢᠮᠠᠬ ᠬᠤᠳᠡ ᠶᠢᠨ ᠬᠢᠨ ᠨᠤᠳᠤᠭ ᠪᠡᠯᠴᠢᠬᠡᠷ ᠤᠨ ᠬᠤᠷᠤᠬᠠᠢ | ᠰᠢᠪᠡᠵᠢ ᠶᠢᠨ ᠬᠦᠨᠦᠬᠡᠯ ᠢ ᠰᠡᠷᠬᠡᠶᠢᠯᠡᠨ ᠵᠠᠰᠠᠬᠤ ᠱᠠᠳᠤᠨ ᠳᠤ ᠤᠷᠤᠵᠤ᠂ ᠤᠳᠤᠬᠠᠨ ᠪᠤᠯᠳᠠᠯ᠎ᠡ 727.8 ᠲᠦᠮᠡᠨ | ᠮᠦ ᠨᠤᠳᠤᠭ ᠪᠡᠯᠴᠢᠬᠡᠷ ᠤᠨ ᠬᠤᠷᠤᠬᠠᠢ ᠰᠢᠪᠡᠵᠢ ᠶᠢᠨ ᠬᠦᠨᠦᠬᠡᠯ ᠢ ᠰᠡᠷᠬᠡᠶᠢᠯᠡᠨ ᠵᠠᠰᠠᠭᠠᠳ ᠠᠵᠤ ᠠᠬᠤᠢ ᠶᠢᠨ | ᠰᠢᠭᠤᠳ ᠬᠤᠬᠢᠷᠠᠯ ᠢ 6550.2 ᠲᠦᠮᠡᠨ ᠲᠦᠬᠦᠷᠢᠭ ᠡᠬᠡᠬᠦᠯᠦᠨ ᠠᠪᠴᠢᠷᠠᠭᠰᠠᠨ ᠪᠠᠶᠢᠨ᠎ᠠ᠃ | ᠦᠪᠦᠷ ᠮᠤᠩᠭᠤᠯ ᠤᠨ ᠲᠠᠯ᠎ᠡ ᠨᠤᠳᠤᠭ ᠪᠤᠯ ᠬᠤᠷᠤᠬᠠᠢ ᠰᠢᠪᠡᠵᠢ ᠶᠢᠨ ᠬᠦᠨᠦᠬᠡᠯ ᠡᠬᠦᠰᠳᠡᠭ | ᠭᠤᠤᠯᠳᠠᠯᠭ᠎ᠠ ᠲᠠᠢ ᠤᠷᠤᠨ ᠶᠤᠮ᠂ ᠨᠤᠳᠤᠭ ᠪᠡᠯᠴᠢᠬᠡᠷ ᠤᠨ ᠨᠢᠬᠦᠯᠳᠤ ᠬᠤᠷᠤᠬᠠᠢ ᠰᠢᠪᠡᠵᠢ ᠶᠢᠨ ᠲᠦᠷᠦᠯ ᠵᠦᠢᠯ | ᠤᠯᠠᠨ᠂ ᠬᠦᠨᠦᠬᠡᠯ ᠲᠠᠷᠢᠬᠤ ᠬᠤᠭᠤᠴᠠᠭ᠎ᠠ ᠨᠢ ᠤᠷᠳᠤ ᠪᠠᠶᠢᠵᠤ᠂ ᠡᠨᠡ ᠵᠢᠯ ᠪᠦᠬᠦ ᠤᠷᠤᠨ ᠤ 5346.2 ᠲᠦᠮᠡᠨ | ᠮᠦ ᠨᠤᠳᠤᠭ ᠪᠡᠯᠴᠢᠬᠡᠷ ᠬᠤᠷᠤᠬᠠᠢ ᠰᠢᠪᠡᠵᠢ ᠶᠢᠨ ᠬᠦᠨᠦᠬᠡᠯ ᠳᠤ ᠲᠠᠭᠠᠷᠢᠬᠳᠠᠪᠡ᠃ ᠬᠤᠷᠤᠬᠠᠢ ᠰᠢᠪᠡᠵᠢ ᠶᠢᠨ | ᠬᠦᠨᠦᠬᠡᠯ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠶᠢᠨ ᠲᠦᠯᠦᠬᠡ᠂ ᠪᠦᠬᠦ ᠤᠷᠤᠨ ᠤ ᠡᠯ᠎ᠠ ᠭᠠᠵᠠᠷ ᠤᠨ | ᠨᠤᠳᠤᠭ ᠪᠡᠯᠴᠢᠬᠡᠷ ᠤᠨ ᠠᠵᠢᠯ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠰᠡᠷᠬᠡᠶᠢᠯᠡᠨ ᠬᠢᠵᠠᠭᠠᠷᠯᠠᠬᠤ | ᠠᠵᠢᠯ ᠢ ᠪᠦᠬᠦ ᠲᠠᠯ᠎ᠡ ᠪᠠᠷ ᠦᠷᠨᠢᠬᠦᠯᠵᠤ᠂ ᠬᠠᠷᠢᠶᠠᠳᠤ ᠤᠷᠤᠨ ᠤ ᠬᠠᠮᠢᠶᠠᠷᠤᠯᠳᠡ ᠪᠤᠯᠤᠨ ᠱᠠᠳᠤ ᠬᠤᠪᠢᠶᠠᠬᠰᠠᠨ | ᠬᠠᠷᠢᠭᠤᠴᠠᠯᠭ᠎ᠠ ᠶᠢᠨ ᠵᠠᠷᠴᠢᠮ ᠶᠤᠰᠤᠭᠠᠷ ᠰᠡᠷᠬᠡᠶᠢᠯᠡᠨ ᠬᠢᠵᠠᠭᠠᠷᠯᠠᠬᠤ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ ᠬᠡᠷᠡᠭᠵᠢᠬᠦᠯᠬᠦ ᠲᠦᠰᠦᠯ ᠢ ᠴᠠᠭ ᠲᠤᠬᠠᠢ ᠳᠤᠨᠢ ᠲᠤᠭᠳᠠᠭᠠᠵᠤ᠂ ᠲᠤᠬᠠᠢ ᠶᠢᠨ ᠭᠠᠵᠡᠷ ᠲᠤ | ᠮᠡᠷᠬᠡᠵᠢᠯ ᠤᠨ ᠵᠢᠯᠤᠭᠤᠳᠤᠯᠭ᠎ᠠ ᠬᠢᠬᠦ ᠶᠢ ᠴᠢᠩᠭᠠᠳᠬᠠᠨ ᠨᠡᠶᠢᠳᠡ 2600 ᠭᠠᠷᠤᠢ ᠲᠤᠰᠬᠠᠢ ᠮᠡᠷᠬᠡᠵᠢᠯᠳᠡᠨ ︵ | ᠤᠳᠠᠭ᠎ᠠ︶ ᠬᠦᠳᠡᠭᠡ ᠪᠠᠭᠤᠯᠭᠠᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠠ ᠪᠤᠯᠤᠨ ᠦᠢᠯᠡᠳᠪᠤᠷᠢᠯᠡᠯ ᠤᠨ | ᠠᠮᠤᠷ ᠲᠦᠪᠰᠢᠨ ᠢ ᠦᠨᠡᠨᠬᠦ ᠪᠠᠳᠤᠯᠠᠵᠤ ᠪᠠᠶᠢᠨ᠎ᠠ᠃ | ᠤᠳᠤᠬᠠᠨ ᠳᠤ ᠬᠢᠩᠭᠠᠨ ᠠᠶᠢᠮᠠᠬ᠂ ᠰᠢᠯᠢ ᠶᠢᠨ ᠭᠤᠤᠯ ᠠᠶᠢᠮᠠᠬ᠂ ᠤᠯᠠᠭᠠᠨᠴᠠᠪ ᠬᠤᠳᠡ᠂ ᠪᠤᠭᠤᠳᠤ ᠬᠤᠳᠡ᠂ | ᠪᠠᠶᠠᠨᠨᠠᠭᠤᠷ ᠬᠤᠳᠡ᠂ ᠠᠯᠠᠱᠠ ᠠᠶᠢᠮᠠᠬ ᠵᠡᠷᠬᠡ ᠭᠠᠵᠡᠷ ᠤᠨ ᠬᠢᠨ ᠨᠤᠳᠤᠭ ᠪᠡᠯᠴᠢᠬᠡᠷ ᠤᠨ ᠴᠡᠷᠴᠡᠬᠠᠢ ᠶᠢᠨ | ᠬᠦᠨᠦᠬᠡᠯ ᠢ ᠰᠡᠷᠬᠡᠶᠢᠯᠡᠨ ᠵᠠᠰᠠᠬᠤ ᠠᠵᠢᠯ ᠢ ᠡᠬᠢᠯᠡᠨ ᠦᠷᠨᠢᠬᠦᠯᠵᠤ᠂ ᠪᠤᠰᠤᠳ ᠠᠶᠢᠮᠠᠬ ᠬᠤᠳᠡ ᠨᠢ ᠨᠢᠬᠡᠨᠳᠡ ᠨᠤᠳᠤᠭ | ᠪᠡᠯᠴᠢᠬᠡᠷ ᠤᠨ ᠴᠡᠷᠴᠡᠬᠠᠢ ᠶᠢᠨ ᠬᠦᠨᠦᠬᠡᠯ ᠢ ᠰᠡᠷᠬᠡᠶᠢᠯᠡᠨ ᠵᠠᠰᠠᠬᠤ ᠵᠠᠩᠬᠢᠯᠠᠭ᠎ᠠ ᠶᠢᠨ ᠦᠶ᠎ᠡ ᠳᠤ ᠤᠷᠤᠪᠠ᠃ ᠪᠦᠬᠦ | ᠤᠷᠤᠨ ᠳᠤ ᠨᠡᠶᠢᠳᠡ 14318 ᠬᠦᠮᠦᠨ ᠤᠳᠠᠭ᠎ᠠ ᠶᠢᠨ ᠬᠦᠳᠡᠯᠮᠤᠷᠢ ᠬᠦᠴᠦ᠂ 1512 ᠰᠠᠤᠷᠢ ᠲᠤᠮᠤ | ᠬᠡᠯᠪᠡᠷᠢ ᠶᠢᠨ ᠰᠦᠷᠴᠢᠬᠦ ᠮᠠᠰᠢᠨ ᠪᠤᠯᠤᠨ 2900 ᠰᠠᠤᠷᠢ ᠮᠠᠰᠢᠨ ᠢ ᠨᠤᠳᠤᠭ ᠪᠡᠯᠴᠢᠬᠡᠷ ᠤᠨ ᠬᠤᠷᠤᠬᠠᠢ | ᠰᠢᠪᠡᠵᠢ ᠶᠢᠨ ᠬᠦᠨᠦᠬᠡᠯ ᠢ ᠰᠡᠷᠬᠡᠶᠢᠯᠡᠨ ᠵᠠᠰᠠᠬᠤ ᠠᠵᠢᠯ ᠳᠤ ᠤᠷᠤᠯᠴᠠᠭᠤᠯᠵᠤ᠂ ᠨᠤᠳᠤᠭ ᠪᠡᠯᠴᠢᠬᠡᠷ ᠤᠨ ᠬᠤᠷᠤᠬᠠᠢ | ᠰᠢᠪᠡᠵᠢ ᠶᠢᠨ ᠬᠦᠨᠦᠬᠡᠯ ᠢ ᠪᠦᠳᠦᠮᠵᠢᠳᠠᠢ ᠬᠢᠵᠠᠭᠠᠷᠯᠠᠵᠤ ᠪᠤᠢ᠃ |