ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ · ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠵᠢᠭᠤᠯᠠᠴᠢᠯ ᠤᠨ ᠤᠷᠠᠯᠢᠭ ᠤᠨ ᠠᠵᠢᠯᠯᠠᠭ᠎ᠠ ᠪᠠ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2016/7/11
     ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ · ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ ᠪᠠ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ 7 ᠳ᠋ᠤᠭᠠᠷ ᠰᠠᠷ᠎ᠠ ᠶᠢᠨ 8᠎ ᠤ ᠡᠳᠦᠷ ᠤᠨ 20 ᠴᠠᠭ ᠲᠤ ᠥᠪᠥᠷ ᠮᠣᠩᠭᠤᠯ ᠤᠨ ᠤᠯᠠᠭᠠᠨ ᠲᠢᠶᠠᠲᠷ ᠲᠤ ᠡᠬᠢᠯᠡᠪᠡ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠳᠡᠳ᠋ ᠬᠤᠷᠢᠶᠠᠨ ᠳᠠᠷᠤᠭ᠎ᠠ ᠪᠥᠬᠡ ᠬᠤᠷᠠᠯ ᠳᠤ ᠣᠷᠣᠯᠴᠠᠪᠠ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ ᠯᠢ ᠴᠠᠩ ᠫᠢᠩ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠠᠰᠦᠨᠮᠦ᠋ᠩᠬᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠦ᠋ ᠽᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠴᠧᠩ ᠸᠠᠩ ᠬᠤᠷᠠᠯ ᠳᠤ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠪᠠᠶᠠᠷ ᠤᠨ ᠦᠭᠡ ᠬᠡᠯᠡᠵᠡᠶ᠃      ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ · ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ ᠶᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦᠬᠦ ᠵᠦᠪᠯᠡᠯ᠂ ᠰᠣᠶᠣᠯ ᠤᠨ ᠶᠠᠮᠤᠨ᠂ ᠥᠪᠡᠷᠲᠡᠭᠡᠨ ᠵᠠᠰᠠᠬᠤ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠰᠣᠶᠣᠯ ᠤᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ ᠪᠠ ᠬᠥᠬᠡᠬᠤᠲᠠ ᠶᠢᠨ ᠵᠠᠰᠠᠭ ᠤᠨ ᠣᠷᠳᠣᠨ ᠤ ᠳᠠᠭᠠᠭᠠᠨ ᠡᠷᠬᠢᠯᠡᠪᠡ︔ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ·ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ ᠢ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠳᠠ ᠶᠢᠨ ᠰᠣᠶᠣᠯ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠲᠦᠷᠦᠭᠦᠯᠡᠨ ᠳᠠᠭᠠᠭᠠᠨ ᠡᠷᠬᠢᠯᠡᠪᠡ᠃ ︽ᠬᠤᠶᠠᠷ ᠪᠠᠶᠠᠷ︾᠎ ᠨᠢ ᠨᠡᠶᠢᠲᠡ 25 ᠵᠦᠢᠯ ᠤᠨ ᠠᠵᠢᠯᠯᠠᠭ᠎ᠠ ᠲᠠᠢ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠠᠴᠢᠯ ᠤᠨ ᠤᠷᠠᠯᠢᠭ ᠤᠨ ᠠᠵᠢᠯᠯᠠᠭ᠎ᠠ 8 ᠵᠦᠢᠯ᠂ ᠵᠣᠣ ᠵᠢᠶᠦ᠋ᠨ ᠰᠣᠶᠣᠯ ᠨᠠᠶᠢᠷ ᠤᠨ 17 ᠵᠦᠢᠯ ᠪᠠᠶᠢᠵᠦ᠂ ᠠᠭᠤᠯᠭ᠎ᠠ ᠳᠤᠨᠢ ᠤᠷᠠᠯᠢᠭ ᠤᠨ ᠲᠤᠭᠯᠠᠯᠲᠠ᠂ ᠳᠠᠭᠤᠤ ᠪᠥᠵᠢᠭ ᠵᠦᠴᠦᠭᠡ ᠶᠢᠨ ᠦᠵᠡᠭᠦᠯᠦᠯᠭᠡ᠂ ᠰᠣᠶᠣᠯ ᠤᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ᠂ ᠰᠤᠳᠤᠯᠤᠨ ᠶᠠᠷᠢᠯᠴᠠᠬᠤ ᠬᠤᠷᠠᠯ᠂ ᠭᠡᠷᠡᠯ ᠵᠢᠷᠤᠭ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠵᠡᠷᠭᠡ ᠶᠢ ᠬᠠᠮᠤᠷᠴᠠᠢ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠳᠤᠮᠳᠠᠳᠤ ᠤᠯᠤᠰ ᠤᠨ ᠳᠠᠭᠤᠤ ᠪᠦᠵᠢᠭ ᠵᠦᠴᠦᠭᠡ ᠶᠢᠨ ᠬᠦᠷᠢᠶᠡᠯᠩ ᠪᠣᠯᠤᠨ ᠬᠥᠬᠡᠬᠤᠲᠠ ᠦᠨᠳᠦᠰᠦᠲᠡᠨ ᠤ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠤᠨ 140 ᠭᠠᠷᠤᠢ ᠲᠣᠭᠯᠠᠭᠴᠢᠳ ᠪᠠ ᠠᠵᠢᠯᠲᠠᠳ ᠦᠵᠡᠭᠴᠢᠳ ᠲᠤ ᠲᠤᠮᠤ ᠬᠡᠯᠪᠡᠷᠢ ᠶᠢᠨ ᠦᠨᠳᠦᠰᠦᠲᠡᠨ ᠤ ᠪᠥᠵᠢᠭᠲᠦ ᠵᠦᠴᠦᠭᠡ ︽ᠵᠣᠣ ᠵᠢᠶᠦ᠋ᠨ︾᠎ ᠢ ᠰᠤᠨᠢᠷᠬᠠᠭᠤᠯᠪᠠ᠃ ︽ᠵᠣᠣ ᠵᠢᠶᠦ᠋ᠨ︾᠎ ᠨᠢ ᠲᠤᠬᠢᠶᠡᠠ ᠤ ᠭᠠᠯ᠂ ᠤᠷᠤᠭᠯᠠᠬᠤ᠂ ᠪᠣᠭᠤᠮᠲᠠ ᠠᠴᠠ ᠭᠠᠷᠬᠤ᠂ ᠬᠤᠷᠢᠮ ᠤᠨ ᠪᠠᠶᠠᠷ ᠬᠦᠷᠭᠡᠬᠦ᠂ ᠬᠢᠵᠠᠭᠠᠷ ᠤᠷᠤᠨ ᠢᠶᠠᠨ ᠲᠦᠪᠰᠢᠳᠬᠡᠬᠦ ᠪᠠ ᠬᠠᠮᠲᠤ ᠪᠠᠷ ᠬᠥᠭᠵᠢᠬᠦ 6 ᠬᠡᠰᠡᠭ ᠬᠤᠪᠢᠶᠠᠵᠤ᠂ ᠸᠠᠩ ᠵᠣᠣ ᠵᠢᠶᠦ᠋ᠨ ᠤ ᠠᠷᠭ᠎ᠠ ᠮᠤᠬᠤᠷᠳᠠᠭᠰᠠᠨ ᠪᠠ ᠬᠦᠴᠢᠷᠳᠡᠯ᠂ ᠭᠡᠷ ᠣᠷᠣᠨ ᠪᠠ ᠬᠤᠪᠢ ᠬᠥᠮᠦᠨ ᠳᠤ ᠲᠤᠯᠭᠠᠷᠠᠭᠰᠠᠨ ᠵᠦᠢᠯ ᠵᠦᠢᠯ ᠤᠨ ᠪᠤᠳᠤᠯ ᠤᠨ ᠬᠤᠪᠢᠷᠠᠯᠲᠠ ᠶᠢᠨ ᠶᠠᠪᠤᠴᠠ ᠶᠢ ᠰᠡᠶᠢᠯᠦᠨ ᠵᠢᠷᠤᠵᠤ᠂ ᠡᠮᠡᠭᠲᠡᠶ ᠬᠥᠮᠦᠨ ᠤ ︽ᠤᠷᠤᠭᠯᠠᠬᠤ︾ ᠭᠡᠮᠡᠬᠦ ᠡᠨᠡ ᠬᠦ ᠤᠯᠤᠰ ᠲᠦᠷᠦ ᠶᠢᠨ ᠤᠢᠢᠯᠠ ᠠᠵᠢᠯᠯᠠᠭ᠎ᠠ ᠶᠢᠨ ᠦᠶ᠎ᠡ ᠳᠤ ᠬᠠᠨᠳᠤᠭᠰᠠᠨ ᠶᠡᠭᠡ ᠵᠢᠷᠤᠮ ᠪᠠ ᠰᠦᠰᠦ ᠵᠤᠷᠢᠭ ᠢ ᠢᠯᠡᠷᠡᠭᠦᠯᠵᠦ᠂ ᠡᠭᠦᠨ ᠤ ᠤᠯᠠᠮ ᠢᠶᠠᠷ ᠳᠤᠮᠳᠠᠳᠤ ᠶᠢᠨ ᠦᠨᠳᠦᠰᠦᠲᠡᠨ ᠤ ᠶᠡᠭᠡ ᠬᠠᠶᠢᠷ᠎ᠠ ᠶᠢᠨ ᠰᠡᠳᠬᠢᠯᠭᠡ ᠪᠠ ᠭᠡᠷ ᠤᠷᠤᠨᠴᠢ ᠦᠢᠯᠡ ᠪᠠᠶᠢᠳᠠᠯ ᠢ ᠲᠤᠰᠬᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号