ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠪᠠ
ᠨᠡᠶᠢᠲᠡᠯᠡᠭᠰᠡᠨ ᠴᠠᠭ᠄
2016/7/12
   
           ︽ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ︾᠎ 7 ᠳ᠋ᠤᠭᠠᠷ ᠰᠠᠷ᠎ᠠ ᠶᠢᠨ 10᠎ ᠤ ᠡᠳᠦᠷ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠬᠤᠷᠠᠯᠳᠤᠪᠠ᠃ ᠰᠤᠷᠭᠠᠨ ᠬᠥᠮᠦᠵᠢᠯ ᠤᠨ ᠶᠠᠮᠤᠨ ᠎ ᠤ ᠦᠨᠳᠦᠰᠦᠲᠡᠨ ᠤ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠭᠦᠸᠧ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠶᠠᠷᠢᠶᠠᠨ ᠤ ᠲᠠᠪᠴᠠᠩ ᠨᠢ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠪᠠ ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠶᠡᠭᠡ ᠳᠡᠭᠡᠳᠦ ᠰᠤᠷᠭᠠᠭᠤᠯᠢ ᠶᠢᠨ ᠲᠠᠯ᠎ᠠ ᠪᠠᠷ ᠰᠢᠨ᠎ᠡ ᠬᠠᠮᠢᠶᠠᠷᠤᠯᠲᠠ ᠶᠢ ᠡᠭᠦᠳᠬᠦ᠂ ᠣᠯᠠᠨ ᠡᠰᠢᠲᠦ ᠰᠣᠶᠣᠯ ᠰᠤᠷᠭᠠᠨ ᠬᠥᠮᠦᠵᠢᠯ ᠤᠨ ᠳᠣᠣᠷ᠎ᠠ ᠦᠨᠳᠦᠰᠦᠲᠡᠨ ᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢ ᠰᠤᠳᠤᠯᠬᠤ᠂ ᠬᠢᠯᠢ ᠠᠯᠤᠰᠯᠠᠭᠰᠠᠨ ᠦᠨᠳᠦᠰᠦᠲᠡᠨ ᠤ ᠰᠤᠷᠭᠠᠨ ᠬᠥᠮᠦᠵᠢᠯ᠂ ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠰᠢᠨ᠎ᠡ ᠡᠭᠦᠳᠦᠯᠲᠡ ᠶᠢ ᠰᠤᠳᠤᠯᠬᠤ ᠵᠡᠷᠭᠡ ᠠᠷᠪᠠᠨ ᠲᠠᠯ᠎ᠠ ᠶᠢᠨ ᠵᠥᠪᠯᠡᠬᠦ ᠰᠡᠳᠦᠪ ᠲᠤ ᠴᠢᠭᠯᠡᠭᠦᠯᠦᠨ ᠭᠦᠨᠵᠡᠭᠡᠶ ᠰᠤᠳᠤᠯᠤᠨ ᠰᠦ᠋ᠪᠡᠭᠴᠢᠯᠡᠪᠡ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠵᠠᠬᠢᠷᠤᠯ ᠴᠧᠨ ᠶᠦᠩ ᠱᠧᠩ ᠫᠷᠣᠹᠧᠰᠰᠣᠷ᠂ ᠭᠤᠸᠠᠩᠰᠢ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠤᠤᠯ ᠤᠨ ᠨᠠᠮ ᠤᠨ ᠬᠤᠷᠢᠶᠠᠨ ᠤ ᠱᠦᠵᠢ ᠵᠦᠩ ᠬᠠᠢ ᠴᠢᠩ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠰᠣᠳᠣ ᠫᠷᠣᠹᠧᠰᠰᠣᠷ᠂ ᠹᠦᠳᠠᠨ ᠶᠡᠭᠡ ᠰᠤᠷᠭᠠᠭᠤᠯᠢ ᠶᠢᠨ ᠫᠷᠣᠹᠧᠰᠰᠣᠷ᠂ ᠬᠥᠬᠡᠮᠥ᠋ᠷᠡᠨ ᠨᠡᠷᠡᠮᠵᠢᠲᠦ ᠡᠷᠳᠡᠮᠲᠡᠨ ᠨᠠᠷᠠᠨᠪᠢᠯᠢᠭ᠌᠂ ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠡᠷᠬᠢᠯᠡᠭᠴᠢ ᠮᠧᠩ ᠯᠢ ᠵᠢᠶᠦ᠋ᠨ ᠨᠠᠷ ᠲᠣᠰ ᠲᠣᠰ ︽ᠥᠷᠢᠰᠥᠯᠳᠦᠭᠡᠨ ᠢ ᠤᠭᠲᠤᠬᠤ — ᠰᠢᠨ᠎ᠡ ᠪᠠᠶᠢᠳᠠᠯ ᠳᠤᠤᠷᠠᠬᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠰᠡᠳᠬᠢᠴᠡ ᠪᠠ ᠥᠷᠢᠰᠥᠯᠳᠦᠭᠡᠨ︾ ︽ᠦᠨᠳᠦᠰᠦᠲᠡᠨ ᠤ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭ ᠪᠦᠬᠦᠢ ᠰᠤᠷᠭᠠᠭᠤᠯᠢ ᠡᠷᠬᠢᠯᠡᠬᠦ ᠲᠤᠬᠠᠶ ᠰᠦᠪᠡᠭᠴᠢᠯᠡᠯ︾ ︽ᠦᠨᠳᠦᠰᠦᠲᠡᠨ ᠤ ᠰᠤᠷᠭᠠᠨ ᠬᠥᠮᠦᠵᠢᠯ ᠤᠨ ᠰᠤᠳᠤᠯᠭᠠᠨ ᠤ ᠠᠰᠠᠭᠤᠳᠠᠯ ᠤᠳ ᠤᠨ ᠲᠤᠬᠠᠶ ᠪᠣᠳᠣᠯᠭᠠᠰᠢᠷᠠᠯ︾᠂ ︽ᠤᠭᠰᠠᠭᠠᠲᠠᠨ ᠵᠦᠢ ᠶᠢᠨ ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠬᠦ︾᠂ ︽ᠦᠨᠳᠦᠰᠦᠲᠡᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠬᠠᠶ ᠪᠣᠳᠣᠯᠬᠢᠯᠠᠯ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠵᠠᠶ᠃      ᠰᠤᠷᠭᠠᠨ ᠬᠥᠮᠦᠵᠢᠯ ᠤᠨ ᠶᠠᠮᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠭᠦᠸᠧ ᠶᠠᠨ ᠰᠤᠷᠭᠠᠨ ᠬᠥᠮᠦᠵᠢᠯ ᠤᠨ ᠶᠠᠮᠤᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠵᠤᠷᠭᠠᠨ ᠤ ᠡᠮᠦᠨ᠎ᠡ ᠠᠴᠠ ᠶᠠᠷᠢᠶᠠᠨ ᠤ ᠲᠠᠪᠴᠠᠩ ᠤᠨ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠃      ᠲᠤᠰ ᠤᠳᠠᠭᠠᠨ ᠤ ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠦᠵᠢᠯ ᠤᠨ ᠰᠤᠳᠤᠯᠭᠠᠨ ᠤ ᠰᠢᠨ᠎ᠡ ᠶᠢ ᠡᠭᠦᠳᠬᠦ ᠰᠠᠭᠤᠷᠢᠨ ᠭᠠᠵᠠᠷ ᠭᠤᠣᠯᠯᠠᠨ ᠡᠷᠬᠢᠯᠡᠪᠡ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠨᠠᠨᠺᠠᠢ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠭᠤᠸᠠᠩᠰᠢ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠳᠤᠮᠳᠠᠳᠤ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠰᠢᠨᠵᠢᠶᠠᠩ ᠤᠨ ᠪᠠᠭᠰᠢ ᠶᠢᠨ ᠶᠡᠭᠡ ᠰᠤᠷᠭᠠᠭᠤᠯᠢ᠂ ᠬᠤᠨᠠᠨ ᠤ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠮᠤᠵᠢ ᠶᠢᠨ ᠪᠠᠭᠰᠢ ᠶᠢᠨ ᠶᠡᠭᠡ ᠰᠤᠷᠭᠠᠭᠤᠯᠢ᠂ ᠲᠥᠪᠡᠳ ᠤᠨ ᠦᠨᠳᠦᠰᠦᠲᠡᠨ ᠤ ᠳᠡᠭᠡᠳᠦ ᠰᠤᠷᠭᠠᠭᠤᠯᠢ᠂ ᠶᠠᠨᠪᠢᠶᠡᠨ ᠶᠡᠭᠡ ᠰᠤᠷᠭᠠᠭᠤᠯᠢ᠂ ᠬᠥᠬᠡᠨᠠᠭᠤᠷ ᠮᠤᠵᠢ ᠶᠢᠨ ᠦᠨᠳᠦᠰᠦᠲᠡᠨ ᠤ ᠶᠡᠭᠡ ᠰᠤᠷᠭᠠᠭᠤᠯᠢ᠂ ᠭᠤᠷᠪᠠᠨ ᠬᠠᠪᠴᠢᠯ ᠶᠡᠭᠡ ᠰᠤᠷᠭᠠᠭᠤᠯᠢ᠂ ᠠᠮᠧᠷᠢᠺᠠ ᠶᠢᠨ ᠫᠢᠼᠪᠦ᠋ᠷᠩ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠶᠢᠨ 50 ᠭᠠᠷᠤᠶ ᠲᠤᠰᠬᠠᠶ ᠮᠡᠷᠭᠡᠵᠢᠯᠲᠡᠤᠨ᠂ ᠡᠷᠳᠡᠮᠲᠡᠤᠨ ᠶᠠᠷᠢᠶᠠᠨ ᠤ ᠲᠠᠪᠴᠠᠩ ᠳᠤ ᠣᠷᠣᠯᠴᠠᠪᠠ᠃      ᠲᠤᠰ ᠤᠳᠠᠭᠠᠨ ᠤ ᠶᠠᠷᠢᠶᠠᠨ ᠤ ᠲᠠᠪᠴᠠᠩ ᠢ ᠬᠤᠷᠠᠯᠳᠤᠭᠤᠯᠤᠭᠰᠠᠨ ᠲᠠᠰᠢᠷᠠᠮ ᠳᠤ ᠹᠦᠳᠠᠨ ᠶᠡᠭᠡ ᠰᠤᠷᠭᠠᠭᠤᠯᠢ ᠶᠢᠨ ᠦᠨᠳᠦᠰᠦᠲᠡᠨ ᠤ ᠰᠤᠳᠤᠯᠬᠤ ᠲᠥᠪ ᠪᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠰᠤᠳᠤᠯᠬᠤ ᠰᠠᠭᠤᠷᠢᠨ ᠭᠠᠵᠠᠷ ᠤᠨ ᠭᠠᠷ ᠤᠨ ᠦᠰᠦᠭ ᠵᠢᠷᠤᠬᠤ ᠶᠣᠰᠣᠯᠠᠯ ᠪᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠦᠨᠳᠦᠰᠦᠲᠡᠨ ᠤ ᠰᠤᠳᠤᠯᠭᠠᠨ ᠤ ᠬᠦᠷᠢᠶᠡᠯᠡᠩ ᠤᠨ ᠢᠯᠡᠷᠬᠡᠶᠢᠯᠡᠯ ᠡᠯᠭᠦᠬᠦ ᠶᠣᠰᠣᠯᠠᠯ ᠶᠠᠪᠤᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号