ᠥᠪᠥᠷ ᠮᠣᠩᠭᠤᠯ ᠨᠡᠭᠦᠳᠡᠯ ᠬᠥᠮᠦᠨ ᠠᠮᠠ ᠳᠤ 6 ᠪᠣᠳᠠᠲᠤ ᠶᠠᠪᠤᠳᠠᠯ ᠬᠢᠵᠦ ᠥᠭᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/7/12
      ᠤᠶᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ᠂ ᠨᠡᠶᠢᠭᠡᠮ ᠤᠨ ᠠᠮᠤᠷ ᠲᠥᠪᠰᠢᠨ ᠢ ᠶᠡᠷᠦᠩᠬᠡᠶᠢᠯᠡᠨ ᠵᠠᠰᠠᠬᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 5 ᠰᠠᠯᠠᠭ᠎ᠠ ᠮᠥᠴᠢᠷ ᠬᠠᠮᠲᠤᠷᠠᠨ ᠪᠦᠬᠦ ᠣᠷᠣᠨ ᠤ ᠨᠡᠭᠦᠳᠡᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ ᠪᠠᠭᠤᠯᠭᠠᠨ᠂ ᠨᠡᠭᠦᠳᠡᠯ ᠬᠥᠮᠦᠨ ᠠᠮᠠ ᠳᠤ 6 ᠪᠣᠳᠠᠲᠤ ᠶᠠᠪᠤᠳᠠᠯ ᠬᠢᠵᠦ ᠥᠭᠴᠦ᠂ ᠮᠠᠨ ᠤ ᠤᠷᠤᠨ ᠤ ᠨᠡᠭᠦᠳᠡᠯ ᠬᠦᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠡᠩᠴᠡᠭᠦᠷᠢᠰᠢᠯ ᠢ ᠲᠥᠯᠬᠢᠨ ᠠᠬᠢᠭᠤᠯᠬᠤ ᠶᠢ ᠲᠣᠳᠤᠷᠬᠠᠢ ᠳᠤᠷᠠᠳᠪᠠ᠃ ᠡᠳᠡᠭᠡᠷ ᠪᠣᠳᠠᠲᠤ ᠶᠠᠪᠤᠳᠠᠯ ᠤᠨ ᠭᠤᠣᠯ ᠠᠭᠤᠯᠭ᠎ᠠ ᠪᠣᠯ ᠨᠡᠭᠦᠳᠡᠯ ᠬᠥᠮᠦᠨ ᠠᠮᠠ ᠶᠢᠨ ᠦᠷ᠎ᠡ ᠬᠡᠦᠬᠡᠳ ᠲᠤ ᠰᠡᠷᠭᠡᠶᠢᠯᠡᠯᠲᠡ ᠶᠢᠨ ᠲᠠᠷᠢᠯᠭ᠎ᠠ ᠳᠠᠷᠢᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ᠂ ᠵᠢᠷᠮᠦᠰᠦᠨ ᠪᠣᠯᠤᠨ ᠬᠥᠩᠭᠡᠵᠢᠭᠰᠡᠨ ᠡᠮᠡᠭᠲᠡᠶᠢᠴᠦᠳ ᠪᠠ ᠬᠡᠦᠬᠡᠳ ᠤᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠳᠠᠩᠰᠠ ᠡᠪᠬᠡᠮᠡᠯ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠡᠷᠡᠭᠦᠯ ᠮᠡᠨᠳᠤ ᠶᠢᠨ ᠬᠥᠮᠦᠵᠢᠯ ᠵᠡᠷᠭᠡ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠠᠪᠤᠳᠠᠯ ᠪᠣᠯᠤᠨ᠎ᠠ᠃      ᠨᠢᠭᠡ ᠳᠤ ᠨᠡᠭᠦᠳᠡᠯ ᠬᠥᠮᠦᠨ ᠠᠮᠠ ᠶᠢᠨ ᠡᠷᠡᠭᠦᠯ ᠮᠡᠨᠳᠤ ᠶᠢᠨ ᠳᠠᠩᠰᠠ ᠡᠪᠬᠡᠮᠡᠯ ᠢ ᠪᠠᠶᠢᠭᠤᠯᠤᠨ᠎ᠠ᠃ ᠬᠠᠷᠢᠶ᠎ᠠ ᠣᠷᠣᠨ ᠳᠤ 6 ᠰᠠᠷ᠎ᠠ ᠠᠴᠠ ᠳᠡᠭᠡᠭᠰᠢ ᠪᠤᠶᠤ ᠪᠠᠶᠢᠩᠭᠤ ᠰᠠᠭᠤᠬᠤ ᠬᠠᠨᠳᠤᠰᠢ ᠲᠠᠢ ᠨᠡᠭᠦᠳᠡᠯ ᠬᠥᠮᠦᠨ ᠠᠮᠠ ᠳᠤ ᠨᠢᠭᠡᠳᠦᠯᠲᠡᠶ᠂ ᠵᠢᠷᠤᠮᠵᠢᠭᠰᠠᠨ ᠡᠷᠡᠭᠦᠯ ᠮᠡᠨᠳᠦ ᠶᠢᠨ ᠳᠠᠩᠰᠠ ᠡᠪᠬᠡᠮᠡᠯ ᠪᠠᠶᠢᠭᠤᠯᠵᠤ᠂ ᠨᠡᠭᠦᠳᠡᠯ ᠬᠥᠮᠦᠨ ᠠᠮᠠ ᠶᠢᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠎ᠡ᠃ 2020 ᠣᠨ ᠪᠣᠯᠬᠤ ᠳᠤ᠂ ᠨᠡᠭᠦᠳᠡᠯ ᠬᠥᠮᠦᠨ ᠠᠮᠠ ᠶᠢᠨ ᠡᠷᠡᠭᠦᠯ ᠮᠡᠨᠳᠦ ᠶᠢᠨ ᠵᠢᠷᠤᠮᠵᠢᠭᠰᠠᠨ ᠡᠯᠧᠺᠲᠷᠣᠨ ᠳᠠᠩᠰᠠ ᠡᠪᠬᠡᠮᠡᠯ ᠪᠠᠶᠢᠭᠤᠯᠬᠤ ᠨᠤᠷᠮ᠎ᠠ ᠶᠢ 80% ᠬᠦᠷᠦᠭᠦᠯᠦᠨ᠎ᠡ᠃      ᠬᠤᠶᠠᠷ ᠲᠤ ᠨᠡᠭᠦᠳᠡᠯ ᠬᠥᠮᠦᠨ ᠠᠮᠠ ᠳᠤ ᠡᠷᠡᠭᠦᠯ ᠮᠡᠨᠳᠦ ᠶᠢᠨ ᠬᠥᠮᠦᠵᠢᠯ ᠬᠢᠨ᠎ᠡ᠃ ᠬᠠᠷᠢᠶ᠎ᠠ ᠣᠷᠣᠨ ᠤ ᠨᠡᠭᠦᠳᠡᠯ ᠬᠥᠮᠦᠨ ᠠᠮᠠ ᠲᠥᠪᠯᠡᠷᠡᠨ ᠰᠠᠭᠤᠵᠤ ᠪᠠᠶᠢᠭ᠎ᠠ ᠭᠠᠵᠠᠷ ᠲᠤ ᠡᠷᠡᠭᠦᠯ ᠮᠡᠨᠳᠤ ᠶᠢᠨ ᠲᠤᠬᠠᠶ ᠬᠥᠮᠦᠵᠢᠯ ᠤᠨ ᠤᠬᠠᠭᠤᠯᠬᠤ ᠪᠤᠯᠤᠩ ᠪᠠ ᠰᠦᠢᠳᠬᠡᠯ ᠬᠤᠷᠢᠶᠠᠬᠤ ᠦᠭᠡᠢ ᠪᠠᠷ ᠮᠠᠲ᠋ᠧᠷᠢᠶᠠᠯ ᠣᠯᠭᠤᠬᠤ ᠴᠢᠭ᠋ ᠪᠠᠶᠢᠭᠤᠯᠵᠤ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠷᠤ ᠶᠢᠨ ᠪᠤᠳᠤᠯᠭ᠎ᠠ ᠶᠢᠨ ᠤᠬᠠᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠂ ᠡᠷᠡᠭᠦᠯ ᠮᠡᠨᠳᠦ ᠶᠢ ᠬᠠᠯᠠᠮᠵᠢᠯᠠᠬᠤ ᠲᠤᠬᠠᠢ ᠮᠡᠳᠡᠯᠭᠡ ᠶᠢᠨ ᠲᠠᠶᠢᠯᠤᠮᠵᠢ ᠬᠢᠵᠦ᠂ ᠨᠡᠭᠦᠳᠡᠯ ᠬᠥᠮᠦᠨ ᠠᠮᠠ ᠶᠢᠨ ᠡᠷᠡᠭᠦᠯ ᠮᠡᠨᠳᠦ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃      ᠭᠤᠷᠪᠠ ᠳᠤ ᠨᠡᠭᠦᠳᠡᠯ ᠬᠥᠮᠦᠨ ᠠᠮᠠ ᠶᠢᠨ ᠦᠷ᠎ᠡ ᠬᠡᠦᠬᠡᠳ ᠲᠤ ᠰᠡᠷᠭᠡᠶᠢᠯᠡᠯᠲᠡ ᠶᠢᠨ ᠲᠠᠷᠢᠯᠭ᠎ᠠ ᠳᠠᠷᠢᠬᠤ ᠦᠢᠯᠡᠴᠢᠯᠡᠭᠡᠨ ᠢ ᠰᠠᠶᠢᠲᠤᠷ ᠬᠢᠨ᠎ᠠ᠃ ᠬᠠᠷᠢᠶ᠎ᠠ ᠣᠷᠣᠨ ᠤ ᠨᠡᠭᠦᠳᠡᠯ ᠬᠦᠮᠦᠨ ᠠᠮᠠ ᠶᠢᠨ 0 — 6 ᠨᠠᠰᠤᠨ ᠤ ᠦᠷ᠎ᠡ ᠬᠡᠦᠬᠡᠳ ᠲᠤ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠭᠰᠡᠨ ᠳᠠᠩᠰᠠ ᠡᠪᠬᠡᠮᠡᠯ ᠪᠠᠶᠢᠭᠤᠯᠤᠨ᠂ ᠨᠡᠭᠦᠳᠡᠯ ᠬᠦᠮᠦᠨ ᠠᠮᠠ ᠶᠢᠨ ᠰᠤᠷᠭᠠᠭᠤᠯᠢ ᠶᠢᠨ ᠨᠠᠰᠤᠨ ᠤ ᠦᠷ᠎ᠡ ᠬᠡᠦᠬᠡᠳ ᠲᠤ ᠴᠠᠭ ᠲᠤᠬᠠᠶ ᠳᠤᠨᠢ ᠡᠷᠡᠭᠦᠯ ᠮᠡᠨᠳᠦ ᠶᠢᠨ ᠺᠠᠷᠲ ᠪᠠᠶᠢᠭᠤᠯᠤᠨ ᠦᠭᠴᠦ᠂ ᠰᠡᠷᠭᠡᠶᠢᠯᠡᠯᠲᠡ ᠶᠢᠨ ᠲᠠᠷᠢᠯᠭ᠎ᠠ ᠬᠢᠨ᠎ᠡ᠃ ᠨᠡᠭᠦᠳᠡᠯ ᠬᠦᠮᠦᠨ ᠠᠮᠠ ᠶᠢᠨ ᠦᠷ᠎ᠡ ᠬᠡᠤᠬᠡᠳ ᠤᠨ ᠰᠡᠷᠭᠡᠶᠢᠯᠡᠯᠲᠡ ᠶᠢᠨ ᠲᠠᠷᠢᠯᠭ᠎ᠠ ᠠᠴᠠ ᠣᠷᠬᠢᠭᠳᠠᠭᠰᠠᠨ ᠢ ᠨᠦᠬᠦᠵᠦ ᠲᠠᠷᠢᠬᠤ ᠵᠡᠷᠭᠡ ᠠᠷᠭ᠎ᠠ ᠪᠠᠷᠢᠯ ᠢ ᠴᠢᠩᠭ᠎ᠠ ᠬᠡᠷᠡᠭᠵᠢᠭᠦᠯᠬᠦ ᠪᠠᠷ ᠳᠠᠮᠵᠢᠨ᠂ ᠨᠡᠭᠦᠳᠡᠯ ᠬᠦᠮᠦᠨ ᠠᠮᠠ ᠶᠢᠨ ᠰᠤᠷᠭᠠᠭᠤᠯᠢ ᠶᠢᠨ ᠨᠠᠰᠤᠨ ᠤ ᠦᠷ᠎ᠡ ᠬᠡᠦᠬᠡᠳ ᠎ ᠲᠤ ᠸᠠᠺᠼᠢᠨ ᠲᠠᠷᠢᠬᠤ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ 2020 ᠣᠨ ᠪᠣᠯᠬᠤ ᠳᠤ᠂ ᠨᠡᠭᠦᠳᠡᠯ ᠬᠦᠮᠦᠨ ᠠᠮᠠ ᠶᠢᠨ ᠦᠷ᠎ᠡ ᠬᠡᠦᠬᠡᠳ ᠲᠤ ᠰᠡᠷᠭᠡᠶᠢᠯᠡᠯᠲᠡ ᠶᠢᠨ ᠲᠠᠷᠢᠯᠭ᠎ᠠ ᠲᠠᠷᠢᠬᠤ ᠨᠤᠷᠮ᠎ᠠ ᠶᠢ 95%᠎ ᠳᠤ ᠬᠦᠷᠦᠭᠦᠯᠦᠨ᠎ᠡ᠃      ᠲᠦᠷᠪᠡ ᠳᠤ ᠨᠡᠭᠦᠳᠡᠯ ᠬᠥᠮᠦᠨ ᠠᠮᠠ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠨ᠎ᠠ᠃ ᠬᠠᠷᠢᠶ᠎ᠠ ᠣᠷᠣᠨ ᠳᠠᠬᠢ ᠨᠡᠭᠦᠳᠡᠯ ᠬᠥᠮᠦᠨ ᠠᠮᠨ ᠨᠢᠭᠲᠠ ᠲᠥᠪᠯᠡᠷᠡᠭᠰᠡᠨ ᠣᠷᠣᠨ ᠳᠤ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠴᠠᠭ ᠳᠠᠷᠤᠶ ᠳᠤᠨᠢ ᠰᠢᠢᠳᠪᠦᠷᠢᠯᠡᠨ᠂ ᠨᠡᠭᠦᠳᠡᠯ ᠬᠥᠮᠦᠨ ᠠᠮᠠ ᠶᠢᠨ ᠠᠶᠢᠽ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠨ᠎ᠡ᠃ 2020 ᠣᠨ ᠪᠣᠯᠬᠤ ᠳᠤ᠂ ᠨᠡᠭᠦᠳᠡᠯ ᠬᠥᠮᠦᠨ ᠠᠮᠠ ᠶᠢᠨ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢᠨ ᠨᠤᠷᠮ᠎ᠠ ᠶᠢ 100%᠎ ᠳᠤ ᠬᠦᠷᠦᠭᠦᠯᠦᠨ᠎ᠡ᠃      ᠲᠠᠪᠤ ᠳᠤ ᠨᠡᠭᠦᠳᠡᠯ ᠬᠥᠮᠦᠨ ᠠᠮᠠ ᠶᠢᠨ ᠵᠢᠷᠮᠦᠰᠦᠨ ᠬᠥᠩᠭᠡᠵᠢᠭᠰᠡᠨ ᠡᠮᠡᠭᠲᠡᠶ ᠪᠣᠯᠤᠨ ᠬᠡᠦᠬᠡᠳ ᠤᠨ ᠡᠷᠡᠭᠦᠯ ᠮᠡᠨᠳᠦ ᠶᠢᠨ ᠬᠠᠮᠠᠭᠠᠯᠠᠯ ᠢ ᠪᠦᠷᠢᠨᠰᠢᠭᠦᠯᠦᠨ᠎ᠡ᠃ ᠬᠠᠷᠢᠶ᠎ᠠ ᠣᠷᠣᠨ ᠳᠠᠬᠢ ᠨᠡᠭᠦᠳᠡᠯ ᠤᠨ ᠵᠢᠷᠮᠦᠰᠦᠨ ᠬᠥᠩᠭᠡᠵᠢᠭᠰᠡᠨ ᠡᠮᠡᠭᠲᠡᠶ ᠪᠣᠯᠤᠨ 0 — 6 ᠨᠠᠰᠤᠨ ᠤ ᠨᠡᠭᠦᠳᠡᠯ ᠬᠡᠤᠭᠡᠳ ᠲᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ᠂ ᠵᠢᠷᠮᠤᠰᠦᠨ ᠬᠥᠩᠭᠡᠵᠢᠬᠦ ᠬᠤᠭᠤᠴᠠᠭᠠᠨ ᠤ ᠡᠷᠡᠭᠦᠯ ᠮᠡᠨᠳᠤ ᠶᠢᠨ ᠬᠠᠮᠢᠶᠠᠷᠤᠯᠲᠠ᠂ ᠬᠦᠩᠭᠡᠵᠢᠭᠰᠡᠨ ᠤ ᠳᠠᠷᠠᠭ᠎ᠠ ᠲᠠᠭᠠᠨ ᠰᠤᠷᠪᠤᠯᠵᠢᠯᠠᠬᠤ ᠪᠠ ᠡᠷᠡᠭᠦᠯ ᠮᠡᠨᠳᠦ ᠶᠢᠨ ᠪᠠᠶᠢᠴᠠᠭᠠᠯᠲᠠ ᠬᠠᠩᠭᠠᠵᠤ᠂ ᠨᠢᠷᠠᠶ ᠬᠡᠦᠬᠡᠳ ᠤᠨ ᠭᠡᠷ ᠪᠦᠯᠢ ᠳᠤᠨᠢ ᠲᠠᠭᠠᠨ ᠰᠤᠷᠪᠤᠯᠵᠢᠯᠠᠬᠤ᠂ ᠨᠢᠯᠬ᠎ᠠ ᠬᠡᠦᠬᠡᠳ ᠤᠨ ᠡᠷᠡᠭᠦᠯ ᠮᠡᠨᠳᠤ ᠶᠢ ᠬᠠᠮᠢᠶᠠᠷᠬᠤ ᠵᠡᠷᠭᠡ ᠦᠢᠯᠡᠴᠢᠯᠡᠭᠡ ᠬᠠᠩᠭᠠᠨ᠎ᠠ᠃      ᠵᠢᠷᠭᠤᠭ᠎ᠠ ᠳᠤ ᠨᠡᠭᠦᠳᠡᠯ ᠬᠥᠮᠦᠨ ᠠᠮᠠ ᠶᠢᠨ ᠲᠥᠯᠥᠪᠯᠡᠭᠡ ᠲᠠᠢ ᠪᠠᠷ ᠬᠡᠦᠬᠡᠳ ᠠᠪᠬᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠎ᠠ᠃ ᠨᠡᠭᠦᠳᠡᠯ ᠬᠥᠮᠦᠨ ᠠᠮᠠ ᠶᠢᠨ ᠲᠥᠯᠥᠪᠯᠡᠭᠡ ᠲᠠᠢ ᠪᠠᠷ ᠬᠡᠦᠬᠡᠳ ᠠᠪᠬᠤ ᠬᠠᠤᠯᠢ ᠲᠤᠭᠲᠠᠭᠠᠯ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠰᠠᠨᠠᠭᠠᠴᠢᠯᠠᠬᠤ᠂ ᠲᠥᠯᠥᠪᠯᠡᠭᠡ ᠲᠠᠢ ᠪᠠᠷ ᠬᠡᠦᠬᠡᠳ ᠠᠪᠬᠤ ᠮᠡᠷᠭᠡᠵᠢᠯ ᠤᠨ ᠦᠢᠯᠡᠴᠢᠯᠡᠭᠡ ᠬᠢᠬᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ᠂ ᠦᠷᠡᠵᠢᠯ ᠤᠨ ᠡᠷᠡᠭᠦᠯ ᠮᠠᠨᠳᠤ᠂ ᠱᠠᠩᠨᠠᠨ ᠭᠦᠬᠢᠭᠦᠯᠵᠦ ᠣᠨᠴᠠ ᠬᠠᠷᠠᠭᠠᠯᠵᠠᠬᠤ᠂ ᠦᠷᠡᠵᠢᠯ ᠤᠨ ᠬᠠᠯᠠᠮᠵᠢᠯᠠᠯ ᠤᠨ ᠠᠪᠤᠷᠠᠨ ᠲᠤᠰᠠᠯᠠᠬᠤ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠪᠤᠯ᠂ ᠮᠠᠨ ᠤ ᠣᠷᠣᠨ ᠤ ᠬᠤᠲᠠ ᠪᠠᠯᠭᠠᠰᠤᠴᠢᠯᠠᠯᠲᠠ ᠶᠢᠨ ᠠᠯᠬᠤᠴᠠ ᠲᠦᠷᠭᠡᠳᠬᠦ ᠶᠢ ᠳᠠᠭᠠᠯᠳᠤᠨ᠂ ᠬᠥᠮᠦᠨ ᠠᠮᠠ ᠶᠢᠨ ᠨᠡᠭᠦᠳᠡᠯ ᠨᠡᠩ ᠣᠯᠠᠰᠢᠷᠠᠵᠤ᠂ ᠨᠡᠭᠦᠳᠡᠯ ᠬᠥᠮᠦᠨ ᠠᠮᠠ ᠦᠷᠭᠦᠯᠵᠢᠯᠡᠨ ᠤᠯᠠᠰᠢᠷᠠᠬᠤ ᠪᠤᠯᠤᠨ᠎ᠠ᠃      ᠣᠳᠣᠬᠠᠨ ᠳᠤ᠂ ᠪᠦᠬᠦ ᠣᠷᠣᠨ ᠤ ᠨᠡᠭᠦᠳᠡᠯ ᠬᠥᠮᠦᠨ ᠠᠮᠠ ᠶᠢᠨ ᠶᠡᠷᠦᠩᠬᠡᠶ ᠬᠡᠮᠵᠢᠶ᠎ᠡ ᠨᠢ ᠪᠠᠷᠤᠭ 400 ᠲᠦᠮᠡ ᠳᠤ ᠬᠦᠷᠴᠦ᠂ ᠪᠦᠬᠦ ᠣᠷᠣᠨ ᠤ ᠶᠡᠷᠦᠩᠬᠡᠶ ᠬᠥᠮᠦᠨ ᠠᠮᠠ ᠶᠢᠨ 15% ᠣᠷᠴᠢᠮ ᠢ ᠡᠵᠡᠯᠡᠵᠦ ᠪᠠᠶᠢᠨ᠎ᠠ᠃ ᠬᠡᠳᠦ᠋ᠢᠪᠡᠷ ᠣᠶᠢᠷ᠎ᠠ ᠶᠢᠨ ᠵᠢᠯ ᠤᠳ ᠲᠤ ᠡᠯ᠎ᠡ ᠭᠠᠵᠠᠷ ᠤᠳ ᠴᠥᠮ ᠨᠡᠭᠦᠳᠡᠯ ᠬᠥᠮᠦᠨ ᠠᠮᠠ ᠳᠠᠬᠢ ᠬᠠᠮᠢᠶᠠᠷᠤᠯᠲᠠ ᠬᠢᠭᠡᠳ ᠦᠢᠯᠡᠴᠢᠯᠡᠭᠡ ᠪᠠᠨ ᠲᠠᠰᠤᠷᠠᠯᠲᠠ ᠦᠭᠡᠢ ᠴᠢᠩᠭᠠᠳᠬᠠᠭᠰᠠᠨ ᠪᠤᠯᠪᠠᠴᠤ ᠨᠡᠭᠦᠳᠡᠯ ᠬᠥᠮᠦᠨ ᠠᠮᠠ ᠶᠢᠨ ᠬᠦᠷᠲᠡᠭᠰᠡᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠨᠢ ᠬᠤᠳᠠ ᠪᠠᠯᠭᠠᠰᠤᠨ ᠤ ᠡᠷᠦᠭᠡ ᠠᠮᠠ ᠲᠠᠢ ᠬᠥᠮᠦᠨ ᠠᠮᠠ ᠲᠠᠢ ᠠᠳᠠᠯᠢᠳᠬᠠᠪᠠᠯ᠂ ᠪᠠᠰᠠ ᠢᠯᠡᠷᠬᠡᠶ ᠵᠥᠷᠢᠶ᠎ᠡ ᠲᠠᠢ ᠪᠠᠶᠢᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢ ᠲᠠᠢ ᠪᠣᠯᠭᠠᠬᠤ ᠶᠢ ᠲᠦᠯᠬᠢᠨ ᠠᠬᠢᠭᠤᠯᠬᠤ ᠨᠢ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠴᠢᠬᠤᠯᠠ ᠠᠭᠤᠯᠭ᠎ᠠ ᠮᠦᠨ᠂ ᠬᠤᠳᠠ ᠪᠠᠯᠭᠠᠰᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠡᠭᠦᠳᠡᠯ ᠬᠥᠮᠦᠨ ᠠᠮᠠ ᠳᠤ ᠪᠦᠷᠢᠨ ᠪᠦᠷᠬᠦᠭᠦᠯᠬᠦ ᠶᠢ ᠯᠠᠪᠳᠠᠭᠤᠨ ᠢᠶᠠᠷ ᠪᠡᠶᠡᠯᠡᠭᠦᠯᠬᠦ ᠭᠤᠣᠯ ᠡᠭᠦᠷᠭᠡ ᠮᠦᠨ᠃ ᠬᠠᠷᠢᠨ ᠨᠡᠭᠦᠳᠡᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠦᠢᠯᠡᠴᠢᠯᠡᠭᠡ ᠪᠤᠯ ᠨᠡᠭᠦᠳᠡᠯ ᠬᠥᠮᠦᠨ ᠠᠮᠠ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠃      ᠰᠠᠨᠠᠯ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠡᠨᠡ ᠬᠦ ᠠᠵᠢᠯ ᠢ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠨᠠᠷᠢᠨ ᠨᠢᠮᠪᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠡᠮᠬᠢ ᠵᠢᠷᠤᠮ ᠲᠠᠢ ᠪᠠᠷ ᠲᠦᠯᠬᠢᠨ‌ᠠᠬᠢᠭᠤᠯᠬᠤ ᠬᠡᠷᠡᠭᠲᠡᠢ᠃ ᠲᠤᠰᠬᠠᠶ ᠵᠦᠢᠯ ᠤᠨ ᠪᠠᠶᠢᠴᠠᠭᠠᠯᠲᠠ ᠥᠷᠨᠢᠭᠦᠯᠵᠦ᠂ ᠲᠤᠰ ᠭᠠᠵᠠᠷ ᠤᠨ ᠨᠡᠭᠦᠳᠡᠯ ᠬᠥᠮᠦᠨ ᠠᠮᠠ ᠶᠢᠨ ᠲᠤᠭ᠎ᠠ ᠪᠠᠷᠢᠮᠲᠠ ᠶᠢᠨ ᠠᠵᠢᠯ᠂ ᠢᠯᠠᠩᠭᠤᠶ᠎ᠠ ᠬᠦᠩᠭᠡᠵᠢᠬᠦ ᠨᠠᠰᠤᠨ ᠤ ᠨᠡᠭᠦᠳᠡᠯ ᠡᠮᠡᠭᠲᠡᠶᠢᠴᠦᠳ᠂ ᠵᠢᠷᠮᠦᠰᠦᠨ ᠬᠥᠩᠭᠡᠵᠢᠬᠦ ᠡᠮᠡᠭᠲᠡᠶ᠂ 0 — 6 ᠨᠠᠰᠤᠨ ᠤ ᠬᠡᠦᠬᠡᠳ ᠵᠡᠷᠭᠡ ᠭᠤᠣᠯᠳᠠᠯᠭ᠎ᠠ ᠲᠠᠢ ᠬᠥᠮᠦᠰ ᠤᠨ ᠲᠤᠭ᠎ᠠ ᠪᠠᠷᠢᠮᠲᠠ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号