6 ᠳ᠋ᠤᠭᠠᠷ ᠰᠠᠷ᠎ᠠ ᠳᠤ᠂ ᠮᠠᠨ ᠤ ᠣᠷᠣᠨ ᠤ ᠢᠳᠡᠰᠢᠨ ᠨᠣᠭᠤᠭ᠎ᠠ ᠶᠢᠨ ᠦᠨ᠎ᠡ ᠬᠠᠩᠰᠢ ᠦᠷᠭᠦᠯᠵᠢᠯᠡᠨ | ᠪᠠᠭᠤᠷᠠᠬᠤ ᠬᠠᠨᠳᠤᠰᠢ ᠲᠠᠢ ᠪᠣᠯᠵᠤ᠂ ᠡᠯ᠎ᠡ ᠠᠷᠪᠠᠨ ᠬᠤᠨᠤᠭ ᠪᠦᠷᠢ ᠶᠢᠨ ᠠᠳᠠᠯᠢᠳᠬᠠᠯ ᠦᠨ᠎ᠡ ᠨᠢ ᠲᠤᠰ ᠲᠤᠰ 9. | 10%᠂ 5.98%᠂ 6.26% ᠪᠠᠷ ᠪᠠᠭᠤᠷᠠᠪᠠ᠃ 6 ᠳ᠋ᠤᠭᠠᠷ ᠰᠠᠷ᠎ᠠ ᠳᠤ᠂ ᠮᠠᠨ ᠤ ᠣᠷᠣᠨ ᠤ ᠢᠳᠡᠰᠢᠨ | ᠨᠣᠭᠤᠭᠠᠨ ᠤ ᠶᠡᠷᠦᠩᠬᠡᠶ ᠳᠤᠮᠳᠠᠴᠢ ᠪᠣᠷᠣᠯᠠᠭᠤᠯᠭ᠎ᠠ ᠶᠢᠨ ᠦᠨ᠎ᠡ ᠨᠢ 2.26 ᠲᠥᠭᠦᠷᠢᠭ /500 ᠭᠷᠡᠮ ᠪᠠᠶᠢᠵᠤ᠂ | ᠠᠳᠠᠯᠢᠳᠬᠠᠯ ᠦᠨ᠎ᠡ ᠨᠢ 18.53% ᠪᠠᠷ ᠪᠠᠭᠤᠷᠠᠪᠠ᠃ 15 ᠵᠦᠢᠯ ᠤᠨ ᠬᠢᠨᠠᠨ ᠬᠡᠮᠵᠢᠭᠰᠡᠨ ᠢᠳᠡᠰᠢᠨ | ᠨᠣᠭᠤᠭᠠᠨ ᠤ ᠲᠥᠷᠦᠯ ᠤᠨ ᠦᠨ᠎ᠡ ᠬᠠᠩᠰᠢ ᠪᠦᠭᠦᠳᠡ ᠪᠠᠭᠤᠷᠠᠵᠤ᠂ ᠪᠠᠭᠤᠷᠠᠯᠲᠠ ᠶᠢᠨ ᠲᠦᠷᠦᠭᠦᠦ 5 ᠲᠥᠷᠥᠯ ᠨᠢ | ᠲᠥᠪᠡᠳ ᠬᠠᠰᠢ᠂ ᠪᠥᠭᠡᠷᠡᠩᠬᠡᠶ ᠴᠠᠭᠠᠨ ᠨᠣᠭᠤᠭ᠎ᠠ᠂ ᠬᠠᠰᠢ᠂ ᠴᠣᠭᠤᠷ ᠨᠣᠭᠤᠭ᠎ᠠ᠂ ᠴᠠᠭᠠᠨ ᠨᠣᠭᠤᠭ᠎ᠠ ᠪᠠᠶᠢᠵᠤ᠂ | ᠲᠤᠰ ᠲᠤᠰ 31.19%᠂ 27.70%᠂ 26.55%᠂ 23.97%᠂ 22.76% ᠪᠠᠷ ᠪᠠᠭᠤᠷᠠᠪᠠ᠃ | ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ 15 ᠲᠥᠷᠦᠯ ᠤᠨ ᠢᠳᠡᠰᠢᠨ ᠨᠣᠭᠤᠭᠠᠨ ᠤ | ᠶᠡᠷᠦᠩᠬᠡᠢ ᠳᠤᠮᠳᠠᠴᠢ ᠦᠨ᠎ᠡ ᠨᠢ 6.78% ᠪᠠᠷ ᠪᠠᠭᠤᠷᠠᠵᠠᠢ᠃ | ᠵᠠᠳᠠᠯᠤᠯᠲᠠ ᠪᠠᠷ ᠵᠢᠭᠠᠵᠤ ᠭᠠᠷᠭᠠᠭᠰᠠᠨ ᠢᠶᠠᠷ ᠪᠣᠯ᠂ ᠠᠭᠠᠷ ᠤᠨ ᠳᠤᠯᠠᠭᠠᠨ ᠳᠡᠭᠡᠭᠰᠢᠯᠡᠨ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠬᠤᠷᠳᠤᠴᠠ ᠲᠦᠷᠭᠡᠳᠴᠦ᠂ ᠨᠤᠲᠤᠭ ᠤᠨ ᠢᠳᠡᠰᠢᠨ ᠨᠣᠭᠤᠭᠠᠨ ᠤ | ᠬᠠᠩᠭᠠᠯᠭ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠢᠳᠡᠰᠢᠨ ᠨᠣᠭᠤᠭᠠᠨ ᠤ ᠦᠨ᠎ᠡ ᠦᠷᠭᠦᠯᠵᠢᠯᠡᠨ ᠤᠯᠠᠷᠢᠯ ᠤᠨ | ᠴᠢᠨᠠᠷᠲᠠᠶ ᠪᠠᠭᠤᠷᠠᠬᠤ ᠨᠥᠯᠥᠭᠡ ᠪᠠᠷ ᠪᠦᠬᠦ ᠣᠷᠣᠨ ᠤ ᠢᠳᠡᠰᠢᠨ ᠨᠣᠭᠤᠭ᠎ᠠ ᠶᠢᠨ ᠦᠨ᠎ᠡ ᠡᠨᠡ ᠵᠢᠯ ᠤᠨ 2 ᠳ᠋ᠤᠭᠠᠷ | ᠰᠠᠷ᠎ᠠ ᠶᠢᠨ ᠳᠤᠮᠳᠠᠴᠢ ᠠᠴᠠ ᠨᠠᠰᠢ ᠨᠡᠶᠢᠲᠡ 54.29% ᠪᠠᠷ ᠪᠠᠭᠤᠷᠠᠪᠠ᠃ 6 ᠳ᠋ᠤᠭᠠᠷ ᠰᠠᠷ᠎ᠠ ᠶᠢᠨ 25 ᠤ ᠡᠳᠦᠷ᠂ | ᠢᠳᠡᠰᠢᠨ ᠨᠣᠭᠤᠭ᠎ᠠ ᠶᠢᠨ ᠪᠦᠬᠦ ᠣᠷᠣᠨ ᠤ ᠶᠡᠷᠦᠩᠬᠡᠢ ᠳᠤᠮᠳᠠᠴᠢ ᠦᠨ᠎ᠡ ᠨᠢ 2.13 ᠲᠥᠭᠦᠷᠢᠭ/ 500 ᠭᠷᠠᠮ | ᠪᠣᠯᠵᠤ᠂ 6 ᠳ᠋ᠤᠭᠠᠷ ᠰᠠᠷ᠎ᠠ ᠶᠢᠨ 15 ᠤ ᠡᠳᠦᠷ ᠤᠨ ᠬᠢ ᠲᠠᠢ ᠠᠳᠠᠯᠢᠳᠬᠠᠪᠠᠯ᠂ ᠦᠨ᠎ᠡ ᠬᠠᠩᠰᠢ ᠨᠢ 6. | 26% ᠪᠠᠷ ᠪᠠᠭᠤᠷᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.5 ᠵᠠᠭᠤᠨ ᠤ ᠴᠡᠭ ᠪᠠᠭᠤᠷᠠᠪᠠ᠃ | ᠠᠭᠠᠷ ᠤᠨ ᠳᠤᠯᠠᠭᠠᠨ ᠤᠯᠠᠮ ᠠᠴᠠ ᠳᠡᠭᠡᠭᠰᠢᠯᠡᠬᠦ ᠶᠢ ᠳᠠᠭᠠᠯᠳᠤᠨ᠂ ᠨᠣᠭᠤᠭ᠎ᠠ ᠶᠢᠨ ᠭᠠᠷᠤᠯᠲᠠ ᠶᠢᠨ ᠬᠡᠰᠡᠭ | ᠭᠠᠵᠠᠷ ᠤᠨ ᠵᠤᠨ ᠤ ᠤᠯᠠᠷᠢᠯ ᠤᠨ ᠠᠭᠠᠳᠠᠷ ᠪᠣᠷᠣᠭᠠᠨ ᠤᠯᠠᠳᠠᠵᠤ᠂ ᠨᠠᠪᠴᠢᠲᠤ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠲᠡᠭᠡᠭᠡᠪᠦᠷᠢᠯᠡᠯᠲᠡ ᠶᠢ ᠨᠥᠯᠥᠭᠡᠯᠡᠵᠦ᠂ ᠵᠢᠱᠢᠯᠲᠡ ᠪᠠᠷ ᠢᠳᠡᠰᠢᠨ ᠨᠣᠭᠤᠭᠠᠨ ᠤ ᠦᠨ᠎ᠡ ᠶᠢᠨ | ᠪᠠᠭᠤᠷᠠᠯᠲᠠ ᠪᠠᠭᠠᠰᠬᠤ ᠪᠣᠯᠤᠨ᠎ᠠ᠃ ᠭᠡᠪᠡᠴᠦ ᠰᠡᠭᠦᠯᠴᠢ ᠶᠢᠨ ᠦᠶ᠎ᠡ ᠪᠠᠷ ᠠᠭᠤᠷ ᠠᠮᠢᠰᠬᠤᠯ ᠤᠨ ᠬᠦᠴᠣᠠ ᠵᠦᠢᠯ ᠤᠨ | ᠨᠥᠯᠥᠭᠡᠯᠡᠯ ᠠᠴᠠ ᠪᠤᠯᠵᠤ᠂ ᠲᠤᠰ ᠭᠠᠵᠠᠷ ᠣᠷᠣᠨ ᠤ ᠢᠳᠡᠰᠢᠨ ᠨᠣᠭᠤᠭᠠᠨ ᠤ ᠬᠠᠩᠭᠠᠯᠭ᠎ᠠ ᠨᠡᠮᠡᠭᠳᠡᠵᠦ᠂ ᠢᠳᠡᠰᠢᠨ | ᠨᠣᠭᠤᠭ᠎ᠠ ᠶᠢᠨ ᠦᠨ᠎ᠡ ᠬᠠᠩᠰᠢ ᠤᠯᠠᠮ ᠨᠢᠭᠡ ᠠᠯᠬᠤᠮ ᠪᠠᠭᠤᠷᠠᠬᠤ ᠪᠣᠯᠣᠨ᠎ᠠ᠃ |