ᠪᠦᠬᠦ ᠤᠷᠤᠨ ᠤ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/7/13
     7 ᠳ᠋ᠤᠭᠠᠷ ᠰᠠᠷ᠎ᠠ ᠶᠢᠨ 11᠎ ᠤ ᠡᠳᠦᠷ᠂ ᠪᠦᠬᠦ ᠤᠷᠤᠨ ᠤ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠯᠠᠭᠠᠨᠴᠠᠪ ᠬᠤᠳᠠ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠲᠦᠪᠯᠡᠷᠡᠨ ᠵᠠᠯᠭᠠᠯᠳᠤᠬᠰᠠᠨ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠠᠬᠢᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢ ᠫᠧᠩ ᠰᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢ ᠫᠧᠩ ᠰᠢᠨ ᠴᠢᠬᠤᠯᠠᠴᠢᠯᠠᠬᠰᠠᠨ ᠨᠢ᠂ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠎ ᠶᠢᠨ ᠦᠨᠳᠦᠰᠦᠨ ᠪᠠᠳᠤᠯᠠᠭ᠎ᠠ ᠮᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠡᠷᠬᠡᠪᠰᠢ ᠨᠠᠮ ᠤᠨ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠤᠯᠤᠰ ᠲᠦᠷᠦ ᠶᠢᠨ ᠲᠠᠪᠠᠭᠤᠯᠢᠭ᠂ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠪᠠ ᠤᠯᠠᠨ ᠲᠦᠮᠡᠨ ᠲᠠᠢ ᠨᠢᠬᠳᠠ ᠬᠠᠷᠢᠯᠴᠠᠬᠤ ᠲᠠᠪᠠᠭᠤᠯᠢᠭ ᠢ ᠬᠦᠢᠴᠡᠳ ᠪᠠᠳᠠᠷᠠᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠠᠮ ᠤᠨ ᠪᠠᠶᠢᠭᠤᠯᠤᠯᠳᠠ ᠶᠢ ᠠᠳᠬᠤᠬᠤ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠭᠤᠤᠯ ᠡᠭᠦᠷᠭᠡ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠭᠤᠤᠯ ᠲᠠᠶᠢᠨ ᠤ ᠲᠠᠯᠠᠪᠤᠷ ᠲᠤ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠨ ᠠᠮᠵᠢᠯᠳᠠ ᠪᠦᠳᠤᠮᠵᠢ ᠭᠠᠷᠭᠠᠬᠤ ᠪᠠᠷ ᠴᠢᠷᠮᠠᠶᠢᠬᠤ ᠬᠡᠷᠡᠭᠳᠡᠢ᠃ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠠᠵᠠ ᠲᠤᠬᠢᠶᠠᠯ ᠢ ᠴᠢᠩᠭ᠎ᠠ ᠡᠵᠡᠮᠳᠡᠨ᠂ ᠶᠠᠳᠠᠭᠤ ᠬᠦᠴᠢᠷᠳᠡᠯᠳᠡᠢ ᠰᠢᠶᠠᠨ ᠰᠢᠶᠠᠩ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠰᠠᠶᠢᠳᠤᠷ ᠰᠢᠯᠢᠨ ᠲᠤᠬᠢᠷᠠᠭᠤᠯᠵᠤ᠂ ᠦᠨᠳᠦᠰᠦᠨ ᠱᠠᠳᠤᠨ ᠤ ᠺᠠᠳ᠋ᠷᠴᠤᠳ ᠤᠨ ᠠᠮᠢᠵᠢᠷᠠᠯ ᠎ ᠤᠨ ᠬᠦᠴᠦᠨ ᠢ ᠪᠠᠳᠠᠷᠠᠭᠤᠯᠬᠤ ᠬᠡᠷᠡᠭᠳᠡᠢ᠃ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢᠨ ᠭᠤᠤᠯᠯᠠᠬᠤ ᠪᠠᠶᠢᠷᠢ ᠰᠠᠭᠤᠷᠢ ᠶᠢ ᠴᠢᠨᠠᠬᠰᠢᠳᠠ ᠪᠠᠬᠢᠵᠢᠭᠦᠯᠵᠤ᠂ ᠤᠯᠠᠨ ᠲᠦᠮᠡᠨ ᠢ ᠲᠠᠭᠠᠭᠤᠯᠤᠨ ᠶᠠᠳᠠᠭᠤ ᠠᠴᠠ ᠠᠩᠬᠢᠵᠢᠷᠠᠭᠤᠯᠦᠨ ᠴᠢᠨᠡᠭᠡᠯᠢᠭᠵᠢᠭᠦᠯᠭᠦ ᠪᠠᠶᠢᠯᠳᠤᠭᠠᠨ ᠤ ᠪᠠᠬᠢᠯᠡᠯᠳᠡ ᠶᠢ ᠪᠠᠶᠢᠭᠤᠯᠤᠨ ᠬᠦᠴᠦᠷᠭᠡᠭᠵᠢᠭᠦᠯᠵᠤ᠂ ᠲᠠᠭᠠᠭᠤᠯᠤᠬᠴᠢ ᠶᠢᠨ ᠡᠩᠨᠡᠭᠡ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠨᠠᠮ ᠤᠨ ᠬᠡᠰᠢᠭᠦᠨ ᠤ ᠲᠠᠭᠠᠭᠤᠯᠤᠨ ᠴᠢᠨᠡᠭᠡᠯᠢᠭᠵᠢᠭᠦᠯᠭᠦ ᠦᠢᠯᠡᠳᠦᠯ ᠢ ᠰᠠᠶᠢᠳᠤᠷ ᠪᠠᠳᠠᠷᠠᠭᠤᠯᠬᠤ ᠬᠡᠷᠡᠭᠳᠡᠢ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠦᠷᠨᠢᠬᠦᠯᠵᠦ ᠤᠪᠤᠷ ᠰᠤᠷᠳᠠᠯ ᠢᠶᠠᠨ ᠰᠠᠶᠢᠵᠢᠷᠠᠭᠤᠯᠬᠤ ᠲᠠᠢ ᠤᠶᠠᠯᠳᠤᠭᠤᠯᠵᠦ᠂ ᠨᠠᠮ ᠤᠨ ᠬᠡᠰᠢᠬᠦᠨ ᠺᠡᠳ᠋ᠷ ᠢ ᠵᠢᠯᠤᠭᠤᠳᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠨᠢᠭᠡᠳᠦᠭᠡᠷ ᠹᠷᠤᠨᠲ ᠲᠤ ᠬᠤᠰᠢᠭᠤᠴᠢ ᠪᠤᠯᠵᠤ᠂ ᠬᠡᠪ ᠲᠠᠭᠤᠷᠢᠶᠠᠯ ᠦᠵᠡᠭᠦᠯᠤᠨ᠂ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠤᠨ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ ᠬᠡᠪᠡ᠃      ᠸᠠᠩ ᠢᠤᠢ ᠮᠢᠩ ᠴᠢᠬᠤᠯᠠᠴᠢᠯᠠᠬᠰᠠᠨ ᠨᠢ᠂ ᠮᠠᠨ ᠤ ᠤᠷᠤᠨ ᠳᠤ ᠤᠳᠤ 80.2 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠠᠶᠢᠵᠤ᠂ ᠶᠠᠳᠠᠭᠤ ᠬᠦᠴᠢᠷᠳᠠᠯᠳᠠᠢ ᠬᠦᠮᠤᠨ ᠠᠮᠠ ᠶᠢ ᠪᠠᠭᠠᠰᠬᠠᠨ ᠶᠠᠳᠠᠭᠤ ᠠᠴᠠ ᠠᠩᠬᠢᠵᠢᠷᠠᠭᠤᠯᠬᠤ ᠦᠪᠡᠷ ᠤᠨ ᠦᠷᠳᠡᠭ ᠦᠨᠳᠦᠷ ᠪᠦᠭᠡᠳ ᠬᠦᠴᠢᠷᠳᠡᠯ ᠶᠡᠭᠡ ᠪᠠᠶᠢᠵᠤ᠂ ᠡᠨᠡ ᠵᠢᠯ ᠳᠤ 21 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠰᠠᠭᠤᠷᠢ ᠲᠤᠭ᠎ᠠ ᠲᠤᠳᠤᠷᠬᠠᠢ᠂ ᠬᠠᠷᠢᠭᠤᠴᠠᠯᠭ᠎ᠠ ᠲᠤᠳᠤᠷᠬᠠᠢ᠂ ᠠᠷᠭ᠎ᠠ ᠠᠪᠴᠠᠯ ᠲᠤᠳᠤᠷᠬᠠᠢ᠂ ᠠᠵᠢᠯ ᠤᠨ ᠱᠠᠭᠠᠷᠳᠠᠯᠭ᠎ᠠ ᠲᠤᠳᠤᠷᠬᠠᠢ︾ ᠱᠠᠭᠠᠷᠳᠠᠯᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠬᠤ ᠳᠤ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ᠂ ᠤᠨᠤᠪᠴᠢᠲᠡᠢ ᠪᠠᠷ ᠶᠠᠳᠠᠭᠤ ᠠᠴᠠ ᠠᠩᠬᠢᠵᠢᠷᠠᠭᠤᠯᠬᠤ ᠲᠤᠭᠤᠷᠢᠨ ᠳᠤ᠂ ︽ᠲᠠᠪᠤᠨ ᠨᠢᠭᠡ︾᠎ ᠶᠢᠨ ᠠᠷᠭ᠎ᠠ ᠵᠠᠮ ᠢᠶᠠᠷ᠂ ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠨᠠᠷᠢᠨ ᠨᠢᠮᠪᠠᠢ ᠰᠠᠶᠢᠳᠤᠷ ᠠᠳᠬᠤᠵᠤ᠂ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠵᠤ᠂ ᠶᠠᠳᠠᠭᠤ ᠶᠢ ᠲᠡᠳᠭᠦᠭᠦ ᠪᠡᠯᠡ ᠮᠦᠩᠭᠦ᠂ ᠲᠦᠷᠦ ᠶᠢᠨ ᠪᠤᠳᠤᠯᠭ᠎ᠠ ᠪᠠ ᠲᠦᠷᠦᠯ ᠵᠦᠢᠯ ᠤᠨ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠳᠤ ᠦᠨᠡᠨᠬᠦ ᠠᠰᠢᠭ ᠬᠦᠷᠳᠡᠭᠡᠭᠦ ᠶᠢ ᠪᠠᠳᠤᠯᠠᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号