| | ᠲᠡᠷᠢᠭᠦᠨ ᠤ ᠬᠢ ᠶᠢ ᠬᠦᠬᠢᠭᠦᠯᠦᠨ᠂ 2014 ᠣᠨ ᠠᠴᠠ ᠨᠠᠰᠢᠬᠢ ᠠᠩᠬᠠᠨ ᠤ ᠪᠦᠯᠦᠭ ᠨᠡᠶᠢᠭᠡᠮ | ᠲᠤᠭᠤᠷᠢᠭ ᠤᠨ ᠵᠠᠰᠠᠮᠵᠢᠯᠠᠬᠤ ᠰᠠᠶᠢᠨ ᠳᠤᠷᠠᠴᠣᠳ ᠤᠨ ᠠᠵᠢᠯ ᠢ ᠳ᠋ᠦᠩᠨᠡᠵᠦ᠂ ᠬᠤᠶᠢᠰᠢᠲᠠ ᠶᠢᠨ ᠨᠢᠭᠡ | ᠬᠤᠭᠤᠴᠠᠭᠠᠨ ᠤ ᠨᠡᠶᠢᠭᠡᠮ ᠲᠤᠭᠤᠷᠢᠭ ᠤᠨ ᠵᠠᠰᠠᠮᠵᠢᠯᠠᠬᠤ ᠰᠠᠶᠢᠨ ᠳᠤᠷᠠᠴᠣᠳ ᠤᠨ ᠡᠩᠨᠡᠭᠡᠨ ᠤ ᠪᠠᠶᠢᠭᠤᠯᠤᠯᠲᠠ ᠶᠢ | ᠰᠤᠳᠤᠯᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠶᠢᠨ ᠲᠢᠩᠬᠢᠮ ᠪᠦᠬᠦ ᠣᠷᠣᠨ ᠤ ᠨᠡᠶᠢᠭᠡᠮ ᠲᠤᠭᠤᠷᠢᠭ ᠤᠨ ᠵᠠᠰᠠᠮᠵᠢᠯᠠᠬᠤ ᠠᠩᠬᠠᠨ ᠤ ᠪᠦᠯᠦᠭ ᠰᠠᠶᠢᠨ | ᠳᠤᠷᠠᠴᠣᠳ ᠤᠨ ᠠᠵᠢᠯ ᠢ ᠳ᠋ᠦᠩᠨᠡᠨ ᠬᠥᠬᠢᠭᠦᠯᠬᠦ ᠲᠧᠯᠸᠢᠰ ᠳ᠋ᠢᠶᠠᠩᠬᠤᠸᠠ ᠬᠤᠷᠠᠯ ᠬᠢᠪᠡ᠃ ᠬᠤᠷᠠᠯ ᠢ ᠥᠪᠡᠷᠲᠡᠭᠡᠨ | ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠢᠩᠬᠢᠮ ᠤᠨ | ᠳᠠᠷᠤᠭ᠎ᠠ ᠪᠤᠤᠱᠠᠨ ᠡᠷᠬᠢᠯᠡᠵᠦ᠂ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ | ᠲᠢᠩᠬᠢᠮ ᠤᠨ ᠳᠠᠷᠤᠭ᠎ᠠ ᠵᠸᠦ ᠯᠢ ᠮᠢᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠤ᠋ ᠵᠦᠩ ᠱᠧᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠤᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠰᠦᠨ ᠯᠢ ᠵᠢᠶᠠᠨ᠂ ᠬᠠᠤᠯᠢ ᠴᠠᠭᠠᠵᠠ ᠶᠢᠨ ᠲᠢᠩᠬᠢᠮ ᠤᠨ | ᠤᠯᠤᠰ ᠲᠥᠷᠥ ᠶᠢᠨ ︵ᠴᠠᠭᠳᠠᠭᠠᠨ ᠤ ᠶᠠᠪᠤᠳᠠᠯ︶ ᠬᠡᠯᠲᠡᠰ ᠤᠨ ᠡᠷᠬᠢᠯᠡᠭᠴᠢ ᠹᠠᠨ ᠭᠦᠸᠧ ᠬᠤᠷᠠᠯ ᠳᠤ ᠤᠷᠤᠯᠴᠠᠪᠠ᠃ | | ᠵᠧᠦ ᠯᠢ ᠮᠢᠩ ᠵᠢᠭᠠᠭᠰᠠᠨ ᠨᠢ᠂ ᠨᠡᠶᠢᠭᠡᠮ ᠤᠨ ᠰᠠᠶᠢᠨ ᠳᠤᠷᠠᠴᠣᠳ ᠪᠣᠯ ᠨᠡᠶᠢᠭᠡᠮ ᠲᠤᠭᠤᠷᠢᠭ ᠤᠨ | ᠵᠠᠰᠠᠮᠵᠢᠯᠠᠬᠤ ᠠᠵᠢᠯ ᠤᠨ ᠡᠩᠨᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠡᠷᠡᠭᠦᠦ ᠰᠢᠳᠬᠡᠯ ᠢ ᠨᠢ ᠨᠡᠶᠢᠭᠡᠮ | ᠲᠤᠭᠤᠷᠢᠭ ᠲᠤ ᠭᠦᠢᠴᠡᠳᠬᠡᠵᠦ ᠪᠠᠶᠢᠭ᠎ᠠ ᠬᠥᠮᠥᠨ ᠢ ᠰᠤᠷᠭᠠᠨ ᠬᠦᠮᠦᠵᠢᠭᠦᠯᠵᠦ ᠬᠠᠮᠢᠶᠠᠷᠬᠤ ᠠᠵᠢᠯ ᠤᠨ ᠴᠢᠬᠤᠯᠠ | ᠬᠦᠴᠦᠨ ᠮᠥᠨ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠰᠠᠶᠢᠨ | ᠳᠤᠷᠠᠴᠤᠳ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠬᠦ ᠶᠢ ᠵᠢᠯᠣᠭᠤᠳᠴᠤ᠂ ᠥᠷᠭᠡᠨ ᠤᠯᠠᠨ | ᠰᠠᠶᠢᠨ ᠳᠤᠷᠠᠴᠣᠳ ᠤᠨ ᠲᠤᠰᠬᠠᠢ ᠴᠢᠳᠠᠪᠤᠷᠢ ᠶᠢ ᠨᠢ ᠪᠠᠳᠠᠷᠠᠭᠤᠯᠵᠤ᠂ ᠠᠵᠢᠯ ᠮᠡᠷᠭᠡᠵᠢᠯ ᠢᠶᠠᠨ ᠨᠠᠨᠳᠢᠩᠨᠠᠨ | ᠬᠠᠶᠢᠷᠠᠯᠠᠵᠤ᠂ ᠥᠨᠳᠦᠰᠦᠨ ᠱᠠᠲᠤᠨ ᠤ ᠨᠡᠶᠢᠭᠡᠮ ᠲᠤᠭᠤᠷᠢᠭ ᠤᠨ ᠵᠠᠰᠠᠮᠵᠢᠯᠠᠬᠤ ᠠᠵᠢᠯ ᠤᠨ ᠬᠥᠭᠵᠢᠯᠲᠡ ᠶᠢ | ᠪᠦᠲᠦᠮᠵᠢᠲᠠᠢ ᠪᠠᠷ ᠲᠦᠯᠬᠢᠨ ᠠᠬᠢᠭᠤᠯᠪᠠ ᠭᠡᠵᠡᠢ᠃ | ᠲᠡᠷᠡ ᠴᠢᠬᠤᠯᠠᠴᠢᠯᠠᠭᠰᠠᠨ ᠨᠢ᠂ ᠨᠡᠶᠢᠭᠡᠮ ᠲᠤᠭᠤᠷᠢᠭ ᠤᠨ ᠵᠠᠰᠠᠮᠵᠢᠯᠠᠬᠤ ᠠᠵᠢᠯ ᠤᠨ ᠰᠠᠶᠢᠨ ᠳᠤᠷᠠᠴᠣᠳ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ︽ᠳᠥᠷᠪᠡᠨ ᠨᠢᠭᠡ︾ ᠲᠤᠭᠲᠠᠴᠠ ᠶᠢᠨ ᠪᠠᠶᠢᠭᠤᠯᠤᠯᠲᠠ ᠶᠢ | ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠪᠠᠶᠢᠭᠤᠯᠭ᠎ᠠ ᠨᠤᠭᠤᠳ ᠰᠢᠨ᠎ᠡ ᠨᠢᠭᠡ ᠪᠦᠯᠦᠭ ᠰᠠᠶᠢᠨ ᠳᠤᠷᠠᠴᠣᠳ ᠢ ᠰᠠᠶᠢᠲᠤᠷ ᠲᠣᠬᠢᠷᠠᠭᠤᠯᠤᠨ᠂ ᠰᠠᠶᠢᠲᠤᠷ | ᠦᠢᠯᠡᠴᠢᠯᠡᠭᠦᠯᠵᠦ᠂ ᠰᠠᠶᠢᠲᠤᠷ ᠬᠠᠮᠢᠶᠠᠷᠴᠤ᠂ ᠰᠠᠶᠢᠨ ᠳᠤᠷᠠᠴᠣᠳ ᠢ ︽ᠨᠢᠭᠡ ᠢᠵᠢ ᠬᠠᠮᠢᠶᠠᠷᠤᠯᠲᠠ ᠶᠢᠨ ᠲᠤᠭᠲᠠᠴᠠ | ︾ ᠶᠢᠨ ᠪᠠᠶᠢᠭᠤᠯᠤᠯᠲᠠ᠂ ︽ᠨᠢᠭᠡ ᠡᠳᠦᠷ ᠤᠨ︾ ᠰᠤᠷᠭᠠᠨ ᠬᠥᠮᠥᠵᠢᠭᠦᠯᠬᠦ ᠲᠤᠭᠲᠠᠴᠠ ᠶᠢᠨ ᠪᠠᠶᠢᠭᠤᠯᠤᠯᠲᠠ᠂ ︽ | ᠨᠢᠭᠡ ᠴᠤᠭᠴᠠᠵᠢᠭᠤᠯᠤᠨ︾ ᠬᠠᠪᠰᠤᠷᠤᠨ ᠳᠡᠳᠬᠦᠬᠦ ᠲᠤᠭᠲᠠᠴᠠ ᠶᠢᠨ ᠪᠠᠶᠢᠭᠤᠯᠤᠯᠲᠠ᠂ ︽ᠬᠥᠯᠭᠡ ᠰᠢᠲᠠᠷ᠎ᠠ ᠮᠡᠲᠦ︾ | ᠪᠠᠷ ᠰᠦᠯᠵᠢᠶᠡᠨ ᠳᠡᠭᠡᠷ᠎ᠡ ᠬᠡᠷᠡᠭ ᠰᠢᠢᠳᠪᠦᠷᠢᠯᠡᠬᠦ ᠲᠤᠭᠲᠠᠴᠠ ᠶᠢᠨ ᠪᠠᠶᠢᠭᠤᠯᠤᠯᠲᠠ ᠳᠤ ᠣᠷᠣᠯᠴᠠᠬᠤ ᠶᠢ | ᠵᠢᠯᠣᠭᠤᠳᠴᠤ᠂ ᠲᠡᠳᠡᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠰᠠᠶᠢᠨ᠂ ᠬᠦᠯᠢᠶᠡᠨ ᠠᠪᠬᠤ ᠴᠢᠳᠠᠪᠤᠷᠢ ᠪᠠᠷ | ᠴᠢᠩᠭ᠎ᠠ᠂ ᠦᠵᠡᠯ ᠰᠠᠨᠠᠭ᠎ᠠ ᠨᠢ ᠬᠥᠭᠵᠢᠶᠡᠨᠲᠡᠢ ᠪᠠᠶᠢᠳᠠᠭ ᠤᠨᠴᠠᠯᠢᠭ ᠪᠠ ᠳᠠᠪᠠᠭᠤᠯᠢᠭ ᠲᠠᠯ᠎ᠠ ᠶᠢ ᠠᠰᠢᠭᠯᠠᠨ᠂ ︽ | ᠳᠥᠷᠪᠡᠨ ᠨᠢᠭᠡ︾ ᠲᠤᠭᠲᠠᠴᠠ ᠶᠢᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠦᠢᠯᠡᠳᠦᠯ ᠢ ᠨᠢ ᠪᠠᠳᠠᠷᠠᠭᠤᠯᠬᠤ | ᠬᠡᠷᠡᠭᠲᠡᠢ ᠭᠡᠪᠡ᠃ | ᠬᠤᠷᠠᠯ ᠳᠡᠭᠡᠷ᠎ᠡ ᠨᠡᠶᠢᠭᠡᠮ ᠲᠤᠭᠤᠷᠢᠭ ᠤᠨ ᠵᠠᠰᠠᠮᠵᠢᠯᠠᠬᠤ ᠰᠠᠶᠢᠨ ᠲᠤᠷᠠᠴᠣᠳ ᠤᠨ ᠠᠵᠢᠯ ᠤᠨ ᠲᠡᠷᠢᠭᠦᠨ ᠤ | ᠬᠠᠮᠲᠤ ᠪᠠ ᠰᠢᠯᠢᠳᠡᠭ ᠰᠠᠶᠢᠨ ᠳᠤᠷᠠᠴᠣᠳ ᠤᠨ ᠲᠥᠯᠥᠭᠡᠯᠡᠭᠴᠢᠳ ᠤᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠪᠦᠬᠦ ᠠᠵᠢᠯᠲᠠᠳ᠂ ᠬᠦᠬᠡᠬᠤᠲᠠ ᠪᠠ | ᠳᠥᠷᠪᠡᠨ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠥᠮᠥᠨ ᠤ ᠬᠦᠴᠦᠨ ᠤ ᠡᠬᠢ | ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠬᠠᠤᠯᠢ | ᠴᠠᠭᠠᠵᠠ ᠶᠢᠨ ᠲᠤᠪᠴᠢᠶ᠎ᠠ ᠶᠢᠨ ᠬᠤᠯᠪᠤᠭᠳᠠᠯ ᠪᠦᠬᠦᠢ ᠤᠳᠤᠷᠢᠳᠤᠯᠭ᠎ᠠ ᠪᠠ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠨ ᠠᠵᠢᠯᠲᠠᠨ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ᠂ ᠨᠡᠶᠢᠭᠡᠮ ᠲᠤᠭᠤᠷᠢᠭ ᠤᠨ ᠵᠠᠰᠠᠮᠵᠢᠯᠠᠬᠤ | ᠰᠠᠶᠢᠨ ᠳᠤᠷᠠᠴᠣᠳ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ︔ ᠡᠯ᠎ᠡ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠤᠭᠤᠷᠢᠭ︶ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠦᠮᠦᠨ ᠤ ᠬᠦᠴᠦᠨ ᠤ ᠡᠬᠢ | ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠬᠠᠤᠯᠢ | ᠴᠠᠭᠠᠵᠠ ᠶᠢᠨ ᠲᠤᠪᠴᠢᠶ᠎ᠠ ᠶᠢᠨ ᠬᠤᠯᠪᠤᠭᠳᠠᠯ ᠪᠦᠬᠦᠢ ᠤᠳᠤᠷᠢᠳᠤᠯᠭ᠎ᠠ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠠᠵᠢᠯᠲᠠᠳ᠂ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ᠂ ᠨᠡᠶᠢᠭᠡᠮ ᠲᠤᠭᠤᠷᠢᠭ ᠤᠨ ᠵᠠᠰᠠᠮᠵᠢᠯᠠᠬᠤ | ᠰᠠᠶᠢᠨ ᠳᠤᠷᠠᠴᠤᠳ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠵᠠᠢ᠃ |