7 ᠳ᠋ᠤᠭᠠᠷ ᠰᠠᠷ᠎ᠠ ᠶᠢᠨ 11 ᠤ ᠡᠳᠦᠷ᠂ ᠪᠦᠬᠦ ᠤᠷᠤᠨ ᠤ ᠨᠠᠮ ᠤᠨ ᠪᠠᠶᠢᠭᠤᠯᠤᠯᠳᠠ ᠶᠢ ᠠᠳᠬᠤᠵᠤ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ | ᠤᠯᠠᠭᠠᠨᠴᠠᠪ ᠬᠤᠳᠠ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠲᠦᠪᠯᠡᠷᠡᠨ ᠵᠠᠯᠭᠠᠯᠳᠤᠬᠰᠠᠨ ᠶᠠᠳᠠᠭᠤ | ᠬᠦᠴᠢᠷᠳᠡᠯ ᠲᠠᠢ ᠭᠠᠵᠠᠷ ᠤᠷᠤᠨ ᠤ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠵᠤ᠂ ᠠᠬᠢᠭᠤᠯᠤᠨ ᠨᠡᠶᠢᠳᠡᠪᠦᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ | ᠬᠡᠯᠳᠡᠰ ᠤᠨ ᠲᠠᠷᠤᠭ᠎ᠠ ᠯᠢ ᠫᠧᠩ ᠰᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ | ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ | ᠯᠢ ᠫᠧᠩ ᠰᠢᠨ ᠴᠢᠬᠤᠯᠠᠴᠢᠯᠠᠬᠰᠠᠨ ᠨᠢ᠂ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ | ᠶᠢᠨ ᠦᠨᠳᠦᠰᠦᠨ ᠪᠠᠳᠤᠯᠠᠭ᠎ᠠ ᠮᠦᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠠᠯᠳᠠ ᠶᠢ ᠤᠯᠬᠤ ᠳᠤ ᠡᠷᠬᠡᠪᠰᠢ ᠨᠠᠮ ᠤᠨ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠨ ᠰᠠᠶᠢᠵᠢᠷᠠᠭᠤᠯᠵᠤ᠂ | ᠨᠠᠮ ᠤᠨ ᠤᠯᠤᠰ ᠲᠦᠷᠦ ᠶᠢᠨ ᠲᠠᠪᠠᠭᠤᠯᠢᠭ᠂ ᠵᠤᠬᠢᠶᠠᠨ ᠪᠠᠶᠢᠭᠤᠯᠤᠯᠳᠠ ᠶᠢᠨ ᠲᠠᠪᠠᠭᠤᠯᠢᠭ ᠪᠠ ᠤᠯᠠᠨ ᠲᠦᠮᠡᠨ ᠲᠠᠢ | ᠨᠢᠬᠳᠠ ᠬᠠᠷᠢᠯᠴᠠᠬᠤ ᠲᠠᠪᠠᠭᠤᠯᠢᠭ ᠢ ᠬᠦᠢᠴᠡᠳ ᠪᠠᠳᠠᠷᠠᠭᠤᠯᠬᠤ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ | ᠪᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠨᠠᠮ ᠤᠨ ᠪᠠᠶᠢᠭᠤᠯᠤᠯᠳᠠ ᠶᠢ ᠠᠳᠬᠤᠬᠤ ᠶᠢ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠭᠤᠤᠯ ᠡᠭᠦᠷᠭᠡ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠭᠤᠤᠯ ᠲᠠᠶᠢᠨ ᠤ ᠲᠠᠯᠠᠪᠤᠷ ᠲᠤ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠨ ᠠᠮᠵᠢᠯᠳᠠ | ᠪᠦᠳᠤᠮᠵᠢ ᠭᠠᠷᠭᠠᠬᠤ ᠪᠠᠷ ᠴᠢᠷᠮᠠᠶᠢᠬᠤ ᠬᠡᠷᠡᠭᠳᠡᠢ᠃ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠠᠵᠠ | ᠲᠤᠬᠢᠶᠠᠯ ᠢ ᠴᠢᠩᠭ᠎ᠠ ᠡᠵᠡᠮᠳᠡᠨ᠂ ᠶᠠᠳᠠᠭᠤ ᠬᠦᠴᠢᠷᠳᠡᠯᠳᠡᠢ ᠰᠢᠶᠠᠨ ᠰᠢᠶᠠᠩ ᠤᠨ ᠤᠳᠤᠷᠢᠳᠬᠤ ᠪᠠᠭ ᠪᠠ | ᠤᠳᠤᠷᠢᠳᠬᠤ ᠺᠠᠳ᠋ᠷ ᠢ ᠰᠠᠶᠢᠳᠤᠷ ᠰᠢᠯᠢᠨ ᠲᠤᠬᠢᠷᠠᠭᠤᠯᠵᠤ᠂ ᠦᠨᠳᠦᠰᠦᠨ ᠱᠠᠳᠤᠨ ᠤ ᠺᠠᠳ᠋ᠷᠴᠤᠳ ᠤᠨ ᠠᠮᠢᠵᠢᠷᠠᠯ | ᠤᠨ ᠬᠦᠴᠦᠨ ᠢ ᠪᠠᠳᠠᠷᠠᠭᠤᠯᠬᠤ ᠬᠡᠷᠡᠭᠳᠡᠢ᠃ ᠦᠨᠳᠦᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠤᠳᠤᠷᠢᠳᠤᠯᠭ᠎ᠠ ᠶᠢᠨ ᠭᠤᠤᠯᠯᠠᠬᠤ ᠪᠠᠶᠢᠷᠢ ᠰᠠᠭᠤᠷᠢ ᠶᠢ ᠴᠢᠨᠠᠬᠰᠢᠳᠠ ᠪᠠᠬᠢᠵᠢᠭᠦᠯᠵᠤ᠂ ᠤᠯᠠᠨ ᠲᠦᠮᠡᠨ ᠢ | ᠲᠠᠭᠠᠭᠤᠯᠤᠨ ᠶᠠᠳᠠᠭᠤ ᠠᠴᠠ ᠠᠩᠬᠢᠵᠢᠷᠠᠭᠤᠯᠦᠨ ᠴᠢᠨᠡᠭᠡᠯᠢᠭᠵᠢᠭᠦᠯᠭᠦ ᠪᠠᠶᠢᠯᠳᠤᠭᠠᠨ ᠤ ᠪᠠᠬᠢᠯᠡᠯᠳᠡ ᠶᠢ ᠪᠠᠶᠢᠭᠤᠯᠤᠨ | ᠬᠦᠴᠦᠷᠭᠡᠭᠵᠢᠭᠦᠯᠵᠤ᠂ ᠲᠠᠭᠠᠭᠤᠯᠤᠬᠴᠢ ᠶᠢᠨ ᠡᠩᠨᠡᠭᠡ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠨᠠᠮ ᠤᠨ | ᠬᠡᠰᠢᠭᠦᠨ ᠤ ᠲᠠᠭᠠᠭᠤᠯᠤᠨ ᠴᠢᠨᠡᠭᠡᠯᠢᠭᠵᠢᠭᠦᠯᠭᠦ ᠦᠢᠯᠡᠳᠦᠯ ᠢ ᠰᠠᠶᠢᠳᠤᠷ ᠪᠠᠳᠠᠷᠠᠭᠤᠯᠬᠤ ᠬᠡᠷᠡᠭᠳᠡᠢ᠃ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠬᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠦᠷᠨᠢᠬᠦᠯᠵᠦ ᠤᠪᠤᠷ | ᠰᠤᠷᠳᠠᠯ ᠢᠶᠠᠨ ᠰᠠᠶᠢᠵᠢᠷᠠᠭᠤᠯᠬᠤ ᠲᠠᠢ ᠤᠶᠠᠯᠳᠤᠭᠤᠯᠵᠦ᠂ ᠨᠠᠮ ᠤᠨ ᠬᠡᠰᠢᠬᠦᠨ ᠺᠡᠳ᠋ᠷ ᠢ ᠵᠢᠯᠤᠭᠤᠳᠤᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠨᠢᠭᠡᠳᠦᠭᠡᠷ ᠹᠷᠤᠨᠲ ᠲᠤ ᠬᠤᠰᠢᠭᠤᠴᠢ ᠪᠤᠯᠵᠤ᠂ ᠬᠡᠪ ᠲᠠᠭᠤᠷᠢᠶᠠᠯ | ᠦᠵᠡᠭᠦᠯᠤᠨ᠂ ᠨᠠᠮ ᠤᠨ ᠪᠠᠶᠢᠭᠤᠯᠤᠯᠳᠠ ᠶᠢ ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠶᠢ ᠠᠬᠢᠭᠤᠯᠬᠤ ᠠᠵᠢᠯ ᠤᠨ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ ᠬᠡᠪᠡ᠃ | ᠸᠠᠩ ᠢᠤᠢ ᠮᠢᠩ ᠴᠢᠬᠤᠯᠠᠴᠢᠯᠠᠬᠰᠠᠨ ᠨᠢ᠂ ᠮᠠᠨ ᠤ ᠤᠷᠤᠨ ᠳᠤ ᠤᠳᠤ 80.2 ᠲᠦᠮᠡᠨ ᠶᠠᠳᠠᠭᠤ | ᠬᠦᠴᠢᠷᠳᠡᠯᠳᠡᠢ ᠬᠦᠮᠦᠨ ᠠᠮᠠ ᠪᠠᠶᠢᠵᠤ᠂ ᠶᠠᠳᠠᠭᠤ ᠬᠦᠴᠢᠷᠳᠠᠯᠳᠠᠢ ᠬᠦᠮᠤᠨ ᠠᠮᠠ ᠶᠢ ᠪᠠᠭᠠᠰᠬᠠᠨ ᠶᠠᠳᠠᠭᠤ ᠠᠴᠠ | ᠠᠩᠬᠢᠵᠢᠷᠠᠭᠤᠯᠬᠤ ᠦᠪᠡᠷ ᠤᠨ ᠦᠷᠳᠡᠭ ᠦᠨᠳᠦᠷ ᠪᠦᠭᠡᠳ ᠬᠦᠴᠢᠷᠳᠡᠯ ᠶᠡᠭᠡ ᠪᠠᠶᠢᠵᠤ᠂ ᠡᠨᠡ ᠵᠢᠯ ᠳᠤ 21 | ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠪᠤᠯᠤᠨ᠎ᠠ᠃ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠰᠠᠭᠤᠷᠢ ᠲᠤᠭ᠎ᠠ ᠲᠤᠳᠤᠷᠬᠠᠢ᠂ ᠬᠠᠷᠢᠭᠤᠴᠠᠯᠭ᠎ᠠ ᠲᠤᠳᠤᠷᠬᠠᠢ᠂ | ᠠᠷᠭ᠎ᠠ ᠠᠪᠴᠠᠯ ᠲᠤᠳᠤᠷᠬᠠᠢ᠂ ᠠᠵᠢᠯ ᠤᠨ ᠱᠠᠭᠠᠷᠳᠠᠯᠭ᠎ᠠ ᠲᠤᠳᠤᠷᠬᠠᠢ︾ ᠱᠠᠭᠠᠷᠳᠠᠯᠭ᠎ᠠ ᠶᠢ ᠲᠤᠤᠱᠯᠠᠭᠤᠯᠤᠨ | ᠨᠡᠶᠢᠳᠡᠪᠦᠷᠢᠵᠢᠭᠤᠯᠬᠤ ᠳᠤ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨᠢᠨ ᠲᠡᠭᠡᠷ᠎ᠡ ᠨᠢ ᠶᠠᠳᠠᠭᠤ ᠶᠢ ᠲᠡᠳᠭᠦᠭᠦ᠂ | ᠤᠨᠤᠪᠴᠢᠲᠡᠢ ᠪᠠᠷ ᠶᠠᠳᠠᠭᠤ ᠠᠴᠠ ᠠᠩᠬᠢᠵᠢᠷᠠᠭᠤᠯᠬᠤ ᠲᠤᠭᠤᠷᠢᠨ ᠳᠤ᠂ ︽ᠲᠠᠪᠤᠨ ᠨᠢᠭᠡ︾ ᠶᠢᠨ ᠠᠷᠭ᠎ᠠ ᠵᠠᠮ ᠢᠶᠠᠷ᠂ | ᠠᠵᠤ ᠦᠢᠯᠡᠰ ᠢᠶᠠᠷ ᠶᠠᠳᠠᠭᠤ ᠶᠢ ᠲᠡᠳᠭᠦᠭᠦ ᠶᠢ ᠨᠠᠷᠢᠨ ᠨᠢᠮᠪᠠᠢ ᠰᠠᠶᠢᠳᠤᠷ ᠠᠳᠬᠤᠵᠤ᠂ ᠨᠠᠮ ᠤᠨ ᠪᠠᠶᠢᠭᠤᠯᠤᠯᠳᠠ ᠶᠢ | ᠠᠳᠬᠤᠵᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ | ᠨᠡᠶᠢᠳᠡᠪᠦᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ | ᠲᠡᠮᠡᠴᠡᠨ ᠤᠯᠵᠤ᠂ ᠶᠠᠳᠠᠭᠤ ᠶᠢ ᠲᠡᠳᠭᠦᠭᠦ ᠪᠡᠯᠡ ᠮᠦᠩᠭᠦ᠂ ᠲᠦᠷᠦ ᠶᠢᠨ ᠪᠤᠳᠤᠯᠭ᠎ᠠ ᠪᠠ ᠲᠦᠷᠦᠯ ᠵᠦᠢᠯ ᠤᠨ | ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠳᠤ ᠦᠨᠡᠨᠬᠦ ᠠᠰᠢᠭ ᠬᠦᠷᠳᠡᠭᠡᠭᠦ ᠶᠢ ᠪᠠᠳᠤᠯᠠᠬᠤ ᠬᠡᠷᠡᠭᠳᠡᠢ ᠬᠡᠵᠡᠢ᠃ |