ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠠᠰᠠᠭ ᠤᠨ ᠣᠷᠳᠣᠨ ᠨᠡᠶᠢᠭᠡᠮ ᠤᠨ ᠬᠦᠷᠦᠩᠭᠡ ᠬᠤᠷᠰᠢᠭᠰᠠᠨ ᠭᠤᠷᠪᠠᠳᠤᠭᠠᠷ ᠪᠦᠯᠦᠭ ᠤᠨ 92 ᠲᠥᠷᠥᠯ ᠵᠦᠢᠯ ᠢ ᠨᠡᠶᠢᠭᠡᠮ ᠨᠡᠶᠢᠲᠡ ᠳᠤ ᠢᠯᠡ ᠪᠠᠷ ᠲᠠᠨᠢᠯᠴᠠᠭᠤᠯᠪᠠ
ᠨᠡᠶᠢᠲᠡᠯᠡᠭᠰᠡᠨ ᠴᠠᠭ᠄
2016/7/13
     ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ ᠣᠷᠳᠣᠨ ᠪᠣᠯᠣᠨ ᠨᠡᠶᠢᠭᠡᠮ ᠤᠨ  ᠬᠦᠷᠦᠩᠭᠡ ᠬᠤᠷᠰᠢᠬᠤ ᠵᠠᠭᠪᠤᠷᠰᠢᠯ ᠢ ᠳᠡᠯᠭᠡᠷᠡᠭᠦᠯᠵᠦ᠂ ᠤᠯᠠᠨ ᠨᠡᠶᠢᠲᠡ ᠶᠢᠨ ᠦᠢᠯᠡᠳᠬᠦᠨ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠡᠷᠴᠢᠮᠲᠡᠢ ᠨᠡᠮᠡᠭᠳᠡᠭᠦᠯᠬᠦ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠭᠰᠠᠨ ᠨᠢᠭᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠢᠭ᠋ ᠢ ᠪᠣᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠲᠤᠩ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠎ ᠲᠠᠢ ᠶᠤᠮ᠃      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠵᠠᠭᠤᠴᠢ ᠪᠠᠶᠢᠭᠤᠯᠤᠮᠵᠢ ᠳᠤ ᠨᠠᠶᠢᠳᠠᠵᠤ᠂ ᠬᠠᠮᠢᠶ᠎ᠠ ᠪᠦᠬᠦᠢ ᠠᠵᠢᠯ ᠲᠦᠷᠦᠯ ᠤᠨ ᠲᠤᠰᠬᠠᠶ ᠮᠡᠷᠭᠡᠵᠢᠯᠲᠡᠨ᠂ PPP ᠵᠥᠪᠯᠡᠯᠭᠡ ᠥᠭᠬᠦ ᠪᠠᠶᠢᠭᠤᠯᠤᠮᠵᠢ ᠪᠣᠯᠣᠨ ᠡᠳ᠋ ᠤᠨ ᠵᠠᠰᠠᠭ ᠤᠨ ᠰᠢᠰᠲ᠋ᠧᠮ ᠤᠨ PPP ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠳ ᠢ ᠵᠣᠬᠢᠶᠠᠨ ᠪᠠᠶᠢᠭᠤᠯᠤᠨ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠶᠢᠮᠠᠭ ᠬᠤᠳᠠ ᠶᠢᠨ ᠳᠡᠭᠡᠭᠰᠢ ᠮᠡᠳᠡᠭᠦᠯᠦᠭᠰᠡᠨ 123  ᠲᠥᠷᠥᠯ ᠵᠦᠢᠯ ᠤᠨ ᠴᠢᠨᠠᠷ ᠪᠤᠯᠣᠨ ᠬᠡᠮᠵᠢᠶ᠎ᠡ ᠶᠢ ᠬᠢᠨᠠᠨ ᠲᠣᠭᠲᠠᠭᠠᠪᠠ᠃ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮ ᠡᠮᠨᠡᠯᠭᠡ ᠶᠢᠨ ᠡᠮᠴᠢᠯᠡᠬᠦ ᠪᠠ ᠠᠰᠠᠷᠠᠬᠤ ᠶᠢ ᠤᠶᠠᠯᠳᠤᠭᠤᠯᠬᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ᠂ ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠠᠮᠢ ᠠᠬᠤᠶ ᠶᠢᠨ ᠰᠢᠶᠠᠨ ᠤ ᠬᠡᠪᠴᠢᠶᠡᠨ ᠤ ᠰᠠᠭᠤᠷᠢ ᠪᠡᠯᠡᠳᠬᠡᠮᠵᠢ ᠵᠡᠷᠭᠡ 92 ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ PPP ᠲᠥᠷᠥᠯ ᠵᠦᠢᠯ ᠤᠨ ᠲᠠᠨᠢᠯᠴᠠᠭᠤᠯᠬᠤ ᠨᠥᠬᠦᠴᠡᠯ ᠳᠤ ᠨᠡᠶᠢᠴᠡᠵᠦ᠂ ᠥᠪᠡᠷᠲᠡᠭᠡᠨ ᠵᠠᠰᠠᠭ ᠣᠷᠣᠨ ᠤ PPP ᠲᠦᠷᠦᠯ ᠵᠦᠢᠯ ᠲᠠᠨᠢᠯᠴᠠᠭᠤᠯᠬᠤ ᠬᠥᠮᠥᠷᠭᠡ ᠳᠤ ᠣᠷᠣᠭᠤᠯᠬᠤ ᠶᠢ ᠵᠥᠪᠰᠢᠶᠡᠷᠡᠬᠦ ᠶᠢ ᠨᠡᠶᠢᠭᠡᠮ ᠨᠡᠶᠢᠲᠡ ᠳᠤ ᠢᠯᠡ ᠪᠠᠷ ᠲᠠᠨᠢᠯᠴᠠᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠲᠥᠷᠥᠯ ᠵᠦᠢᠯ ᠤᠨ ᠲᠠᠨᠢᠯᠴᠠᠭᠤᠯᠭ᠎ᠠ ᠳᠤ 1072 ᠳ᠋ᠦᠩᠰᠢᠭᠤᠷ ᠲᠥᠭᠦᠷᠢᠭ ᠤᠨ ᠶᠡᠷᠦᠩᠭᠡᠢ ᠪᠡᠯᠡ ᠣᠷᠣᠭᠤᠯᠵᠤ᠂  ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠵᠠᠮ ᠲᠡᠭᠡᠭᠡᠪᠦᠷᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠤᠢ ᠰᠢᠭᠤᠶ᠂ ᠵᠢᠭᠤᠯᠴᠢᠯᠠᠯ᠂ ᠡᠨᠧᠷᠭᠢ᠂ ᠬᠡᠰᠡᠭ ᠣᠷᠣᠨ ᠢ ᠨᠡᠭᠡᠭᠡᠨ ᠬᠥᠭᠵᠢᠭᠦᠯᠬᠦ᠂ ᠠᠮᠢ ᠠᠬᠤᠶ ᠶᠢᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠶᠠᠪᠤᠳᠠᠯ ᠤᠨ ᠢᠨᠵᠧᠨᠧᠷᠢᠩ᠂ ᠤᠰᠤᠨ ᠠᠰᠢᠭᠯᠠᠯᠲᠠ ᠶᠢᠨ ᠪᠦᠳᠦᠬᠡᠨ ᠪᠠᠶᠢᠭᠤᠯᠤᠯᠲᠠ᠂ ᠪᠡᠶ᠎ᠡ ᠶᠢᠨ ᠲᠠᠮᠢᠷ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ 14 ᠬᠦᠷᠢᠶᠡᠨ ᠳᠤ ᠬᠤᠯᠪᠣᠭᠳᠠᠨ᠎ᠠ᠃ ᠠᠵᠢᠯ ᠲᠦᠷᠦᠯ ᠤᠨ ᠪᠦᠲᠦᠴᠡ ᠠᠴᠠ ᠠᠪᠴᠤ ᠦᠵᠡᠪᠡᠯ᠂ ᠬᠤᠳᠡ ᠶᠢᠨ ᠶᠠᠪᠤᠳᠠᠯ ᠤᠨ ᠢᠨᠵᠧᠨᠧᠷᠢᠩ 28 ᠪᠠᠶᠢᠵᠤ᠂ ᠪᠦᠬᠦ ᠲᠣᠭᠠᠨ ᠤ 30%᠎ ᠶᠢ ᠡᠵᠡᠯᠡᠪᠡ︔ ᠠᠮᠢ ᠠᠬᠤᠶ ᠶᠢᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ 16 ᠪᠠᠶᠢᠵᠤ᠂ ᠪᠦᠬᠦ ᠲᠣᠭᠠᠨ ᠤ 17%᠎ ᠶᠢ ᠡᠵᠡᠯᠡᠪᠡ︔ ᠵᠠᠮ ᠲᠡᠭᠡᠭᠡᠪᠦᠷᠢ ᠶᠢᠨ ᠲᠥᠷᠥᠯ ᠵᠦᠢᠯ 10 ᠪᠠᠶᠢᠵᠤ᠂ ᠪᠦ᠋ᠬᠦ ᠲᠣᠭᠠᠨ ᠤ 11%᠎ ᠶᠢ ᠡᠵᠡᠯᠡᠪᠡ︔ ᠵᠢᠭᠤᠯᠴᠢᠯᠠᠯ ᠤᠨ ᠲᠥᠷᠥᠯ ᠵᠦᠢᠯ 8︔ ᠡᠮ ᠡᠮᠨᠡᠯᠭᠡ ᠶᠢᠨ ᠲᠥᠷᠥᠯ ᠵᠦᠢᠯ 6︔ ᠬᠡᠰᠡᠭ ᠣᠷᠣᠨ ᠢ ᠨᠡᠭᠡᠭᠡᠨ ᠬᠥᠭᠵᠢᠭᠦᠯᠬᠦ᠂ ᠪᠡᠶ᠎ᠡ ᠶᠢᠨ ᠲᠠᠮᠢᠷ᠂ ᠰᠣᠶᠣᠯ ᠤᠨ ᠲᠦᠷᠦᠯ ᠵᠦᠢᠯ ᠲᠤᠰ ᠪᠦᠷᠢ 4︔ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠤᠢ ᠰᠢᠭᠤᠶ ᠶᠢᠨ ᠲᠥᠷᠥᠯ ᠵᠦᠢᠯ ᠲᠤᠰ ᠪᠦᠷᠢ 3︔ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ᠂ ᠡᠨᠧᠷᠭᠢ ᠶᠢᠨ ᠲᠥᠷᠥᠯ ᠵᠦᠢᠯ᠂ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠤᠰ ᠪᠦᠷᠢ 1 ᠪᠤᠶ᠃ ᠪᠡᠯᠡ ᠣᠷᠣᠭᠤᠯᠤᠯᠲᠠ ᠶᠢᠨ ᠬᠡᠪᠴᠢᠶ᠎ᠡ ᠠᠴᠠ ᠠᠪᠴᠤ ᠦᠵᠡᠪᠡᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 25 ᠪᠠᠶᠢᠵᠤ᠂ 892 ᠳ᠋ᠦᠩᠰᠢᠭᠤᠷ ᠲᠥᠬᠦᠷᠢᠭ ᠪᠡᠯᠡ ᠣᠷᠣᠭᠤᠯᠵᠤ᠂ ᠶᠡᠷᠦᠩᠭᠡᠢ ᠪᠡᠯᠡ ᠣᠷᠣᠭᠤᠯᠤᠯᠲᠠ ᠶᠢᠨ 83%᠎ ᠶᠢ ᠡᠵᠡᠯᠡᠪᠡ᠂ 5 — 10 ᠳ᠋ᠦᠩᠰᠢᠭᠤᠷ ᠲᠥᠭᠦᠷᠢᠭ ᠤᠨ ᠲᠥᠷᠥᠯ ᠵᠦᠢᠯ 12 ᠪᠠᠶᠢᠵᠤ᠂ 87 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠶᠡᠷᠦᠩᠭᠡᠢ ᠪᠡᠯᠡ ᠣᠷᠣᠭᠤᠯᠤᠯᠲᠠ ᠶᠢᠨ 8%᠎ ᠶᠢ ᠡᠵᠡᠯᠡᠪᠡ᠂ 5 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠲᠦᠷᠦᠯ ᠵᠦᠢᠯ 59 ᠪᠠᠶᠢᠵᠤ᠂ 93 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠶᠢᠨ 9%᠎ ᠶᠢ ᠡᠵᠡᠯᠡᠪᠡ᠃ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠬᠡᠳᠦᠨ ᠲᠥᠷᠥᠯ ᠵᠦᠢᠯ ᠨᠢ ᠳᠤᠰ ᠳᠤᠰ᠄ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠶᠡᠷᠦᠩᠬᠡᠶ ᠪᠡᠯᠡ ᠣᠷᠣᠭᠤᠯᠤᠯᠲᠠ ᠨᠢ 203.2 ᠳ᠋ᠦᠩᠰᠢᠭᠤᠷ ᠲᠥᠭᠦᠷᠢᠭ ᠪᠣᠯᠣᠨ᠎ᠠ︔ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠪᠠᠷᠢᠮᠵᠢᠶᠠᠲᠤ ᠦᠢᠯᠡᠳᠪᠦᠷᠢ ᠶᠢᠨ ᠲᠠᠰᠤᠭ ᠵᠢᠴᠢ ᠰᠠᠭᠤᠷᠢ ᠪᠡᠯᠡᠳᠬᠡᠮᠵᠢ ᠶᠢᠨ ᠲᠥᠷᠥᠯ ᠵᠦᠢᠯ᠂ ᠶᠡᠷᠦᠩᠬᠡᠶ ᠪᠡᠯᠡ ᠣᠷᠣᠭᠤᠯᠤᠯᠲᠠ ᠨᠢ 87.5 ᠳ᠋ᠦᠩᠰᠢᠭᠤᠷ ᠲᠥᠭᠦᠷᠢᠭ ᠪᠣᠯᠣᠨ᠎ᠠ︔ ᠳ᠋ᠦᠩᠱᠧᠩ ᠲᠣᠭᠤᠷᠢᠭ ᠠᠴᠠ ᠤᠷᠳᠤᠰ ᠨᠢᠰᠬᠡᠯ ᠤᠨ ᠪᠠᠭᠤᠳᠠᠯ ᠬᠦᠷᠬᠦ ᠲᠡᠮᠦᠷ ᠵᠠᠮ ᠤᠨ ᠲᠦᠷᠦᠯ ᠵᠦᠢᠯ᠂ ᠶᠡᠷᠦᠩᠬᠡᠶ ᠪᠡᠯᠡ ᠣᠷᠣᠭᠤᠯᠤᠯᠲᠠ ᠨᠢ 74.4 ᠳ᠋ᠦᠩᠰᠢᠭᠤᠷ ᠲᠥᠭᠦᠷᠢᠭ ᠪᠣᠯᠤᠨ᠎ᠠ᠃ ᠭᠠᠵᠠᠷ ᠣᠷᠣᠨ ᠤ ᠲᠠᠷᠬᠠᠴᠠ ᠠᠴᠠ ᠦᠵᠡᠪᠡᠯ᠂ ᠬᠥᠬᠡᠬᠤᠲᠠ᠂ ᠪᠤᠭᠤᠲᠤ ᠬᠤᠳᠠ᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠵᠡᠷᠭᠡ ᠳᠥᠷᠪᠡᠨ ᠳᠤᠮᠳᠠ ᠪᠡᠶ᠎ᠡ ᠶᠢᠨ ᠠᠶᠢᠮᠠᠭ ᠬᠤᠳᠠ ᠶᠢᠨ ᠲᠥᠷᠥᠯ ᠵᠦᠢᠯ ᠨᠡᠯᠢᠶᠡᠳ ᠣᠯᠠᠨ 36 ᠪᠠᠶᠢᠵᠤ᠂ ᠶᠡᠷᠦᠩᠬᠡᠶ ᠲᠣᠭᠠᠨ ᠤ 39%᠎ ᠶᠢ ᠡᠵᠡᠯᠡᠵᠦ᠂ ᠪᠡᠯᠡ ᠣᠷᠣᠭᠤᠯᠤᠯᠲᠠ ᠶᠢᠨ ᠲᠤᠭ᠎ᠠ ᠨᠢ ᠴᠦ ᠨᠡᠯᠢᠶᠡᠳ ᠶᠡᠭᠡ᠂ 591.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠶᠢᠨ 55%᠎ ᠶᠢ ᠡᠵᠡᠯᠡᠪᠡ᠃ ᠬᠥᠯᠥᠨ ᠪᠤᠶᠢᠷ ᠬᠤᠳᠠ ︵ᠮᠠᠨᠵᠤᠤᠷ︶᠂ ᠬᠢᠩᠭᠠᠨ ᠠᠶᠢᠮᠠᠭ᠂ ᠲᠦᠩᠯᠢᠶᠣᠤ ᠬᠤᠳᠠ᠂ ᠤᠯᠠᠭᠠᠨᠬᠠᠳᠠ ᠬᠤᠲᠠ ᠵᠡᠷᠭᠡ ᠳᠥᠷᠪᠡᠨ ᠵᠡᠭᠦᠨ ᠪᠡᠶ᠎ᠡ ᠶᠢᠨ ᠠᠶᠢᠮᠠᠭ ᠬᠤᠳᠠ ᠳᠤ 30 ᠲᠥᠷᠥᠯ ᠵᠦᠢᠯ ᠪᠠᠶᠢᠵᠤ᠂ ᠶᠡᠷᠦᠩᠬᠡᠶ ᠲᠣᠭᠠᠨ ᠤ 33%᠎ ᠶᠢ ᠡᠵᠡᠯᠡᠵᠦ᠂ 270.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠶᠢᠨ 25%᠎ ᠶᠢ ᠡᠵᠡᠯᠡᠪᠡ᠃ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠶ ᠬᠤᠳᠠ᠂ ᠠᠯᠠᠱᠠ ᠠᠶᠢᠮᠠᠭ ᠵᠡᠷᠭᠡ ᠳᠥᠷᠪᠡᠨ ᠪᠠᠷᠠᠭᠤᠨ  ᠪᠡᠶ᠎ᠡ ᠶᠢᠨ ᠠᠶᠢᠮᠠᠭ ᠬᠤᠳᠠ ᠳᠤ 25 ᠲᠥᠷᠥᠯ ᠵᠦᠢᠯ ᠪᠠᠶᠢᠵᠤ᠂ ᠪᠦᠭᠦ ᠲᠣᠭᠠᠨ ᠤ 27%᠎ ᠶᠢ ᠡᠵᠡᠯᠡᠨ᠂ 197.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠶᠢᠨ 19%᠎ ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ 1 ᠲᠥᠷᠥᠯ ᠵᠦᠢᠯ ᠪᠠᠶᠢᠵᠤ᠂ ᠶᠡᠷᠦᠩᠬᠡᠶ ᠲᠣᠭᠠᠨ ᠤ 1%᠎ ᠶᠢ ᠡᠵᠡᠯᠡᠵᠦ᠂ 12.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠶᠡᠷᠦᠩᠬᠡᠶ ᠪᠡᠯᠡ ᠣᠷᠣᠭᠤᠯᠤᠯᠲᠠ ᠶᠢᠨ 1%᠎ ᠶᠢ ᠡᠵᠡᠯᠡᠪᠡ᠃      2015 ᠣᠨ ᠠᠴᠠ ᠨᠠᠰᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠠᠬᠢᠭᠤᠯᠤᠯ ᠢᠶᠠᠷ᠂ ᠮᠠᠨ ᠤ ᠣᠷᠣᠨ ᠨᠡᠶᠢᠭᠡᠮ ᠨᠡᠶᠢᠲᠡ ᠳᠤ ᠤᠷᠢᠳ ᠬᠤᠵᠢᠳ ᠭᠤᠷᠪᠠᠨ ᠪᠦᠯᠦᠭ PPP ᠲᠥᠷᠥᠯ ᠵᠦᠢᠯ ᠢ  ᠲᠠᠨᠢᠯᠴᠠᠭᠤᠯᠪᠠ᠂ ᠨᠡᠶᠢᠳᠡ 183 ᠲᠥᠷᠥᠯ ᠵᠦᠢᠯ᠂ ᠶᠡᠷᠦᠩᠬᠡᠶ ᠪᠡᠯᠡ ᠣᠷᠣᠭᠤᠯᠤᠯᠲᠠ ᠨᠢ 2082 ᠳ᠋ᠦᠩᠰᠢᠭᠤᠷ ᠲᠥᠭᠦᠷᠢᠭ ᠲᠤ ᠬᠦᠷᠴᠦ᠂ ᠵᠠᠬ᠎ᠠ ᠳᠡᠯᠭᠡᠭᠦᠷ ᠤᠨ ᠢᠳᠡᠪᠬᠢᠲᠡᠶ ᠲᠤᠰᠬᠠᠯ ᠢ ᠣᠯᠵᠤ᠂ ᠮᠠᠰᠢ ᠰᠠᠶᠢᠨ ᠦᠷ᠎ᠡ ᠪᠦᠲᠦᠭᠡᠯ ᠣᠯᠤᠭᠰᠠᠨ ᠪᠠᠶᠢᠨ᠎ᠠ᠂ ᠪᠦᠬᠦ ᠣᠷᠣᠨ ᠤ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠦᠷᠦᠩᠭᠡ ᠶᠢᠨ ᠬᠤᠷᠰᠢᠯᠴᠠᠭ᠎ᠠ ᠪᠠᠲᠤ ᠪᠠᠬᠢ ᠠᠯᠬᠤᠴᠠ ᠲᠠᠢ ᠪᠣᠯᠣᠭᠰᠠᠨ ᠪᠠᠶᠢᠨ᠎ᠠ᠃ ᠤᠳᠤ ᠪᠣᠯᠲᠠᠯ᠎ᠠ᠂ ᠪᠤᠤ ᠢ ᠤᠯᠠᠨ ᠤᠯᠤᠰ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠭᠠᠨᠵᠤᠭ᠎ᠠ ᠪᠠᠯᠭᠠᠰᠤᠨ ᠤ ᠵᠡᠭᠦᠨ ᠲᠠᠯ᠎ᠠ ᠶᠢᠨ ᠪᠣᠬᠢᠷ ᠤᠰᠤ ᠶᠢ  ᠰᠢᠢᠳᠪᠦᠷᠢᠯᠡᠬᠦ ᠢᠨᠵᠧᠨᠧᠷᠢᠩ ᠵᠡᠷᠭᠡ 25 ᠲᠥᠷᠥᠯ ᠵᠦᠢᠯ ᠨᠢ ᠨᠡᠶᠢᠭᠡᠮ ᠤᠨ ᠬᠥᠷᠥᠩᠭᠡ ᠣᠷᠣᠭᠤᠯᠬᠤ ᠲᠠᠯ᠎ᠠ ᠶᠢ ᠰᠤᠩᠭᠤᠨ ᠲᠣᠭᠲᠠᠵᠤ᠂ ᠶᠡᠷᠦᠩᠬᠡᠶ ᠪᠡᠯᠡ ᠣᠷᠣᠭᠤᠯᠤᠯᠲᠠ ᠨᠢ 202.7 ᠳ᠋ᠦᠩᠰᠢᠭᠤᠷ ᠲᠥᠭᠦᠷᠢᠭ ᠲᠤ ᠬᠦᠷᠪᠡ᠃ ᠤᠯᠠᠭᠠᠨᠬᠠᠳᠠ ᠬᠤᠲᠠ ᠶᠢᠨ ᠰᠠᠨ ᠽᠦᠸᠧ ᠳ᠋ᠢᠶᠠᠨ ᠤᠰᠤᠨ ᠠᠰᠢᠭᠯᠠᠯᠲᠠ ᠶᠢᠨ  ᠬᠦᠢᠰᠦ ᠶᠢᠨ ᠬᠤᠲᠠ ᠶᠢᠨ ᠲᠥᠪ ᠲᠣᠭᠤᠷᠢᠭ ᠲᠤ ᠤᠰᠤ ᠲᠠᠲᠠᠵᠤ ᠬᠠᠩᠭᠠᠬᠤ ᠢᠨᠵᠧᠨᠧᠷᠢᠩ᠂ ᠲᠣᠭᠲᠠᠬᠤ ᠰᠢᠶᠠᠨ ᠤ ᠰᠢᠲᠠᠮᠠᠬᠠᠶ ᠬᠡᠢ ᠶᠢᠨ ᠢᠨᠵᠧᠨᠧᠷᠢᠩ ᠵᠡᠷᠭᠡ 28 ᠲᠥᠷᠥᠯ ᠵᠦᠢᠯ ᠨᠢ ᠨᠡᠶᠢᠭᠡᠮ ᠤᠨ ᠬᠦᠷᠦᠩᠭᠡ ᠶᠢ ᠬᠤᠳᠠᠯᠳᠤᠨ ᠠᠪᠬᠤ ᠱᠠᠲᠤᠨ ᠳᠤ ᠣᠷᠣᠵᠤ᠂ ᠶᠡᠷᠦᠩᠬᠡᠶ ᠪᠡᠯᠡ ᠣᠷᠣᠭᠤᠯᠤᠯᠲᠠ ᠨᠢ 631.89 ᠳ᠋ᠦᠩᠰᠢᠭᠤᠷ ᠲᠥᠭᠦᠷᠢᠭ ᠲᠤ ᠬᠦᠷᠪᠡ᠃ ᠰᠣᠩᠭᠤᠨ ᠲᠣᠭᠲᠠᠭᠠᠭᠰᠠᠨ ᠨᠡᠶᠢᠭᠡᠮ ᠤᠨ ᠬᠥᠷᠥᠩᠭᠡ ᠣᠷᠣᠭᠤᠯᠬᠤ ᠲᠠᠯ᠎ᠠ ᠪᠣᠯᠣᠨ ᠨᠡᠶᠢᠭᠡᠮ ᠤᠨ ᠬᠥᠷᠥᠩᠭᠡ ᠶᠢ ᠬᠤᠳᠠᠯᠳᠤᠨ ᠠᠪᠬᠤ ᠱᠠᠲᠤᠨ ᠳᠤ ᠣᠷᠣᠭᠰᠠᠨ ᠲᠥᠷᠥᠯ ᠵᠦᠢᠯ ᠨᠢ ᠲᠠᠨᠢᠯᠴᠠᠭᠤᠯᠬᠤ ᠲᠥᠷᠥᠯ ᠵᠦᠢᠯ ᠤᠨ ᠪᠦᠬᠦ ᠲᠣᠭᠠᠨ ᠤ 29%᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠶᠢᠨ 40%᠎ ᠶᠢ ᠡᠵᠡᠯᠡᠪᠡ᠃ 2016 ᠣᠨ ᠳᠤ ᠪᠠᠷᠤᠭ 40 ᠲᠥᠷᠥᠯ ᠵᠦᠢᠯ ᠭᠡᠷ᠎ᠡ ᠲᠣᠭᠲᠠᠨ ᠨᠠᠶᠢᠳᠠᠪᠤᠷᠢᠵᠢᠭᠳᠠᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠨᠤᠷᠮ᠎ᠠ ᠶᠢ 44%᠎ ᠳᠤ ᠬᠦᠷᠦᠭᠦᠯᠬᠦ ᠪᠠᠷ ᠵᠢᠱᠢᠵᠦ ᠪᠠᠶᠢᠨ᠎ᠠ᠃ 2016 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ᠂ ᠪᠦᠬᠦ ᠣᠷᠣᠨ ᠤ PPP ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ‍ᠦᠨ‌‍ᠰᠢᠰᠲ᠋ᠧᠮ ᠳᠤ 688 ᠲᠥᠷᠥᠯ ᠵᠦᠢᠯ ᠣᠷᠣᠵᠤ᠂ ᠶᠡᠷᠦᠩᠬᠡᠶ ᠪᠡᠯᠡ ᠣᠷᠣᠭᠤᠯᠤᠯᠲᠠ ᠨᠢ 5145 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ18 ᠬᠦᠷᠢᠶᠡᠨ ᠳᠤ ᠬᠤᠯᠪᠣᠭᠳᠠᠭᠰᠠᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号