ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2016/7/13
      ᠡᠨᠡ ᠵᠢᠯ ᠤᠨ ᠳᠡᠭᠡᠳᠦ ᠬᠠᠭᠠᠰ ᠵᠢᠯ ᠳᠤ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ ᠲᠣᠭᠲᠠᠭᠤᠨ ᠳᠤᠮᠳᠠ ᠥᠭᠡᠳᠡᠯᠡᠬᠦ ᠪᠠᠶᠢᠳᠠᠯ ᠳᠣᠣᠷ᠎ᠠ᠂ ᠪᠦᠬᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 1077.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠣᠨ ᠤ ᠲᠥᠰᠦᠪ ᠤᠨ 51.8%᠎ ᠶᠢ ᠪᠡᠶᠡᠯᠡᠭᠦᠯᠵᠦ᠂ 7.1%᠎ ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠴᠠᠭ᠂ ᠡᠭᠦᠷᠭᠡ ︽ᠬᠤᠶᠠᠷ ᠢ ᠬᠠᠭᠠᠰᠯᠠᠬᠤ︾ ᠬᠠᠷᠠᠯᠲᠠ ᠶᠢ ᠪᠡᠶᠡᠯᠡᠭᠦᠯᠪᠡ᠃ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢᠨ ᠲᠤᠰᠠᠳᠠ᠂ ᠪᠦᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠥᠭᠵᠢᠯᠲᠡ ᠠᠴᠠ ᠣᠷᠣᠯᠭ᠎ᠠ ᠣᠯᠬᠤ᠂ ᠲᠦᠷᠦ ᠶᠢᠨ ᠪᠤᠳᠤᠯᠭ᠎ᠠ ᠠᠴᠠ ᠣᠷᠣᠯᠭ᠎ᠠ ᠣᠯᠬᠤ᠂ ᠲᠠᠲᠠᠪᠤᠷᠢᠯᠠᠵᠤ ᠬᠠᠮᠢᠶᠠᠷᠬᠤ ᠠᠴᠠ ᠣᠷᠣᠯᠭ᠎ᠠ ᠣᠯᠬᠤ ᠶᠢ ᠪᠠᠷᠢᠮᠲᠠᠯᠠᠵᠤ᠂ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠠᠷ ᠥᠭᠡᠷᠡᠴᠢᠯᠡᠬᠦ ᠵᠡᠷᠭᠡ ᠭᠠᠶᠢᠯᠢ ᠬᠥᠩᠭᠡᠯᠡᠬᠦ ᠲᠥᠷᠥ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ ᠪᠣᠯᠣᠭᠰᠠᠨ ᠣᠷᠣᠯᠭ᠎ᠠ ᠬᠠᠰᠤᠭᠳᠠᠬᠤ ᠨᠥᠯᠥᠭᠡ ᠶᠢ ᠴᠢᠷᠮᠠᠶᠢᠨ ᠢᠯᠠᠨ ᠳᠠᠪᠠᠵᠤ᠂ ᠬᠤᠷᠢᠶᠠᠬᠤ ᠵᠣᠬᠢᠰᠲᠠᠢ ᠶᠢ ᠨᠢ ᠪᠦᠷᠢᠨ ᠬᠤᠷᠢᠶᠠᠵᠤ ᠬᠡᠲᠦᠷᠡᠮᠡᠬᠡᠢ ᠭᠠᠶᠢᠯᠢ ᠥᠯᠥ ᠬᠤᠷᠢᠶᠠᠬᠤ ᠶᠢ ᠦᠨᠡᠨᠬᠦ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠳᠡᠭᠡᠷ᠎ᠡ ᠬᠠᠭᠠᠰ ᠵᠢᠯ ᠤᠨ ᠪᠦᠬᠦ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠬᠠᠷᠠᠯᠲᠠᠲᠤ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃      ᠣᠷᠣᠯᠭ᠎ᠠ ᠶᠢ ᠰᠠᠶᠢᠲᠤᠷ ᠠᠳᠬᠤᠬᠤ ᠶᠢᠨ ᠬᠠᠮᠲᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ᠂ ᠭᠤᠣᠯᠳᠠᠯᠭ᠎ᠠ ᠶᠢ ᠪᠠᠲᠤᠯᠠᠬᠤ᠂ ᠡᠩ ᠤᠨ ᠬᠢ ᠶᠢ ᠪᠠᠭᠠᠰᠬᠠᠬᠤ ᠵᠠᠷᠴᠢᠮ ᠶᠣᠰᠣᠭᠠᠷ᠂ ᠵᠢᠯ ᠤᠨ ᠡᠬᠢᠨ ᠤ ᠲᠥᠰᠦᠪ ᠤᠨ ᠳᠣᠷᠣᠭᠰᠢ ᠪᠠᠭᠤᠯᠭᠠᠭᠰᠠᠨ ᠠᠬᠢᠴᠠ ᠶᠢ ᠲᠦᠷᠭᠡᠳᠬᠡᠵᠦ᠂ ᠬᠠᠳᠠᠭᠠᠯᠠᠮᠵᠢ ᠶᠢᠨ ᠪᠡᠯᠡ ᠮᠥᠩᠭᠦ ᠶᠢ ᠢᠳᠡᠪᠬᠢᠲᠡᠶ ᠪᠠᠷ ᠡᠷᠭᠢᠯᠳᠦᠭᠦᠯᠵᠦ᠂ ᠴᠢᠬᠤᠯᠠ ᠶᠡᠭᠡ ᠲᠥᠷᠥᠯ ᠵᠦᠢᠯ ᠪᠣᠯᠤᠨ ︽ᠠᠷᠪᠠ ᠶᠢ ᠪᠦᠷᠢᠨ ᠪᠦᠷᠬᠦᠭᠦᠯᠬᠦ︾ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 2133.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠣᠬᠢᠷᠠᠭᠤᠯᠤᠭᠰᠠᠨ ᠲᠥᠰᠦᠪ ᠤᠨ 49.5% ᠪᠡᠶᠡᠯᠡᠭᠦᠯᠵᠦ᠂ 19.9%᠎ ᠪᠠᠷ ᠨᠡᠮᠡᠭᠳᠡᠪᠡ᠃ ᠵᠠᠷᠤᠯᠭ᠎ᠠ ᠶᠢᠨ ᠳᠣᠲᠣᠷ᠎ᠠ᠂ ᠪᠦᠬᠦ ᠣᠷᠣᠨ ᠤ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠭᠰᠡᠨ ᠵᠠᠷᠤᠯᠭ᠎ᠠ 1227 ᠳ᠋ᠦᠩᠰᠢᠭᠤᠷ ᠲᠥᠭᠦᠷᠢᠭ ᠲᠤ ᠬᠦᠷᠪᠡ᠂ ᠡᠭᠦᠨ ᠳᠤ ᠄ ᠰᠤᠷᠭᠠᠨ ᠬᠥᠮᠦᠵᠢᠯ᠂ ᠰᠣᠶᠣᠯ ᠲᠠᠮᠢᠷ ᠬᠢᠭᠡᠳ ᠵᠠᠭᠤᠴᠢ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠣᠷᠣᠨ ᠰᠠᠭᠤᠴᠠ ᠶᠢᠨ ᠪᠠᠲᠤᠯᠠᠭ᠎ᠠ ᠪᠠ ᠲᠠᠷᠢᠶᠠᠯᠠᠩ ᠤᠢ ᠰᠢᠭᠤᠶ ᠤᠰᠤᠨ ᠤ ᠶᠠᠪᠤᠳᠠᠯ ᠳᠠᠬᠢ ᠵᠠᠷᠤᠯᠭ᠎ᠠ ᠨᠢ ᠲᠤᠰ ᠲᠤᠰ 227.9 ᠳ᠋ᠦᠩᠰᠢᠭᠤᠷ ᠲᠥᠭᠦᠷᠢᠭ᠂ 30.3 ᠳ᠋ᠦᠩᠰᠢᠭᠤᠷ ᠲᠥᠭᠦᠷᠢᠭ᠂ 117.9 ᠳ᠋ᠦᠩᠰᠢᠭᠤᠷ ᠲᠥᠭᠦᠷᠢᠭ᠂ 304.8 ᠳ᠋ᠦᠩᠰᠢᠭᠤᠷ ᠲᠥᠭᠦᠷᠢᠭ᠂ 85.1 ᠳ᠋ᠦᠩᠰᠢᠭᠤᠷ ᠲᠥᠭᠦᠷᠢᠭ ᠪᠠ 274.5 ᠳ᠋ᠦᠩᠰᠢᠭᠤᠷ ᠲᠥᠭᠦᠷᠢᠭ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号