ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2016/7/13
     ᠰᠤᠷᠪᠤᠯᠵᠢᠯᠠᠭᠰᠠᠨ ᠴᠠᠭ᠄      2016 ᠤᠨ ᠤ 6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠤᠴᠢᠨ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠧᠨ ᠮᠢᠨ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠤ ᠤᠷᠢᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠲᠠ ᠪᠦᠬᠦᠨ ᠳᠤ ᠨᠠᠷᠢᠨ ᠲᠠᠶᠢᠯᠪᠤᠷᠢᠯᠠᠯᠲᠠ ᠬᠢᠯᠬᠡᠬᠦ ᠪᠠᠷ ᠪᠤᠢ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕                         ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︖ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠢ ᠤᠷᠢᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠲᠤᠬᠠᠢ ᠤᠯᠠᠨ ᠳᠤ ᠨᠠᠷᠢᠨ ᠲᠠᠶᠢᠯᠪᠤᠷᠢᠯᠠᠯᠲᠠ ᠬᠢᠯᠬᠡᠬᠦ ᠪᠠᠷ ᠪᠤᠯᠤᠯ᠎ᠠ᠃ ᠸᠧᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠸᠧᠨ ᠮᠢᠨ᠄      ᠬᠥᠲᠥᠯᠥᠭᠴᠢ ᠲᠠ ᠰᠠᠶᠢᠨ ᠪᠠᠶᠢᠨᠠᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕      ᠬᠥᠲᠥᠯᠥᠭᠴᠢ᠄      ᠶᠠᠳᠠᠭᠤ ᠶᠢ ᠲᠡᠳᠬᠦᠬᠦ ᠠᠵᠢᠯ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠨᠢᠭᠡᠨ ᠴᠢᠬᠤᠯᠠ ᠪᠠᠶᠢᠯᠳᠤᠬᠤ ᠪᠤᠳᠤᠯᠭ᠎ᠠ ᠮᠥᠨ᠃ ᠲᠠ ᠤᠯᠠᠨ ᠳᠤ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠴᠢᠨᠠᠷ ᠢ ᠲᠠᠶᠢᠯᠪᠤᠷᠢᠯᠠᠭᠠᠳ ᠦᠭᠭᠦᠨ᠎ᠡ ᠤᠤ︖      ᠸᠧᠨ ᠮᠢᠨ᠄      ᠶᠠᠳᠠᠭᠤ ᠬᠦᠴᠢᠷᠳᠡᠯᠲᠠᠢ ᠪᠠᠶᠢᠳᠠᠯ ᠢ ᠠᠷᠢᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠬᠠᠮᠲᠤ ᠪᠠᠷ ᠪᠠᠶᠠᠵᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠦᠨ᠂ ᠮᠠᠨ ᠤ ᠨᠠᠮ ᠤᠨ ᠴᠢᠬᠤᠯᠠ ᠡᠭᠦᠷᠭᠡ ᠮᠦᠨ᠃ ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠤᠷᠤᠭᠤᠯᠵᠤ᠂ ᠶᠠᠳᠠᠭᠤ ᠶᠢ ᠲᠡᠳᠬᠦᠬᠦ ᠣᠷᠣᠭᠤᠯᠤᠯᠲᠠ ᠪᠠᠨ ᠨᠡᠮᠡᠭᠳᠡᠭᠦᠯᠦᠨ᠂ ᠶᠠᠳᠠᠭᠤ ᠶᠢ ᠲᠡᠳᠬᠦᠬᠦ ᠠᠷᠭ᠎ᠠ ᠬᠡᠯᠪᠡᠷᠢ ᠪᠠᠨ ᠰᠢᠨᠡᠴᠢᠯᠡᠵᠤ᠂ ᠠᠯᠢ ᠤᠯᠠᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠯᠤᠲᠤ ᠶᠡᠭᠡ ᠠᠮᠵᠢᠯᠲᠠ ᠤᠯᠪᠠ᠃ 2011 ᠤᠨ ᠠᠴᠠ 2015 ᠤᠨ ᠪᠤᠯᠲᠠᠯ᠎ᠠ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠳᠣᠣᠷ᠎ᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠠᠢ ᠬᠥᠮᠦᠨ ᠠᠮᠠ 1 ᠳ᠋ᠦᠩᠰᠢᠭᠤᠷ ᠭᠠᠷᠤᠶ ᠴᠦᠬᠡᠷᠡᠵᠤ᠂ ᠶᠠᠳᠠᠭᠤᠷᠠᠯ ᠤᠨ ᠨᠤᠷᠮ᠎ᠠ 11.5 ᠵᠠᠭᠤᠨ ᠤ ᠴᠡᠭ ᠪᠠᠭᠤᠷᠠᠭᠰᠠᠨ ᠪᠠᠶᠢᠨ᠎ᠠ᠃ ᠶᠠᠳᠠᠭᠤ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠵᠤ᠂ ᠰᠤᠷᠭᠠᠭᠤᠯᠢ ᠳᠤ ᠣᠷᠣᠬᠤ ᠳᠤ ᠬᠦᠴᠢᠷ  ᠲᠠᠢ᠂ ᠡᠪᠡᠳᠴᠢᠨ ᠦᠵᠡᠭᠦᠯᠬᠦ ᠳᠤ ᠬᠦᠴᠢᠷ ᠲᠠᠢ᠂ ᠵᠠᠮ ᠬᠠᠷᠢᠯᠴᠠᠭ᠎ᠠ ᠬᠦᠴᠢᠷ ᠲᠠᠢ᠂ ᠤᠤᠭᠤᠬᠤ ᠤᠰᠤ ᠠᠮᠤᠷ ᠲᠦᠪᠰᠢᠨ ᠪᠤᠰᠤ ᠵᠡᠷᠭᠡ ᠠᠰᠠᠭᠤᠳᠠᠯ ᠠᠯᠬᠤᠮ ᠠᠯᠬᠤᠮ ᠢᠶᠠᠷ ᠨᠠᠮᠳᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠯᠦᠭᠡ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠰᠠᠶᠢᠲᠤᠷ ᠬᠢᠬᠦ ᠳᠤ ᠠᠰᠢᠭᠲᠠᠶ ᠨᠥᠬᠦᠴᠡᠯ ᠤᠯᠭᠤᠪᠠ᠃      ᠡᠭᠦᠨ ᠤ ᠬᠠᠮᠲᠤ ᠪᠠᠰᠠ ᠬᠤᠶᠢᠰᠢᠳᠠ ᠶᠢᠨ ᠲᠠᠪᠤᠨ ᠵᠢᠯ ᠳᠤ ᠶᠠᠳᠠᠭᠤ ᠬᠦᠴᠢᠷᠳᠡᠯᠲᠡᠶ ᠠᠰᠠᠭᠤᠳᠠᠯ ᠨᠢ ᠮᠥᠨ ᠬᠦ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠳᠤᠪᠤᠶᠢᠮ᠎ᠠ ︽ᠳᠤᠲᠠᠮᠠᠭ ᠲᠠᠯ᠎ᠠ︾ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠳᠠᠯ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠭ᠎ᠠ ᠶᠢ ᠣᠯᠵᠤ ᠦᠵᠡᠬᠦ ᠬᠡᠷᠡᠭᠲᠡᠶ᠃ ᠶᠠᠳᠠᠭᠤ ᠬᠦᠴᠢᠷᠳᠡᠯᠲᠠᠢ ᠪᠠᠶᠢᠬᠤ ᠣᠳᠣᠬᠢ ᠪᠠᠶᠢᠳᠠᠯ ᠠᠴᠠ ᠦᠵᠡᠪᠡᠯ᠂ 2015 ᠣᠨ ᠤ ᠡᠴᠦᠰ ᠪᠣᠯᠲᠠᠯ᠎ᠠ᠂ ᠮᠠᠨ ᠤ ᠤᠯᠤᠰ ᠲᠤ ᠪᠠᠰᠠ ᠬᠦᠮᠦᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠬᠦᠮᠦᠨ 5623 ᠲᠦᠮᠡ ᠪᠠᠶᠢᠵᠤ᠂ ᠭᠤᠤᠯᠳᠠᠭᠤ ᠲᠥᠪᠯᠡᠷᠡᠨ ᠵᠠᠯᠭᠠᠯᠳᠤᠭᠰᠠᠨ ᠣᠨᠴᠠᠭᠠᠶ ᠬᠦᠴᠢᠷᠳᠡᠯᠲᠠᠢ ᠭᠠᠵᠠᠷ ᠣᠷᠣᠨ ᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ 832 ᠰᠢᠶᠠᠨ ᠪᠣᠯᠤᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ 12.8 ᠲᠦᠮᠡᠨ ᠲᠤᠰᠬᠤᠨ ᠳᠤ ᠲᠠᠷᠬᠠᠵᠤ᠂ ᠶᠠᠳᠠᠭᠤᠷᠠᠯ ᠤᠨ ᠨᠤᠷᠮ᠎ᠠ ᠨᠢ 5.7% ᠪᠠᠶᠢᠵᠤ᠂ ᠣᠯᠠᠩᠬᠢ ᠪᠠᠷᠠᠭᠤᠨ ᠪᠡᠶ᠎ᠡ ᠶᠢᠨ ᠮᠤᠵᠢ ᠣᠷᠣᠨ ᠤ ᠶᠠᠳᠠᠭᠤᠷᠠᠬᠤ ᠨᠤᠷᠮ᠎ᠠ ᠨᠢ 10% ᠠᠴᠠ ᠳᠡᠭᠡᠭᠰᠢ ᠳᠤ ᠬᠦᠷᠴᠦ᠂ ᠦᠨᠳᠦᠰᠦᠲᠡᠨ ᠤ 8 ᠮᠤᠵᠢ ᠣᠷᠣᠨ ᠤ ᠶᠠᠳᠠᠭᠤᠷᠠᠯ ᠤᠨ ᠨᠤᠷᠮ᠎ᠠ ᠨᠢ 12.1% ᠳᠤ ᠬᠦᠷᠴᠠᠢ᠃ ᠡᠳᠡᠭᠡᠷ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠬᠦᠴᠢᠷᠳᠡᠯ ᠤᠨ ᠬᠡᠮᠵᠢᠶ᠎ᠡ ᠨᠢ ᠨᠡᠩ ᠬᠦᠨ᠂ ᠶᠠᠳᠠᠭᠤ ᠠᠴᠠ ᠬᠠᠰᠤᠭᠳᠠᠭᠤᠯᠬᠤ ᠥᠪᠡᠷ ᠤᠨ ᠥᠷᠲᠡᠭ ᠨᠢ ᠨᠡᠩ ᠥᠨᠳᠥᠷ᠂ ᠶᠠᠳᠠᠭᠤ ᠠᠴᠠ ᠠᠩᠭᠢᠵᠢᠷᠠᠭᠤᠯᠬᠤ ᠬᠦᠴᠢᠷᠳᠡᠯ ᠨᠡᠩ ᠶᠡᠭᠡ ᠪᠠᠶᠢᠵᠤ᠂ ᠶᠡᠷᠦᠳᠡ ᠶᠢᠨ ᠠᠷᠭ᠎ᠠ ᠬᠡᠮᠵᠢᠶ᠎ᠡ ᠪᠠᠷ ᠶᠠᠳᠠᠭᠤ ᠬᠦᠴᠢᠷᠳᠡᠯ ᠤᠨ ᠪᠠᠶᠢᠳᠠᠯ ᠢ ᠠᠩᠭᠢᠵᠢᠷᠠᠭᠤᠯᠵᠤ ᠴᠢᠳᠠᠬᠤ ᠦᠭᠡᠢ ᠶᠤᠮ᠃ ᠢᠯᠠᠩᠭᠤᠶ᠎ᠠ ᠪᠠᠰᠠ ᠪᠠᠷᠤᠭ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 1000 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠮᠥᠨ ᠬᠦ ︽ᠲᠤᠬᠠᠢ ᠶᠢᠨ ᠭᠠᠵᠠᠷ ᠨᠢ ᠲᠤᠰ ᠭᠠᠵᠠᠷ ᠤᠨ ᠢᠶᠠᠨ ᠬᠦᠮᠦᠨ ᠠᠮᠠ ᠶᠢ ᠲᠡᠵᠢᠭᠡᠵᠦ ᠳᠡᠶᠢᠯᠬᠦ ᠦᠭᠡᠢ︾ ᠣᠷᠣᠨ ᠳᠤ ᠰᠠᠭᠤᠷᠢᠰᠢᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠳᠤᠮᠳᠠᠬᠢ ᠬᠠᠮᠤᠭ ᠤᠨ ︽ᠪᠡᠷᠬᠡ ᠰᠡᠳᠦᠪ︾ ᠪᠤᠯᠵᠤ ᠪᠠᠶᠢᠨ᠎ᠠ᠃ ᠬᠥᠭᠵᠢᠯᠲᠡ ᠶᠢᠨ ᠣᠷᠴᠢᠨ ᠨᠥᠬᠦᠴᠡᠯ ᠠᠴᠠ ᠠᠵᠢᠭᠯᠠᠪᠠᠯ᠂ ︽13·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ ᠠᠵᠤ ᠠᠬᠤᠶ ᠶᠢᠨ ᠪᠠᠶᠢᠳᠠᠯ ᠨᠡᠩ ᠪᠤᠳᠤᠯᠢᠶᠠᠨᠲᠠᠶ᠂ ᠠᠵᠤ ᠠᠬᠤᠶ ᠪᠠᠭᠤᠷᠠᠬᠤ ᠳᠠᠷᠤᠯᠲᠠ ᠶᠡᠭᠡ ᠪᠠᠶᠢᠵᠤ᠂ ᠭᠠᠵᠠᠷ ᠣᠷᠣᠨ ᠤ ᠬᠥᠭᠵᠢᠯᠲᠡ ᠶᠢᠨ ᠵᠠᠳᠠᠷᠠᠯ ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠤ ᠪᠦᠬᠦ ᠤᠯᠤᠰ ᠯᠤᠭ᠎ᠠ ᠶᠢᠨ ᠬᠥᠭᠵᠢᠯᠲᠡ ᠶᠢᠨ ᠵᠥᠷᠢᠶ᠎ᠡ ᠶᠢ ᠪᠠᠭᠠᠰᠬᠠᠬᠤ ᠳᠤ ᠰᠢᠨ᠎ᠡ ᠦᠷᠢᠰᠦᠯᠳᠦᠬᠡᠨ ᠢ ᠠᠪᠴᠢᠷᠠᠪᠠ︔ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠢᠶᠠᠨ ᠤ ᠱᠠᠲᠤᠨ ᠤ ᠡᠳ᠋ ᠤᠨ ᠬᠦᠴᠦᠨ ᠤ ᠰᠠᠭᠤᠷᠢ ᠨᠢᠮᠭᠡᠨ᠂ ᠰᠠᠭᠤᠷᠢ ᠪᠡᠯᠡᠳᠬᠡᠮᠵᠢ ᠶᠢᠨ ᠪᠣᠭᠤᠮᠢ ᠬᠢᠵᠠᠭᠠᠷᠯᠠᠯ ᠮᠥᠨ ᠬᠦ ᠢᠯᠡᠷᠬᠡᠶ ᠪᠠᠶᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠨᠭ᠍ᠭᠠᠯᠭ᠎ᠠ ᠶᠢᠨ ᠴᠢᠳᠠᠪᠤᠷᠢ ᠨᠢ ᠬᠦᠴᠦᠨ ᠦᠬᠡᠢ ᠪᠠᠶᠢᠨ᠎ᠠ︔ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠰᠤᠯᠠᠪᠲᠤᠷ᠂ ᠪᠦᠲᠦᠴᠡ ᠨᠢ ᠳᠠᠩ ᠴᠤᠯᠭᠤᠶ᠂ ᠣᠷᠴᠢᠨ ᠠᠬᠤᠶ ᠶᠢᠨ ᠬᠢᠵᠠᠭᠠᠷᠯᠠᠯ ᠬᠡᠴᠡᠭᠦᠷᠡᠵᠦ᠂ ᠡᠬᠢ ᠪᠠᠶᠠᠯᠢᠭ ᠢ ᠪᠦᠳᠦᠭᠦᠯᠢᠭ ᠮᠠᠶ᠋ᠢᠭ ᠢᠶᠠᠷ ᠨᠡᠭᠡᠭᠡᠨ ᠬᠥᠭᠵᠢᠭᠦᠯᠬᠦ ᠵᠠᠭᠪᠤᠷᠰᠢᠯ ᠨᠢ ᠦᠷᠭᠦᠯᠵᠢᠯᠡᠬᠦ ᠳᠤ ᠪᠡᠷᠭᠡ ᠲᠠᠢ ᠪᠠᠶᠢᠨ᠎ᠠ︔ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠠᠵᠢᠯ ᠣᠯᠭᠤᠬᠤ ᠠᠷᠭ᠎ᠠ ᠵᠠᠮ ᠨᠢ ᠢᠪᠴᠤᠤ᠂ ᠤᠨᠳᠤᠤ ᠭᠠᠵᠠᠷ ᠰᠢᠯᠵᠢᠬᠦᠯᠦᠨ ᠠᠵᠢᠯ ᠤᠯᠭᠤᠬᠤ ᠪᠠ ᠣᠷᠣᠯᠭ᠎ᠠ ᠶᠢ ᠨᠢ ᠨᠡᠮᠡᠭᠳᠡᠭᠦᠯᠬᠦ ᠬᠦᠴᠢᠷᠳᠡᠯ ᠮᠠᠰᠢ ᠶᠡᠭᠡ ᠪᠠᠶᠢᠨ᠎ᠠ᠃ ᠳᠡᠭᠡᠷ᠎ᠡ ᠳᠤᠷᠠᠳᠤᠭᠰᠠᠨ ᠪᠠᠶᠢᠳᠠᠯ ᠨᠢ᠂ 2020 ᠣᠨ ᠪᠣᠯᠬᠤ ᠳᠤ ᠶᠠᠳᠠᠭᠤ ᠠᠴᠠ ᠠᠩᠭᠢᠵᠢᠷᠠᠭᠤᠯᠬᠤ ᠲᠤᠭᠲᠠᠭᠰᠠᠨ ᠬᠠᠷᠠᠯᠲᠠ ᠶᠢ ᠪᠡᠶᠡᠯᠡᠭᠦᠯᠬᠦ ᠳᠤ ᠴᠠᠭ ᠲᠤᠶᠢᠯ ᠤᠨ ᠪᠠᠴᠢᠮ ᠮᠦᠷᠲᠡᠭᠡᠨ ᠡᠭᠦᠷᠭᠡ ᠴᠤ ᠨᠦᠰᠡᠷ ᠬᠦᠨᠳᠦ ᠪᠠᠶᠢᠬᠤ ᠶᠢ ᠬᠠᠷᠠᠭᠤᠯᠵᠤ ᠪᠠᠶᠢᠨ᠎ᠠ᠃      ᠸᠧᠨ ᠮᠢᠨ᠄      ︽13·5︾ ᠶᠢᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠢᠳᠪᠤᠷᠢᠲᠦ ᠱᠠᠲᠤ ᠪᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠳᠤ ᠢᠯᠠᠯᠲᠠ ᠤᠯᠵᠤ᠂ 2020 ᠣᠨ ᠪᠣᠯᠬᠤ ᠳᠤ ᠲᠠᠩᠰᠠ ᠡᠪᠬᠡᠮᠡᠯ ᠪᠠᠶᠢᠭᠤᠯᠤᠨ ᠺᠠᠷᠲ ᠬᠢᠯᠭᠡᠭᠰᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠨᠢ ᠪᠦᠬᠦ ᠠᠷᠠᠳ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠤ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ︽ᠳᠤᠮᠳᠠ ᠵᠡᠷᠭᠡ ᠶᠢᠨ ᠣᠷᠣᠯᠭ᠎ᠠ ᠶᠢᠨ ᠤᠨᠠᠭᠤᠯᠢ︾ ᠶᠢ ᠤᠷᠤᠭᠰᠢᠲᠠᠶ ᠪᠠᠷ ᠦᠰᠦᠷᠴᠦ ᠭᠠᠷᠬᠤ ᠴᠢᠬᠤᠯᠠ ᠠᠷᠭ᠎ᠠ ᠵᠠᠮ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠶᠢᠨ ᠴᠢᠬᠤᠯᠠ ᠤᠷᠢᠲᠠᠯ ᠮᠦᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠴᠢᠬᠤᠯᠠ ᠠᠵᠢᠯᠯᠠᠭ᠎ᠠ ᠮᠦᠨ᠂ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠵᠤ᠂ ᠨᠠᠮ ᠤᠨ ᠲᠥᠷᠥ ᠪᠠᠷᠢᠬᠤ ᠰᠠᠭᠤᠷᠢ ᠪᠤᠯᠤᠨ ᠤᠯᠤᠰ ᠣᠷᠣᠨ ᠤ ᠥᠨᠢ ᠤᠳᠠᠭᠠᠨ ᠠᠮᠤᠷ ᠲᠤᠭᠲᠠᠭᠤᠨ ᠲᠠᠢ ᠬᠤᠯᠪᠤᠭᠳᠠᠵᠤ ᠪᠠᠶᠢᠬᠤ ᠪᠦᠭᠡᠳ ᠡᠭᠦᠷᠭᠡ ᠲᠤᠰᠢᠶᠠᠯ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠪᠡᠷᠬᠡ ᠬᠠᠲᠠᠭᠤᠵᠢᠯᠲᠠᠶ ᠪᠠᠶᠢᠬᠤ ᠶᠤᠮ᠃ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠬᠢᠶᠠᠯᠳᠤ ᠱᠠᠲᠤᠨ ᠳᠤ ᠰᠢᠯᠵᠢᠨ ᠤᠷᠤᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠪ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯ ᠢ ᠲᠤᠰᠬᠠᠶᠢᠯᠠᠨ ᠬᠤᠷᠠᠯᠳᠤᠭᠤᠯᠵᠤ᠂ ᠢᠷᠡᠭᠡᠳᠦᠶ ᠶᠢᠨ ᠲᠠᠪᠤᠨ ᠵᠢᠯ ᠳᠠᠬᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠭᠦᠨ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠲᠤᠲᠤᠷᠬᠠᠶᠢᠯᠠᠵᠤ᠂ ᠠᠯᠢ ᠣᠯᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠤᠭᠲᠠᠭᠠᠵᠤ᠂ ᠤᠯᠤᠰ ᠳᠠᠶᠠᠭᠠᠷ ᠤᠨ ᠬᠦᠴᠦᠨ ᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠨ ᠳᠤ ᠢᠯᠠᠯᠲᠠ ᠤᠯᠬᠤ ᠳᠤ ᠡᠷᠡᠰ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠪᠤᠯᠤᠨ ᠲᠥᠷᠢᠮ ᠤᠨ ᠪᠠᠲᠤᠯᠠᠭ᠎ᠠ ᠶᠢ ᠤᠯᠭᠤᠭᠰᠠᠨ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠶ ᠬᠦᠳᠡᠯᠦᠯᠴᠡᠵᠤ᠂ ᠤᠶᠤᠨ ᠢᠶᠠᠨ ᠲᠦᠪᠯᠡᠷᠡᠭᠦᠯᠦᠨ ᠪᠦᠬᠦ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠠᠢ ᠭᠠᠵᠠᠷ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠶᠠᠳᠠᠭᠤ ᠠᠴᠠ ᠠᠩᠬᠢᠵᠢᠷᠠᠨ᠂ ᠬᠦᠭᠵᠢᠬᠦ ᠪᠠᠷ ᠴᠢᠷᠮᠠᠶᠢᠬᠤ ᠬᠦᠰᠡᠯ ᠡᠷᠡᠮᠡᠯᠵᠡᠯ ᠴᠢᠩᠭ᠎ᠠ ᠪᠠᠶᠢᠵᠤ᠂ ᠳᠣᠲᠣᠭᠠᠳᠤ ᠬᠥᠳᠡᠯᠭᠡᠬᠦ ᠬᠦᠴᠦᠨ ᠪᠤᠯᠤᠨ ᠠᠮᠢᠵᠢᠷᠠᠯ ᠤᠨ ᠬᠦᠴᠦᠨ ᠨᠢ ᠲᠠᠰᠤᠷᠠᠯᠲᠠ ᠦᠭᠡᠢ ᠬᠦᠭᠵᠢᠵᠤ ᠪᠠᠶᠢᠬᠤ ᠪᠤᠯᠬᠤᠷ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠨᠢ ᠪᠦᠬᠦ ᠨᠠᠮ ᠪᠦᠬᠦ ᠨᠡᠶᠢᠭᠡᠮ ᠤᠨ ᠨᠢᠭᠡᠳᠦᠯᠲᠡᠶ ᠵᠣᠷᠢᠭ ᠰᠠᠨᠠᠭ᠎ᠠ ᠪᠤᠯᠤᠨ ᠬᠠᠮᠲᠤ ᠶᠢᠨ ᠠᠵᠢᠯᠯᠠᠭ᠎ᠠ ᠪᠤᠯᠪᠠ᠃ ᠡᠭᠦᠨ ᠤ ᠬᠠᠮᠲᠤ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠣᠵᠢᠯᠳᠡ ᠨᠢ ᠲᠠᠷᠢᠶᠠᠯᠠᠩ ᠤᠨ ᠣᠳᠣᠬᠢᠴᠢᠯᠠᠯᠲᠠ ᠯᠤᠭ᠎ᠠ ᠠᠯᠬᠤᠮ ᠨᠢᠭᠡᠲᠡᠶ ᠠᠬᠢᠭᠰᠠᠨ ᠪᠠ ᠤᠯᠤᠰ ᠠᠴᠠ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠭᠰᠡᠨ  ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠢ ᠲᠦᠷᠭᠡᠨ ᠬᠦᠭᠵᠢᠬᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠤᠯᠤᠨ ᠠᠵᠠ ᠲᠣᠬᠢᠶᠠᠯ ᠢ ᠤᠯᠭᠤᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠨᠦᠬᠡᠴᠡ ᠬᠦᠭᠵᠢᠯᠲᠡ ᠶᠢᠨ ᠳᠠᠪᠠᠭᠤᠯᠢᠭ ᠨᠢ ᠡᠳᠦᠷ ᠢᠷᠡᠭᠦᠶ᠎ᠡ ᠳᠤᠪᠤᠶᠢᠮ᠎ᠠ ᠪᠤᠯᠤᠭᠰᠠᠨ ᠪᠠᠶᠢᠨ᠎ᠠ᠃ ᠨᠡᠩ ᠴᠢᠬᠤᠯᠠ ᠨᠢ᠂ ᠤᠯᠤᠰ ᠠᠴᠠ ᠠᠵᠤ ᠠᠬᠤᠶ ᠶᠢᠨ ᠶᠡᠷᠦᠩᠬᠡᠶ ᠪᠣᠳᠠᠲᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ ᠪᠠᠶᠢᠬᠤ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠪᠠᠲᠤ ᠪᠠᠬᠢ ᠪᠣᠳᠠᠰ ᠤᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃      ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠭᠰᠠᠨ 38 ᠵᠢᠯ ᠤᠨ ᠲᠤᠷᠰᠢ᠂ ᠮᠠᠨ ᠤ ᠣᠷᠣᠨ ᠤ ᠶᠠᠳᠠᠭᠤᠷᠠᠯ ᠢ ᠴᠦᠬᠡᠷᠡᠭᠦᠯᠬᠦ ᠠᠵᠢᠯ ᠦᠢᠯᠡᠰ ᠨᠢ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠦᠨ᠂ ᠢᠯᠡᠳᠲᠡ ᠦᠷ᠎ᠡ ᠪᠦᠲᠦᠮᠵᠢ ᠣᠯᠪᠠ᠂ ᠨᠡᠶᠢᠲᠡ 1006 ᠲᠦᠮᠡᠨ ᠮᠠᠯᠴᠢᠨ ᠲᠠᠷᠢᠶᠠᠴᠢᠳ ᠢ ᠶᠠᠳᠠᠭᠤ ᠠᠴᠠ ᠠᠩᠭᠢᠵᠢᠷᠠᠭᠤᠯᠪᠠ᠃ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠣᠷᠣᠨ ᠤ ᠬᠦᠴᠦᠨ ᠢ ᠬᠠᠮᠲᠤᠳᠬᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠤᠨ᠂ ᠶᠠᠳᠠᠭᠤ ᠶᠢ ᠲᠡᠳᠬᠦᠬᠦ ᠠᠵᠢᠯ ᠴᠢᠬᠤᠯᠠ ᠶᠡᠭᠡ ᠰᠢᠨ᠎ᠡ ᠠᠬᠢᠴᠠ ᠲᠠᠢ ᠪᠣᠯᠤᠭᠰᠠᠨ ᠪᠠᠶᠢᠨ᠎ᠠ᠃ ᠭᠡᠪᠡᠴᠦ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠤᠭᠰᠠᠨ ᠬᠤᠪᠢ ᠳᠤ᠂ ᠡᠬᠢ ᠪᠠᠶᠠᠯᠢᠭ ᠤᠨ ᠲᠦᠷᠦᠯᠬᠢ ᠳᠠᠪᠠᠭᠤᠯᠢᠭ᠂ ᠭᠠᠵᠠᠷ ᠣᠷᠣᠨ ᠤ ᠵᠥᠷᠢᠶ᠎ᠡ᠂ ᠬᠥᠭᠵᠢᠯᠲᠡ ᠲᠡᠩᠴᠡᠭᠦᠷᠢ ᠦᠭᠡᠢ ᠪᠠᠶᠢᠬᠤ ᠵᠡᠷᠭᠡ ᠬᠦᠴᠦᠨ ᠵᠦᠢᠯ ᠳᠤ ᠬᠢᠵᠠᠭᠠᠷᠯᠠᠭᠳᠠᠨ᠂ ᠣᠳᠣᠬᠠᠨ ᠤ ᠶᠠᠳᠠᠭᠤᠷᠠᠯ ᠢ ᠴᠦᠬᠡᠷᠡᠭᠦᠯᠬᠦ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠭᠰᠠᠭᠠᠷ᠃ ︽12 · 5︾ ᠶᠢᠨ ᠬᠤᠭᠤᠴᠠᠭᠠᠨ ᠳᠤ᠂ ᠪᠦᠬᠦ ᠣᠷᠣᠨ ᠤ ᠨᠡᠶᠢᠲᠡ ᠤᠷᠤᠭᠤᠯᠤᠭᠰᠠᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠤᠰᠬᠠᠶ ᠪᠡᠯᠡ ᠮᠥᠩᠭᠦ 192 ᠳ᠋ᠦᠩᠰᠢᠭᠤᠷ ᠲᠥᠭᠦᠷᠢᠭ ᠲᠤ ᠬᠦᠷᠴᠦ᠂ ︽11 · 5︾ ᠶᠢᠨ ᠬᠤᠭᠤᠴᠠᠭ᠎ᠠ ᠶᠢᠨ ᠬᠢ ᠠᠴᠠ 138 ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ᠃ ︽ᠠᠷᠪᠠ ᠶᠢ ᠪᠦᠷᠢᠨ ᠪᠦᠷᠬᠦᠭᠦᠯᠬᠦ︾᠂ ᠲᠤᠰᠬᠤᠨ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠬᠤ᠂ ︽ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠠᠶᠢᠯ ᠡᠷᠦᠬᠡ ᠳᠤ ᠬᠦᠷᠦᠭᠦᠯᠬᠦ︾᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ᠂ ᠣᠨᠳᠣᠣ ᠭᠠᠵᠠᠷ ᠰᠢᠯᠵᠢᠭᠦᠯᠵᠦ ᠶᠠᠳᠠᠭᠤ ᠶᠢ ᠳᠡᠳᠬᠦᠬᠦ᠂ ᠬᠡᠰᠡᠭ ᠬᠡᠰᠡᠭ ᠢᠶᠠᠷ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠪᠠ ᠴᠢᠬᠤᠯᠠ ᠶᠡᠭᠡ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ 2015 ᠣᠨ ᠪᠣᠯᠬᠤ ᠳᠤ᠂ 2010 ᠣᠨ ᠤ 266 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ 80.3 ᠲᠦᠮᠡ ᠴᠦᠬᠡᠷᠡᠵᠦ᠂ ᠶᠠᠳᠠᠭᠤᠷᠠᠯ ᠤᠨ ᠨᠤᠷᠮ᠎ᠠ 20.34% ᠪᠠᠶᠢᠭᠰᠠᠨ ᠠᠴᠠ ᠪᠠᠨ 5.85% ᠪᠣᠯᠵᠤ ᠪᠠᠭᠤᠷᠠᠭᠰᠠᠨ ᠪᠠᠶᠢᠨ᠎ᠠ᠃      ︽13·5︾ ᠶᠢᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠴᠢᠬᠤᠯᠠ ᠵᠠᠩᠭᠢᠯᠠᠭ᠎ᠠ ᠶᠢᠨ ᠦᠶ᠎ᠡ ᠮᠦᠨ᠂ 2017 ᠣᠨ ᠳᠤ ᠲᠦᠢᠯ ᠤᠨ ᠶᠠᠳᠠᠭᠤ ᠬᠦᠴᠢᠷᠳᠡᠯᠲᠡᠢ ᠪᠠᠶᠢᠳᠠᠯ ᠢ ᠦᠨᠳᠦᠰᠦᠨ ᠳᠡᠭᠡᠨ ᠠᠷᠢᠯᠭᠠᠵᠦ᠂ 2020 ᠣᠨ ᠪᠣᠯᠬᠤ ᠳᠤ ᠪᠦᠬᠦ ᠤᠯᠤᠰ ᠲᠠᠢ ᠴᠤᠭᠭᠠᠷ ᠴᠢᠨᠡᠭᠡᠯᠢᠭ ᠨᠡᠶᠢᠭᠡᠮ ᠳᠤ ᠠᠯᠬᠤᠨ ᠤᠷᠤᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠲᠦᠷᠪᠡᠠ ᠥᠨᠡᠨᠬᠦ︾᠂ ︽ᠵᠢᠷᠭᠤᠭᠠᠨ ᠣᠨᠤᠪᠴᠢᠲᠠᠢ︾ ᠪᠠ ︽ᠲᠠᠪᠤᠨ ᠨᠢᠭᠡ ᠪᠦᠯᠦᠭ︾ ᠵᠡᠷᠭᠡ ᠲᠦᠢᠯ ᠤᠨ ᠣᠨᠤᠪᠴᠢᠲᠠᠢ ᠪᠠᠷ ᠶᠠᠳᠠᠭᠤ ᠶᠢ ᠳᠡᠳᠬᠦᠵᠦ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢᠨ ᠱᠠᠭᠠᠷᠳᠠᠯᠭ᠎ᠠ ᠶᠣᠰᠤᠭᠠᠷ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠲᠠᠯ ᠦᠭᠡᠢ ᠪᠠᠶᠢᠯᠭᠠᠬᠤ᠂ ᠨᠡᠭᠡᠭᠡᠯᠳᠡ ᠬᠢᠬᠦ᠂ ᠬᠠᠮᠲᠤ ᠪᠠᠷ ᠬᠦᠷᠲᠡᠬᠦ ᠬᠥᠭᠵᠢᠯᠲᠡ ᠶᠢᠨ ᠣᠨᠤᠯᠵᠢᠬᠤᠨ ᠢ ᠪᠠᠲᠤ ᠪᠠᠬᠢ ᠪᠤᠢ ᠪᠣᠯᠭᠠᠬᠤ ᠪᠦᠭᠡᠳ ᠦᠨᠡᠨᠬᠦ ᠲᠤᠤᠱᠯᠠᠭᠤᠯᠵᠤ᠂ ᠤᠯᠤᠰ ᠲᠦᠷᠤ ᠪᠠ ᠳᠦᠷᠢᠮ ᠤᠨ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ᠂ ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠣᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠯᠴᠠᠨ ᠠᠬᠢᠭᠤᠯᠬᠤ ᠶᠢ ᠪᠠᠷᠢᠮᠳᠠᠯᠠᠨ᠂ ᠲᠦᠢᠯ ᠤᠨ ᠣᠨᠤᠪᠴᠢᠲᠠᠢ ᠪᠠᠷ ᠬᠠᠪᠰᠤᠷᠤᠨ ᠲᠡᠳᠬᠦᠬᠦ ᠬᠢᠭᠡᠳ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ ᠨᠡᠭᠡᠭᠡᠨ ᠬᠥᠭᠵᠢᠭᠦᠯᠬᠦ ᠶᠠᠪᠤᠳᠠᠯ ᠢ ᠨᠢᠭᠲᠠ ᠤᠶᠠᠯᠳᠤᠭᠤᠯᠬᠤ ᠶᠢ ᠪᠠᠷᠢᠮᠳᠠᠯᠠᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠳᠠᠯᠠᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠢᠭᠡᠳ ᠨᠡᠶᠢᠭᠡᠮ ᠤᠨ ᠪᠠᠲᠤᠯᠠᠭ᠎ᠠ ᠶᠢ ᠪᠦᠲᠦᠮᠵᠢᠲᠡᠶ ᠵᠤᠯᠭᠠᠭᠤᠯᠬᠤ ᠶᠢ ᠪᠠᠷᠢᠮᠳᠠᠯᠠᠵᠤ᠂ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠᠷ ᠲᠣᠯᠤᠭᠠᠶᠢᠯᠠᠭᠤᠯᠤᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ︽ᠭᠤᠷᠪᠠ ᠶᠢ ᠲᠤᠰᠬᠤᠨ ᠳᠤ ᠬᠦᠷᠭᠡᠵᠦ ᠭᠤᠷᠪᠠ ᠶᠢ ᠠᠶᠢᠯ ᠡᠷᠦᠬᠡ ᠳᠤ ᠬᠦᠷᠦᠭᠦᠯᠬᠦ︾ ᠵᠡᠷᠭᠡ ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠨ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠᠶᠢᠭᠤᠯᠤᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠨ᠂ ᠡ᠊ᠩ ᠤᠨ ᠵᠢᠷᠤᠮ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ᠮᠡᠷᠭᠡᠨ ᠠᠷᠭ᠎ᠠ ᠪᠣᠳᠤᠯᠭ᠎ᠠ ᠭᠠᠷᠭᠠᠵᠤ᠂ ᠪᠦᠬᠦ ᠣᠷᠣᠨ ᠤ ᠬᠦᠴᠦᠨ ᠢ ᠬᠠᠮᠳᠤᠳᠬᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠨ ᠳᠤ ᠵᠠᠪᠠᠯ ᠢᠯᠠᠯᠲᠠ ᠣᠯᠬᠤ ᠬᠡᠷᠡᠭᠲᠡᠶ᠃      ᠬᠥᠲᠥᠯᠥᠭᠴᠢ᠄      ᠶᠠᠮᠠᠷ ᠬᠦᠮᠦᠰ ᠢ ᠣᠨᠳᠣᠣ ᠭᠠᠵᠠᠷ ᠨᠡᠭᠦᠯᠭᠡᠨ ᠶᠠᠳᠠᠭᠤ ᠠᠴᠠ ᠠᠩᠬᠢᠵᠢᠷᠠᠭᠤᠯᠬᠤ ᠪᠣᠢ︖      ᠸᠧᠨ ᠮᠢᠨ᠄      ︽13·5︾ ᠶᠢᠨ ᠬᠤᠭᠤᠴᠠᠭᠠᠨ ᠳᠤ᠂ ᠨᠡᠭᠦᠯᠭᠡᠨ ᠰᠢᠯᠵᠢᠭᠦᠯᠬᠦ ᠬᠦᠮᠦᠰ ᠪᠣᠯ ᠭᠤᠣᠯᠳᠠᠭᠤ ᠪᠣᠶᠢᠳᠠ ᠪᠦᠭᠯᠡᠭᠦᠦ᠂ ᠠᠭᠤᠯᠠᠷᠬᠠᠭ᠂ ᠥᠨᠳᠦᠷᠯᠢᠭ ᠬᠦᠢᠳᠡᠨ᠂ ᠡᠯᠡᠰᠦᠷᠬᠡᠭ᠂ ᠣᠷᠣᠨ ᠨᠤᠲᠤᠭ ᠤᠨ ᠡᠪᠡᠳᠴᠢᠨ ᠤᠯᠠᠨ ᠡᠭᠦᠰᠳᠡᠭ ᠵᠡᠷᠭᠡ ᠣᠷᠣᠰᠢᠨ ᠲᠣᠭᠲᠠᠨᠢᠬᠤ ᠨᠦᠭᠦᠴᠡᠯ ᠪᠠᠷᠤᠭᠲᠠᠶ᠂ ᠬᠥᠭᠵᠢᠯᠲᠡ ᠶᠢᠨ ᠦᠨᠳᠦᠰᠦᠨ ᠨᠥᠬᠦᠴᠡᠯ ᠦᠭᠡᠢ ᠵᠢᠴᠢ ᠠᠮᠢ ᠠᠬᠤᠶ ᠶᠢᠨ ᠣᠷᠴᠢᠨ ᠨᠥᠬᠦᠴᠡᠯ ᠬᠡᠪᠡᠷᠡᠭ᠂ ᠨᠡᠭᠡᠭᠡᠨ ᠬᠥᠭᠵᠢᠭᠦᠯᠬᠦ ᠶᠢ ᠨᠢ ᠬᠢᠵᠠᠭᠠᠷᠯᠠᠬᠤ ᠪᠤᠶᠤ ᠴᠠᠭᠠᠵᠠᠯᠠᠵᠦ ᠪᠠᠶᠢᠭ᠎ᠠ ᠭᠠᠵᠠᠷ ᠣᠷᠣᠨ ᠤ ᠲᠠᠩᠰᠠ ᠡᠪᠬᠡᠮᠡᠯ ᠪᠠᠶᠢᠭᠤᠯᠵᠤ ᠺᠠᠷᠲ ᠠᠪᠤᠭᠰᠠᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠲᠠᠩᠰᠠ ᠡᠪᠬᠡᠮᠡᠯ ᠺᠠᠷᠲ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠢᠯᠭᠠᠨ ᠲᠠᠨᠢᠵᠤ ᠳᠠᠬᠢᠨ ᠬᠢᠨᠠᠭᠰᠠᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠢᠶᠠᠷ ᠪᠣᠯ᠂ ︽13·5︾ ᠶᠢᠨ ᠬᠤᠭᠤᠴᠠᠭᠠᠨ ᠳᠤ᠂ ᠡᠨᠡ ᠪᠦᠯᠦᠭ ᠬᠦᠮᠦᠰ ᠨᠢ ᠪᠦᠬᠦ ᠤᠯᠤᠰ ᠤᠨ 23 ᠮᠤᠵᠢ ︵ᠣᠷᠣᠨ᠂ ᠬᠤᠳᠠ︶ ᠳᠤ ᠲᠠᠷᠬᠠᠵᠤ᠂ ᠪᠠᠷᠤᠭ 1000 ᠲᠦᠮᠡᠨ ᠬᠥᠮᠦᠨ ︵ᠡᠨᠡ 1000 ᠲᠦᠮᠡᠨ ᠬᠥᠮᠦᠨ ᠨᠢ 1271 ᠰᠢᠶᠠᠨ᠂ 8.99 ᠲᠦᠮᠡᠨ ᠭᠠᠴᠠᠭᠠᠨ ᠳᠤ ᠲᠠᠷᠬᠠᠵᠤ᠂ 77% ᠠᠴᠠ ᠳᠡᠭᠡᠭᠰᠢ ᠬᠥᠮᠦᠨ ᠠᠮᠠ ᠨᠢ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠪᠠ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭᠠᠲᠤ ᠰᠢᠶᠠᠨ ᠳᠤ ᠲᠥᠪᠯᠡᠷᠡᠨ ᠲᠠᠷᠬᠠᠵᠤ ᠪᠣᠢ︶ ᠪᠣᠢ᠂ ᠮᠠᠨ ᠤ ᠤᠷᠤᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ 20 ᠲᠦᠮᠡ ᠬᠥᠮᠦᠨ ᠠᠮᠠ ᠶᠢ ᠨᠡᠭᠦᠯᠭᠡᠵᠦ᠂ 10 ᠲᠦᠮᠡᠨ ᠬᠥᠮᠦᠨ ︵78 ᠬᠤᠰᠢᠭᠤ ᠰᠢᠶᠠᠨ ᠳᠤ ᠲᠠᠷᠬᠠᠵᠤ ᠪᠣᠢ︶ ᠢ ᠵᠡᠷᠭᠡ ᠳᠤᠨᠢ ᠨᠡᠭᠦᠯᠭᠡᠨ᠎ᠡ᠃ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠳ ᠨᠡᠭᠦᠯᠭᠡᠬᠦ ᠬᠡᠪᠴᠢᠶ᠎ᠡ᠂ ᠨᠡᠭᠦᠯᠭᠡᠬᠦ ᠬᠦᠮᠦᠰ ᠢ ᠮᠠᠭᠠᠳᠯᠠᠨ ᠲᠣᠭᠲᠠᠭᠠᠬᠤ ᠪᠠ ᠲᠣᠬᠢᠷᠠᠭᠤᠯᠬᠤ ᠠᠵᠢᠯ ᠪᠣᠯ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠮᠦᠨ᠂ ᠬᠤᠪᠢᠷᠠᠭᠤᠯᠤᠨ ᠲᠣᠬᠢᠷᠠᠭᠤᠯᠬᠤ ᠴᠢᠬᠤᠯᠠ ᠲᠠᠢ ᠪᠣᠯ ᠡᠷᠬᠡᠪᠰᠢ ᠳᠡᠰ ᠳᠠᠷᠠᠭᠠᠯᠠᠯ ᠢᠶᠠᠷ ᠢᠶᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠢᠶᠠᠷ ᠬᠢᠨᠠᠨ ᠵᠦᠪᠰᠢᠶᠡᠷᠡᠭᠦᠯᠬᠦ ᠶᠣᠰᠤᠲᠠᠢ᠂ ᠡᠰᠡ ᠲᠡᠶᠢᠮᠦ ᠪᠣᠯ ᠳᠤᠷ᠎ᠠ ᠪᠠᠷ ᠢᠶᠠᠨ ᠬᠤᠪᠢᠷᠠᠭᠤᠯᠤᠨ ᠲᠣᠬᠢᠷᠠᠭᠤᠯᠵᠦ ︵ᠡᠯ᠎ᠡ ᠭᠠᠵᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠳᠡᠯᠦᠩᠭᠦᠶ ᠪᠠᠷ ᠲᠣᠬᠢᠷᠠᠭᠤᠯᠵᠦ᠂ ᠤᠷᠤᠭᠤᠯᠬᠤ ᠴᠠᠭ ᠲᠤᠨᠢ ᠤᠷᠤᠭᠤᠯᠵᠤ᠂ ᠭᠠᠷᠭᠠᠬᠤ ᠴᠠᠭ ᠲᠤᠨᠢ ᠭᠠᠷᠭᠠᠬᠤ ᠶᠢ ᠨᠢ ᠵᠦᠪᠰᠢᠶᠡᠷᠡᠨ᠎ᠡ︶ ᠪᠣᠯᠬᠤ ᠦᠭᠡᠢ᠃ ᠬᠥᠭᠵᠢᠭᠦᠯᠦᠯᠲᠡ ᠥᠭᠡᠷᠡᠴᠢᠯᠡᠯᠲᠡ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠬᠢᠨᠠᠨ ᠲᠣᠭᠲᠠᠭᠠᠭᠰᠠᠨ ᠨᠡᠭᠦᠯᠭᠡᠬᠦ ᠬᠡᠪᠴᠢᠶ᠎ᠡ ᠪᠠ ᠨᠡᠭᠦᠭᠰᠡᠳ ᠤᠨ ᠶᠣᠰᠤᠭᠠᠷ᠂ ᠲᠤᠰ ᠭᠠᠵᠠᠷ ᠤᠨ ᠢᠶᠠᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠪᠦᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠬᠤᠯᠠᠴᠢᠯᠠᠭᠤᠰᠢᠲᠠᠶ ᠵᠦᠢᠯ ᠭᠡᠪᠡᠯ᠂ ᠬᠢᠯᠢ ᠬᠢᠵᠠᠭᠠᠷ ᠳᠠᠭᠠᠤ ᠣᠷᠣᠨ ︵ᠶᠡᠷᠦ ᠶᠢᠨ ᠪᠠᠶᠢᠳᠠᠯ ᠳᠤ ᠬᠢᠯᠢ ᠶᠢᠨ ᠱᠤᠭᠤᠮ ᠠᠴᠠ 20 ᠺᠢᠯᠣᠮᠧᠲᠷ ᠤᠨ ᠡᠭᠴᠡ ᠵᠠᠶ ᠶᠢᠨ ᠬᠡᠪᠴᠢᠶᠡᠨ ᠳᠣᠲᠣᠷᠠᠬᠢ ᠰᠢᠶᠠᠩ ᠪᠠᠯᠭᠠᠰᠤ᠂ ᠭᠠᠴᠠᠭ᠎ᠠ ᠶᠢ ᠵᠢᠭᠠᠨ᠎ᠠ︶ ᠳᠤ ᠠᠵᠤ ᠲᠦᠷᠦᠵᠦ ᠪᠠᠶᠢᠭ᠎ᠠ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠣᠯ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ ᠪᠠᠶᠢᠭ᠎ᠠ ᠬᠡᠷᠡᠭᠴᠡᠭᠡ ᠶᠢ ᠪᠣᠳᠤᠯᠬᠢᠯᠠᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠡᠪᠴᠢᠶᠡᠨ ᠳᠤ ᠣᠷᠣᠭᠤᠯᠬᠤ ᠦᠬᠡᠢ᠂ ᠬᠢᠯᠢ ᠶᠢᠨ ᠠᠷᠠᠳ ᠤᠨ ᠳᠣᠲᠤᠷᠠᠬᠢ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠭᠤᠣᠯᠳᠠᠭᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠ ᠬᠠᠮᠢᠶ᠎ᠠ ᠪᠥᠬᠦᠢ ᠶᠠᠳᠠᠭᠤ ᠶᠢ ᠲᠡᠳᠬᠦᠬᠦ ᠡᠬᠢ ᠪᠠᠶᠠᠯᠢᠭ ᠤᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠰᠢᠢᠳᠪᠦᠷᠢᠯᠡᠬᠦ ᠬᠡᠷᠡᠭᠲᠡᠶ᠃ ᠲᠥᠪ ᠤᠨ ᠬᠤᠯᠪᠣᠭᠳᠠᠯ ᠪᠦᠬᠦᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠰᠢᠯᠭᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠤᠶᠢᠰᠢᠳᠠ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠠᠮᠠ ᠶᠢ ᠨᠡᠭᠦᠯᠭᠡᠨ ᠰᠢᠯᠵᠢᠭᠦᠯᠬᠦ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠪᠠ ᠶᠠᠳᠠᠭᠤ ᠠᠴᠠ ᠠᠩᠭᠢᠵᠢᠷᠠᠭᠤᠯᠤᠭᠰᠠᠨ ᠪᠠᠶᠢᠳᠠᠯ ᠢ ᠡᠯ᠎ᠡ ᠭᠠᠵᠠᠷ ᠤᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢᠨ ᠭᠤᠣᠯ ᠦᠨᠳᠦᠰᠦ ᠪᠠᠷᠢᠮᠲᠠ ᠪᠠ ᠭᠤᠣᠯ ᠠᠭᠤᠯᠭ᠎ᠠ ᠪᠣᠯᠭᠠᠨ᠎ᠠ᠃ ᠠᠶᠢᠮᠠᠭ ᠬᠤᠳᠠ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠡᠷᠭᠡ ᠪᠠᠷ ᠨᠡᠭᠦᠯᠭᠡᠬᠦ ᠬᠥᠮᠦᠨ ᠠᠮᠠ ᠶᠢᠨ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠵᠤ᠂ ᠵᠡᠷᠭᠡ  ᠪᠠᠷ ᠨᠡᠭᠦᠯᠭᠡᠬᠦ ᠬᠥᠮᠦᠨ ᠠᠮᠠ ᠶᠢᠨ ᠬᠡᠪᠴᠢᠶ᠎ᠡ ᠨᠢ ᠬᠡᠲᠦᠷᠬᠡᠶ ᠶᠡᠭᠡ ᠠᠴᠠ ᠪᠣᠯᠵᠤ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠨᠡᠭᠦᠯᠭᠡᠬᠦ ᠠᠬᠢᠴᠠ ᠪᠠ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠨᠦᠯᠦᠭᠡᠯᠡᠬᠦ ᠠᠴᠠ ᠵᠠᠶᠢᠯᠠᠰᠭᠢᠬᠦ ᠬᠡᠷᠡᠭᠲᠡᠢ᠃ ᠡᠨᠡ ᠵᠢᠯ ᠤᠨ 1 ᠳ᠋ᠦ᠋ᠭᠡᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠠᠴᠠ ᠨᠡᠭᠦᠯᠭᠡᠬᠦ ᠬᠦᠮᠦᠰ ᠢ ᠢᠯᠭᠠᠨ ᠲᠠᠨᠢᠬᠤ ᠨᠢ ᠨᠠᠷᠢᠯᠢᠭ ᠣᠨᠤᠪᠴᠢᠲᠠᠢ ᠪᠢᠰᠢ ᠠᠰᠠᠭᠤᠳᠠᠯ ᠳᠤ ᠴᠢᠭᠯᠡᠭᠦᠯᠦᠨ᠂ ︽ᠡᠷᠭᠢᠨ ᠬᠠᠷᠠᠬᠤ︾ ᠠᠵᠢᠯ ᠥᠷᠨᠢᠭᠦᠯᠵᠦ᠂ ᠡᠯ᠎ᠡ ᠭᠠᠵᠠᠷ ᠤᠳ ᠡᠷᠬᠡᠪᠰᠢ ᠨᠠᠷᠢᠯᠢᠭ ᠣᠨᠤᠪᠴᠢᠲᠠᠢ ᠪᠠᠷ ᠢᠯᠭᠠᠨ ᠲᠠᠨᠢᠬᠤ ᠬᠡᠷᠡᠭᠲᠡᠢ ᠭᠡᠵᠦ ᠱᠠᠭᠠᠷᠳᠠᠪᠠ᠃ ᠠᠶᠢᠮᠠᠭ ᠬᠤᠳᠠ ᠴᠦ ᠨᠠᠷᠢᠯᠢᠭ ᠣᠨᠤᠪᠴᠢᠲᠠᠢ ᠪᠠᠷ ᠨᠡᠭᠦᠯᠭᠡᠨ ᠰᠢᠯᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ ᠪᠠᠶᠢᠨ᠎ᠠ᠃      ᠬᠥᠲᠥᠯᠥᠭᠴᠢ᠄      ᠲᠡᠭᠡᠪᠡᠯ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠦᠳᠦᠬᠡᠨ ᠪᠠᠶᠢᠭᠤᠯᠤᠯᠲᠠ ᠨᠢ ᠶᠠᠮᠠᠷ ᠪᠠᠷᠢᠮᠵᠢᠶ᠎ᠠ  ᠲᠠᠢ ᠪᠤᠶ︖      ᠸᠧᠨ ᠮᠢᠨ᠄      ︽13 · 5︾ ᠶᠢᠨ ᠬᠤᠭᠤᠴᠠᠭᠠᠨ ᠳᠤ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ ᠨᠡᠭᠦᠭᠰᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠪᠣᠯᠣᠨ ᠶᠠᠳᠠᠭᠤ ᠠᠴᠠ ᠠᠩᠭᠢᠵᠢᠷᠠᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠲᠠᠩᠰᠠ ᠪᠠᠶᠢᠭᠤᠯᠤᠨ ᠺᠠᠷᠲ ᠠᠪᠤᠭᠰᠠᠨ ᠨᠡᠭᠦᠭᠰᠡᠳ ᠤᠨ ᠥᠪᠡᠷᠮᠢᠴᠡ ᠴᠢᠨᠠᠷ ᠢ ᠪᠣᠳᠣᠯᠬᠢᠯᠠᠭᠠᠳ᠂ ︽ᠲᠥᠰᠦᠯ︾ ᠳᠤ ᠲᠤᠲᠤᠷᠬᠠᠢ  ᠳᠤᠷᠠᠳᠤᠭᠰᠠᠨ ᠨᠢ᠂  ︽ᠴᠢᠳᠠᠯ ᠤᠨ ᠢᠶᠠᠨ ᠬᠢᠷᠢ ᠪᠠᠷ ᠢᠶᠠᠨ ᠬᠢᠵᠦ᠂ ᠦᠨᠳᠦᠰᠦᠨ ᠵᠦᠢᠯ ᠢ ᠪᠠᠲᠤᠯᠠᠬᠤ︾ ᠵᠠᠷᠴᠢᠮ ᠢ ᠪᠠᠷᠢᠮᠲᠠᠯᠠᠨ᠂ ᠲᠠᠩᠰᠠ ᠪᠠᠶᠢᠭᠤᠯᠤᠨ ᠺᠠᠷᠲ ᠠᠪᠤᠭᠰᠠᠨ ᠡᠷᠦᠬᠡ ᠶᠢᠨ ᠬᠥᠮᠥᠨ ᠨᠢᠭᠡᠪᠦᠷᠢ ᠳᠤ 25 ᠲᠡᠭᠰᠢ ᠳᠥᠷᠪᠡᠯᠵᠢᠨ  ᠮᠧᠲᠷ ᠠᠴᠠ ᠬᠡᠲᠦᠷᠡᠭᠦᠯᠬᠦ ᠦᠭᠡᠢ ᠭᠡᠵᠦ ᠲᠤᠲᠤᠷᠬᠠᠢ ᠳᠤᠷᠠᠳᠴᠠᠢ᠂ ᠡᠨᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠨᠡᠶᠢᠭᠡᠮ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠭᠦᠢᠴᠡᠳᠬᠡᠬᠦ ᠲᠣᠭᠠᠨ ᠤ ᠰᠢᠰᠲ᠋ᠧᠮᠵᠢ ᠳᠠᠬᠢ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠣᠷᠣᠨ ᠰᠠᠭᠤᠴᠠ ᠶᠢᠨ ᠪᠠᠷᠢᠮᠵᠢᠶ᠎ᠠ ᠳᠤ ᠬᠦᠷᠦᠭᠦᠯᠬᠦ ᠲᠠᠯᠠᠪᠠᠶ ᠪᠠᠷ ᠯᠠᠪᠯᠠᠯᠲᠠ ᠪᠣᠯᠭᠠᠭᠰᠠᠨ ᠮᠥᠷᠲᠡᠭᠡᠨ ᠶᠠᠳᠠᠭᠤ ᠬᠦᠴᠢᠷᠳᠡᠯ ᠲᠠᠢ ᠡᠷᠦᠬᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ ᠪᠠᠶᠢᠨ᠎ᠠ᠂ ᠣᠳᠣᠬᠠᠨ ᠳᠤ ᠠᠪᠴᠤ ᠦᠵᠡᠪᠡᠯ ᠵᠦᠢ ᠵᠣᠬᠢᠰᠲᠠᠶ ᠬᠡᠷᠡᠭᠵᠢᠭᠦᠯᠦᠭᠦᠰᠢᠲᠡᠢ ᠪᠠᠶᠢᠨ᠎ᠠ᠃      ᠳᠡᠳ᠋ ᠶᠡᠷᠦᠩᠬᠡᠶ ᠰᠠᠶᠢᠳ ᠸᠠᠩ ᠶᠠᠩ ᠪᠦᠬᠦ ᠤᠯᠤᠰ ᠤᠨ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠳᠡᠭᠡᠷ᠎ᠡ ᠲᠣᠳᠣᠷᠬᠠᠶ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠶᠢ ᠰᠢᠢᠳᠪᠦᠷᠢᠯᠡᠬᠦ ᠣᠷᠣᠨ ᠰᠠᠭᠤᠴᠠ ᠶᠢᠨ ᠲᠠᠯ᠎ᠠ ᠪᠠᠷ ᠬᠠᠰᠢᠯᠠ ᠦᠨᠳᠦᠰᠦ ᠶᠢ ᠪᠠᠲᠤᠯᠠᠬᠤ ᠶᠢ ᠭᠤᠣᠯ ᠪᠣᠳᠤᠯᠬᠢᠯᠠᠬᠤ ᠬᠡᠷᠡᠭᠲᠡᠢ᠂ ᠲᠠᠯᠠᠪᠠᠶ ᠶᠢ ᠳᠡᠩᠳᠡᠭᠦᠦ ᠶᠡᠭᠡ ᠪᠠᠶᠢᠯᠭᠠᠵᠤ ᠪᠣᠯᠬᠤ ᠦᠭᠡᠢ᠂ ᠪᠠᠷᠢᠮᠵᠢᠶ᠎ᠠ ᠶᠢ ᠬᠡᠲᠦᠷᠬᠡᠢ ᠦᠨᠳᠦᠷ ᠪᠠᠶᠢᠯᠭᠠᠵᠤ ᠪᠣᠯᠬᠤ ᠦᠭᠡᠢ ᠭᠡᠵᠡᠢ᠃ 2 ᠳ᠋ᠤᠭᠠᠷ ᠰᠠᠷ᠎ᠠ ᠶᠢᠨ 26 ᠤ ᠡᠳᠦᠷ᠂ ᠳᠡᠳ᠋ ᠶᠡᠷᠦᠩᠬᠡᠶ ᠰᠠᠶᠢᠳ ᠸᠠᠩ ᠶᠠᠩ ᠬᠤᠪᠸᠢ ᠮᠤᠵᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠳᠠᠬᠢᠨᠲᠠ ᠴᠢᠬᠤᠯᠠᠴᠢᠯᠠᠭᠰᠠᠨ ᠨᠢ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠳᠤ ᠡᠷᠬᠡᠪᠰᠢ ᠴᠢᠳᠠᠯ ᠤᠨ ᠢᠶᠠᠨ ᠬᠢᠷᠢ ᠪᠠᠷ ᠢᠶᠠᠨ ᠬᠢᠵᠦ᠂ ᠪᠠᠷᠢᠮᠵᠢᠶ᠎ᠠ ᠶᠢ ᠵᠦᠢ ᠵᠣᠬᠢᠰᠲᠠᠶ  ᠲᠣᠭᠲᠠᠭᠠᠬᠤ ᠬᠡᠷᠡᠭᠲᠡᠢ᠂ ᠬᠡᠲᠦᠷᠡᠵᠦ ᠪᠣᠯᠬᠤ ᠦᠭᠡᠢ᠂ ᠶᠠᠳᠠᠭᠤ ᠠᠴᠠ ᠠᠩᠭᠢᠵᠢᠷᠠᠭᠤᠯᠬᠤ ᠪᠠ ᠪᠠᠶᠠᠵᠢᠭᠤᠯᠬᠤ ᠶᠢ ᠲᠡᠩᠴᠡᠭᠦᠷᠢ ᠲᠠᠢ ᠪᠠᠶᠢᠯᠭᠠᠬᠤ ᠬᠡᠷᠡᠭᠲᠡᠢ᠂ ᠣᠳᠣᠬᠠᠨ ᠳᠤ ᠵᠠᠰᠠᠭ ᠤᠨ ᠣᠷᠳᠣᠨ ᠠᠴᠠ ᠬᠠᠪᠰᠤᠷᠤᠨ ᠪᠠᠶᠢᠭᠤᠯᠵᠤ ᠪᠠᠶᠢᠭ᠎ᠠ ᠨᠢ ᠶᠠᠳᠠᠭᠤ ᠶᠢ ᠲᠡᠳᠬᠦᠬᠦ ᠣᠷᠣᠨ ᠰᠠᠭᠤᠴᠠ᠂ ᠦᠨᠳᠦᠰᠦ ᠶᠢ ᠪᠠᠲᠤᠯᠠᠬᠤ ᠠᠮᠤᠷ ᠲᠦᠪᠰᠢᠨ ᠣᠷᠣᠨ ᠰᠠᠭᠤᠴᠠ ᠪᠣᠯᠣᠨ᠎ᠠ᠂ ᠬᠠᠷᠢᠨ ᠪᠠᠶᠠᠵᠢᠭᠤᠯᠬᠤ ᠣᠷᠣᠨ ᠰᠠᠭᠤᠴᠠ ᠪᠢᠰᠢ ᠶᠤᠮ ᠭᠡᠵᠡᠢ᠃ ᠳᠡᠳ᠋ ᠶᠡᠷᠦᠩᠬᠡᠶ ᠰᠠᠶᠢᠳ ᠸᠠᠩ ᠶᠠᠩ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ 2 ᠳ᠋ᠤᠭᠠᠷ ᠰᠠᠷ᠎ᠠ ᠶᠢᠨ 29 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠭᠡᠷ ᠬᠠᠮᠲᠤᠷᠠᠨ ︽ᠣᠨᠳᠣᠣ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ᠲᠠᠯᠠᠪᠠᠢ ᠶᠢ ᠴᠢᠩᠭ᠎ᠠ ᠬᠢᠵᠠᠭᠠᠷᠯᠠᠵᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ︵2016︶ 429 ᠳ᠋ᠦ᠋ᠭᠡᠷ ᠲᠣᠭᠠᠲᠤ︶ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠠᠬᠢᠨᠲᠠ ᠲᠣᠲᠤᠷᠬᠠᠶᠢᠯᠠᠨ ᠴᠢᠬᠤᠯᠠᠴᠢᠯᠠᠭᠰᠠᠨ ᠪᠠᠶᠢᠨ᠎ᠠ᠃ ᠴᠢᠬᠤᠯᠠᠴᠢᠯᠠᠭᠤᠰᠢᠲᠠᠶ ᠨᠢ᠂ ᠬᠥᠮᠦᠨ ᠨᠢᠭᠡᠪᠦᠷᠢ ᠳᠤ 25 ᠲᠡᠭᠰᠢ ᠳᠥᠷᠪᠡᠯᠵᠢᠨ ᠮᠧᠲᠷ ᠭᠡᠳᠡᠭ ᠨᠢ ᠳᠠᠷᠤᠢ ︽ᠦᠨᠳᠦᠰᠦ ᠶᠢ ᠪᠠᠲᠤᠯᠠᠬᠤ︾  ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠮᠦᠨ ᠪᠦᠭᠡᠳ ᠪᠠᠰᠠᠴᠤ ᠬᠠᠮᠤᠭ ᠥᠨᠳᠥᠷ ᠬᠢᠵᠠᠭᠠᠷᠯᠠᠬᠤ ᠪᠠᠷᠢᠮᠵᠢᠶ᠎ᠠ ᠪᠣᠯᠣᠨ᠎ᠠ᠂ ᠬᠥᠳᠡᠭᠡ ᠲᠣᠰᠬᠤᠨ ᠤ ᠳᠠᠩᠰᠠ ᠪᠠᠶᠢᠭᠤᠯᠤᠨ ᠺᠠᠷᠲ ᠬᠢᠯᠭᠡᠭᠰᠡᠨ ᠶᠠᠳᠠᠭᠤ ᠬᠦᠴᠢᠷᠳᠡᠯ ᠲᠠᠢ ᠨᠡᠭᠦᠳᠡᠯ ᠤᠨ ᠡᠷᠦᠬᠡ ᠳᠤ ᠴᠢᠭᠯᠡᠭᠦᠯᠦᠭᠰᠡᠨ ᠶᠤᠮ᠃ ᠪᠣᠳᠠᠲᠠᠶ ᠬᠡᠷᠡᠭᠵᠢᠭᠦᠯᠬᠦ ᠳᠡᠭᠡᠨ ᠪᠥᠳᠥᠭᠡᠨ ᠪᠠᠶᠢᠭᠤᠯᠤᠯᠲᠠ ᠶᠢᠨ ᠲᠠᠯᠠᠪᠠᠢ ᠶᠢ ᠬᠡᠯᠪᠡᠷᠢ ᠶᠢ ᠨᠢ ᠥᠭᠡᠷᠡᠲᠡᠭᠦᠯᠦᠨ ᠥᠷᠭᠡᠳᠬᠡᠵᠦ ᠪᠣᠯᠬᠤ ᠦᠭᠡᠢ ᠪᠦᠭᠡᠳ ᠪᠠᠰᠠ ᠪᠣᠳᠠᠲᠤ ᠪᠠᠶᠢᠳᠠᠯ ᠠᠴᠠ ᠰᠠᠯᠤᠩᠭᠢᠷᠠᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠣᠯᠬᠤ ᠦᠭᠡᠢ᠂ ᠨᠡᠭᠦᠯᠭᠡᠭᠰᠡᠨ ᠠᠴᠠ ᠪᠣᠯᠵᠤ ᠥᠷᠢ ᠳᠤ ᠣᠨᠠᠵᠤ᠂ ᠨᠡᠭᠦᠯᠭᠡᠭᠰᠡᠨ ᠠᠴᠠ ᠪᠣᠯᠵᠤ ᠶᠠᠳᠠᠭᠤ ᠠᠴᠠ ᠠᠩᠭᠢᠵᠢᠷᠠᠭᠤᠯᠬᠤ ᠳᠡᠶᠢᠯᠬᠦ ᠦᠭᠡᠢ ᠪᠣᠯᠬᠤ ᠶᠢ ᠰᠡᠷᠭᠡᠶᠢᠯᠡᠬᠦ ᠬᠡᠷᠡᠭᠲᠡᠢ᠃ ᠨᠢᠭᠡ ᠡᠷᠦᠭᠡ ᠳᠤ ᠨᠢᠭᠡ ᠯᠡ ᠣᠷᠣᠨ ᠰᠠᠭᠤᠴᠠ ᠣᠯᠭᠤᠬᠤ ᠬᠡᠯᠪᠡᠷᠢ ᠪᠠᠷ ᠲᠥᠪᠬᠢᠨᠡᠭᠦᠯᠬᠦ ᠳᠤ᠂ ᠬᠤᠪᠢᠶᠠᠷᠢᠯᠠᠭᠰᠠᠨ ᠣᠷᠣᠨ ᠰᠠᠭᠤᠴᠠ ᠶᠢᠨ ᠭᠠᠵᠠᠷ ᠲᠤ ᠥᠷᠭᠦᠯᠵᠢᠯᠡᠨ ᠪᠠᠶᠢᠭᠤᠯᠵᠤ ᠪᠣᠯᠬᠤ ᠣᠷᠣᠨ ᠵᠠᠢ ᠶᠢ ᠤᠷᠢᠳᠴᠢᠯᠠᠨ ᠦᠯᠡᠳᠡᠭᠡᠬᠦ ᠵᠡᠷᠭᠡ ᠠᠷᠭ᠎ᠠ ᠶᠢ ᠠᠪᠴᠤ᠂ ᠨᠡᠭᠦᠭᠰᠡᠳ ᠢᠶᠠᠷ ᠬᠤᠶᠢᠰᠢᠳᠠ ᠥᠪᠡᠷ ᠤᠨ ᠠᠵᠤ ᠠᠬᠤᠶ ᠶᠢᠨ ᠨᠥᠬᠦᠴᠡᠯ ᠰᠠᠶᠢᠵᠢᠷᠠᠭᠰᠠᠨ ᠪᠠᠶᠢᠳᠠᠯ ᠪᠣᠯᠣᠨ ᠪᠣᠳᠠᠲᠠᠶ ᠴᠢᠳᠠᠪᠤᠷᠢ ᠪᠠᠨ ᠦᠨᠳᠦᠰᠦᠯᠡᠨ ᠥᠷᠭᠡᠳᠬᠡᠨ ᠪᠠᠶᠢᠭᠤᠯᠬᠤ ᠡᠰᠡᠬᠦ ᠪᠠᠨ ᠥᠪᠡᠷᠲᠡᠭᠡᠨ ᠡᠵᠡᠨ ᠮᠡᠳᠡᠵᠤ ᠲᠣᠭᠲᠠᠭᠠᠵᠤ ᠪᠣᠯᠤᠨ᠎ᠠ᠃      ᠵᠢᠱᠢᠶᠡᠯᠡᠪᠡᠯ᠂ ᠵᠠᠷᠢᠮ ᠭᠠᠵᠠᠷ ︽ᠦᠨᠳᠦᠰᠦ ᠶᠢ ᠪᠠᠲᠤᠯᠠᠬᠤ︾ ᠵᠠᠷᠴᠢᠮ ᠢᠶᠠᠷ᠂ ᠨᠡᠭᠦᠬᠦ ᠡᠷᠦᠬᠡ ᠶᠢ ᠵᠢᠭᠡᠯᠡᠯᠭᠡ ᠠᠪᠤᠭᠤᠯᠬᠤ ᠦᠭᠡᠢ ᠪᠠᠶᠢᠬᠤ ᠶᠢ ᠪᠠᠲᠤᠯᠠᠭᠰᠠᠨ ᠤᠷᠢᠲᠠᠯ ᠳᠣᠣᠷ᠎ᠠ ᠳᠥᠷᠪᠡᠨ ᠳᠠᠪᠬᠤᠷᠭ᠎ᠠ ᠶᠢᠨ ᠰᠠᠭᠤᠷᠢ ᠲᠠᠯᠪᠢᠭᠠᠳ᠂ ᠣᠳᠣᠬᠠᠨ ᠳᠤ ᠵᠥᠪᠬᠡᠨ ᠰᠢᠭᠤᠳ ᠣᠷᠣᠵᠤ ᠰᠠᠭᠤᠬᠤ ᠨᠢᠭᠡᠨ ᠳᠠᠪᠬᠤᠷᠯᠢᠭ ᠬᠠᠭᠠᠰ ᠵᠠᠰᠠᠵᠤ ᠴᠢᠮᠡᠭᠰᠡᠨ ᠭᠡᠷ ᠪᠠᠷᠢᠬᠤ ᠶᠢ ᠵᠥᠪᠰᠢᠶᠡᠷᠡᠵᠦ᠂ ᠨᠡᠭᠦᠭᠰᠡᠳ ᠤᠨ ᠠᠵᠤ ᠠᠬᠤᠶ ᠶᠢᠨ ᠨᠥᠬᠦᠴᠡᠯ ᠰᠠᠶᠢᠵᠢᠷᠠᠭᠰᠠᠨ ᠤ ᠳᠠᠷᠠᠭ᠎ᠠ᠂ ᠨᠢᠭᠡᠨᠲᠡ ᠪᠠᠷᠢᠭᠰᠠᠨ ᠨᠢᠭᠡᠨ ᠳᠠᠪᠬᠤᠷᠯᠢᠭ ᠭᠡᠷ  ᠤᠨ ᠰᠠᠭᠤᠷᠢᠨ ᠳᠡᠭᠡᠷ᠎ᠡ ᠪᠠᠰᠠ ᠥᠷᠭᠦᠯᠵᠢᠯᠡᠨ ᠳᠠᠪᠬᠤᠷ ᠨᠡᠮᠡᠨ ᠪᠠᠷᠢᠬᠤ ᠡᠰᠡᠬᠦ ᠶᠢ ᠥᠪᠡᠰᠦᠪᠡᠨ ᠡᠵᠡᠨ ᠮᠡᠳᠡᠵᠤ ᠲᠣᠭᠲᠠᠭᠠᠬᠤ ᠪᠠᠷ ᠪᠠᠶᠢᠨ᠎ᠠ᠂ ᠤᠴᠢᠷ ᠨᠢ ᠳᠠᠪᠬᠤᠷ ᠨᠡᠮᠡᠨ ᠥᠷᠭᠡᠳᠬᠡᠨ ᠪᠠᠶᠢᠭᠤᠯᠬᠤ ᠠᠴᠠ ᠪᠤᠯᠵᠤ ᠵᠢᠭᠡᠯᠡᠯᠭᠡ ᠠᠪᠴᠤ ᠶᠠᠳᠠᠭᠤᠷᠠᠬᠤ ᠠᠴᠠ ᠵᠠᠶᠢᠯᠠᠰᠬᠢᠬᠦ ᠪᠠᠷ ᠤᠷᠢᠳᠠᠯ ᠪᠣᠯᠭᠠᠵᠠᠢ᠃ ᠡᠨᠡᠬᠦ ᠠᠷᠭ᠎ᠠ ᠨᠢ ᠮᠠᠰᠢ ᠶᠡᠭᠡ ᠲᠣᠯᠢᠳᠠᠨ ᠯᠠᠪᠯᠠᠭᠤᠰᠢᠲᠠᠢ ᠪᠠᠶᠢᠨ᠎ᠠ᠃ ᠵᠡᠷᠭᠡ ᠳᠡᠭᠡᠨ ᠨᠡᠭᠦᠭᠰᠡᠨ ᠬᠥᠮᠦᠨ ᠠᠮᠠ ᠶᠢ ᠲᠥᠪᠬᠢᠨᠡᠭᠦᠯᠬᠦ ᠣᠷᠣᠨ ᠰᠠᠭᠤᠴᠠ ᠪᠠᠶᠢᠭᠤᠯᠬᠤ ᠲᠠᠯ᠎ᠠ ᠪᠠᠷ᠂ ᠪᠣᠳᠠᠲᠠᠶ ᠪᠠᠶᠢᠳᠠᠯ ᠢ ᠢᠯᠭᠠᠵᠤ᠂ ᠡᠷᠦᠬᠡ ᠶᠢᠨ ᠪᠠᠶᠢᠳᠠᠯ ᠢ ᠦᠨᠳᠦᠰᠦᠯᠡᠨ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠬᠠᠮᠢᠶ᠎ᠠ ᠪᠥᠬᠦᠢ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠨᠡᠭᠦᠯᠭᠡᠬᠦ ᠡᠷᠦᠬᠡ ᠲᠠᠢ ᠠᠳᠠᠯᠢ ᠦᠭᠡᠢ ᠪᠠᠶᠢᠯᠭᠠᠬᠤ ᠪᠣᠯᠣᠨ᠎ᠠ᠃ ᠠᠶᠢᠮᠠᠭ ᠬᠤᠲᠠ ᠨᠤᠭᠤᠳ ︽13 · 5︾ ᠶᠢᠨ ᠬᠤᠭᠤᠴᠠᠭᠠᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠲᠣᠭᠲᠠᠭᠠᠬᠤ ᠪᠠ ᠬᠠᠮᠢᠶ᠎ᠠ ᠪᠦᠬᠦᠢ ᠲᠥᠬᠦᠷᠴᠢᠯᠡᠭᠰᠡᠨ ᠳᠦᠷᠦ ᠶᠢᠨ ᠪᠤᠳᠤᠯᠭ᠎ᠠ ᠶᠢ ᠨᠡᠶᠢᠲᠡᠯᠡᠬᠦ ᠳᠡᠭᠡᠨ ᠲᠠᠩᠰᠠ ᠡᠪᠬᠡᠮᠡᠯ ᠪᠠᠶᠢᠭᠤᠯᠤᠨ ᠺᠠᠷᠲ ᠬᠢᠯᠭᠡᠭᠰᠡᠨ ᠨᠡᠭᠦᠯᠭᠡᠬᠦ ᠡᠷᠦᠭᠡ ᠶᠢ ᠲᠥᠪᠬᠢᠨᠡᠭᠦᠯᠬᠦ ᠣᠷᠣᠨ ᠰᠠᠭᠤᠴᠠ ᠶᠢᠨ ᠪᠥᠳᠥᠭᠡᠨ ᠪᠠᠶᠢᠭᠤᠯᠤᠯᠲᠠ ᠶᠢᠨ ︽ᠦᠨᠳᠦᠰᠦ ᠶᠢ ᠪᠠᠲᠤᠯᠠᠵᠤ᠂ ᠠᠮᠤᠷ ᠲᠥᠪᠰᠢᠨ ᠬᠡᠷᠡᠭᠯᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠲᠤᠰ ᠣᠷᠣᠨ ᠨᠤᠲᠤᠭ ᠤᠨ ᠢᠶᠠᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ︽13 · 5︾ ᠶᠢᠨ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ᠂ ᠣᠨ ᠤ ᠲᠥᠯᠥᠪᠯᠡᠭᠡ ᠵᠢᠴᠢ ᠲᠤᠰ ᠣᠷᠣᠨ ᠨᠤᠲᠤᠭ ᠤᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠵᠢ ᠪᠦᠷᠢᠳᠦᠭᠦᠯᠦᠭᠰᠡᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠠᠭᠠᠨ ᠴᠦᠮ ᠡᠨᠡᠬᠦ ᠣᠷᠣᠨ ᠰᠠᠭᠤᠴᠠ ᠶᠢᠨ ᠲᠠᠯᠠᠪᠠᠢ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠲᠥᠪᠬᠢᠨᠡᠭᠦᠯᠬᠦ ᠣᠷᠣᠨ ᠤ ᠪᠥᠳᠥᠭᠡᠨ ᠪᠠᠶᠢᠭᠤᠯᠤᠯᠲᠠ ᠶᠢᠨ ᠲᠥᠰᠥᠯ ᠤᠨ ᠬᠢᠵᠠᠭᠠᠷᠯᠠᠬᠤ ᠬᠦᠴᠦᠨ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠢᠯᠠᠩᠭᠤᠶ᠎ᠠ 2016 ᠣᠨ ᠳᠤ ᠨᠢᠭᠡᠨᠲᠡ ᠠᠵᠢᠯ ᠢᠶᠠᠨ ᠡᠬᠢᠯᠡᠭᠦᠯᠦᠨ ᠪᠦᠳᠦᠭᠡᠨ ᠪᠠᠶᠢᠭᠤᠯᠤᠭᠰᠠᠨ ᠪᠠᠷᠢᠮᠵᠢᠶ᠎ᠠ ᠠᠴᠠ ᠬᠡᠲᠦᠷᠡᠭᠰᠡᠨ ᠣᠷᠣᠨ ᠰᠠᠭᠤᠴᠠ ᠳᠤ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠥᠲᠥᠯᠥᠭᠴᠢ᠄      ᠸᠧᠨ ᠡᠷᠬᠢᠯᠡᠭᠴᠢ ᠡ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠳᠡᠳᠬᠦᠵᠦ ᠭᠡᠷ ᠪᠠᠷᠢᠬᠤ ᠨᠥᠬᠦᠪᠥᠷᠢ ᠳᠤ ᠶᠠᠮᠠᠷ ᠪᠠᠷᠢᠮᠵᠢᠶ᠎ᠠ ᠪᠠᠶᠢᠬᠤ ᠪᠤᠢ︖      ᠸᠧᠨ ᠮᠢᠨ᠄      ᠨᠢᠭᠡ ᠳᠤ ᠵᠦᠷᠢᠶᠡᠲᠡᠢ ᠪᠠᠶᠢᠯᠭᠠᠬᠤ ᠵᠠᠷᠴᠢᠮ ᠶᠣᠰᠣᠭᠠᠷ ᠲᠥᠪ ᠤᠨ ᠲᠥᠰᠦᠪ ᠤᠨ ᠳᠣᠲᠣᠷᠠᠬᠢ ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠦᠨ᠎ᠡ᠃ 2001 ᠣᠨ ᠳᠤ ᠤᠯᠤᠰ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠷᠰᠢᠯᠲᠠ ᠬᠢᠭᠰᠡᠨ ᠠᠴᠠ ᠨᠠᠰᠢ᠂ ᠡᠯ᠎ᠡ ᠭᠠᠵᠠᠷ ᠤᠨ ᠰᠠᠨᠠᠯ ᠲᠤᠰᠬᠠᠯ ᠨᠡᠯᠢᠶᠡᠳ ᠶᠡᠭᠡ ᠪᠠᠶᠢᠬᠤ ᠠᠰᠠᠭᠤᠳᠠᠯ ᠪᠣᠯ ᠳᠠᠷᠤᠶ ᠨᠥᠬᠦᠪᠥᠷᠢ ᠶᠢᠨ ᠪᠠᠷᠢᠮᠵᠢᠶ᠎ᠠ ᠠᠷᠠᠢ ᠳᠣᠣᠷ᠎ᠠ᠂ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠨᠡᠭᠦᠬᠦ ᠳᠤ ᠬᠦᠴᠢᠷᠲᠡᠢ ᠪᠠᠶᠢᠬᠤ ᠪᠣᠯᠣᠨ᠎ᠠ᠃ ᠡᠭᠦᠨ ᠠᠴᠠ ᠭᠠᠳᠠᠨ᠎ᠠ᠂ ᠥᠩᠭᠡᠷᠡᠭᠰᠡᠨ ᠳᠤ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠴᠥᠮ ᠠᠳᠠᠯᠢᠬᠠᠨ ᠨᠥᠬᠦᠪᠥᠷᠢ ᠶᠢᠨ ᠪᠠᠷᠢᠮᠵᠢᠶ᠎ᠠ ᠬᠡᠷᠡᠭᠯᠡᠵᠦ᠂ ᠣᠷᠣᠨ ᠨᠤᠲᠤᠭ ᠤᠨ ᠡᠳ᠋ ᠤᠨ ᠬᠦᠴᠦᠨ ᠨᠢ ᠬᠦᠴᠢᠷᠳᠡᠯᠲᠡᠶ ᠭᠠᠵᠠᠷ ᠣᠷᠣᠨ ᠢ ᠭᠤᠣᠯᠳᠠᠯᠭ᠎ᠠ ᠲᠠᠢ ᠳᠡᠮᠵᠢᠬᠦ ᠶᠢ ᠲᠤᠰᠬᠠᠵᠤ ᠴᠢᠳᠠᠭᠰᠠᠨ ᠦᠭᠡᠢ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ︽ᠲᠥᠰᠦᠯ︾ ᠳᠤ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠬᠦ ᠶᠢᠨ ᠬᠠᠮᠲᠤ ᠣᠷᠣᠨ ᠬᠤᠪᠢᠶᠠᠷᠢᠯᠠᠯ ᠳᠤ ᠵᠦᠷᠢᠶ᠎ᠡ ᠲᠠᠢ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ ᠭᠡᠵᠦ ᠲᠣᠳᠣᠷᠬᠠᠢ ᠳᠤᠷᠠᠳᠪᠠ᠃ ᠡᠭᠦᠨ ᠤ ᠲᠤᠰᠠᠲᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠡᠯ᠎ᠡ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ᠂ ᠲᠥᠪᠬᠢᠨᠡᠭᠦᠯᠬᠦ ᠡᠬᠢ ᠪᠠᠶᠠᠯᠢᠭ᠂ ᠬᠥᠭᠵᠢᠯᠲᠡ ᠶᠢᠨ ᠰᠠᠭᠤᠷᠢ᠂ ᠪᠥᠲᠦᠭᠡᠨ ᠪᠠᠶᠢᠭᠤᠯᠬᠤ ᠥᠪᠡᠷ ᠤᠨ ᠥᠷᠳᠡᠭ ᠵᠡᠷᠭᠡ ᠪᠠᠶᠢᠳᠠᠯ ᠢ ᠪᠣᠳᠣᠯᠬᠢᠯᠠᠭᠰᠠᠨ ᠰᠠᠭᠤᠷᠢᠨ ᠳᠡᠭᠡᠷ᠎ᠡ᠂ ︽13 · 5︾ ᠶᠢᠨ ᠬᠤᠭᠤᠴᠠᠭᠠᠨ ᠳᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠵᠡᠭᠦᠨ ᠬᠡᠰᠡᠭ ᠳᠤᠮᠳᠠ ᠬᠡᠰᠡᠭ ᠤᠨ ᠭᠠᠵᠠᠷ ᠣᠷᠣᠨ᠂ ᠪᠠᠷᠠᠭᠤᠨ ᠬᠡᠰᠡᠭ ᠤᠨ ᠭᠠᠵᠠᠷ ᠣᠷᠣᠨ ᠵᠢᠴᠢ ᠰᠢᠨᠵᠢᠶᠠᠩ᠂ ᠲᠥᠪᠡᠳ ᠪᠣᠯᠣᠨ ᠲᠦᠷᠪᠡᠨ ᠮᠤᠵᠢ ᠳᠠᠬᠢ ᠲᠥᠪᠡᠳ ᠣᠷᠣᠨ ᠭᠡᠵᠦ ᠭᠤᠷᠪᠠᠨ ᠳᠡᠰ ᠬᠤᠪᠢᠶᠠᠵᠤ᠂ ᠲᠥᠪᠬᠢᠨᠡᠭᠦᠯᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠳᠤ ᠵᠦᠷᠢᠶᠡᠴᠢᠯᠡᠭᠰᠡᠨ ᠳᠡᠮᠵᠢᠯᠭᠡ ᠦᠵᠡᠭᠦᠯᠬᠦ ᠶᠢ ᠬᠠᠷᠠᠭᠤᠯᠪᠠ᠃ ᠡᠭᠦᠨ ᠳᠤ᠂ ᠡᠾᠧᠪᠸᠢ᠂ ᠱᠠᠨ ᠰᠢ᠂ ᠭᠢᠷᠢᠨ᠂ ᠠᠨᠾᠦ᠋ᠢ᠂ ᠹᠦᠵᠢᠶᠠᠨ᠂ ᠵᠢᠶᠠᠩᠰᠢ᠂ ᠱᠠᠨᠳᠦ᠋ᠩ᠂ ᠾᠧᠨᠠᠨ᠂ ᠬᠤᠪᠧᠶ᠂ ᠬᠤᠨᠠᠨ ᠵᠡᠷᠭᠡ ᠵᠡᠭᠦᠨ ᠳᠤᠮᠳᠠ ᠬᠡᠰᠡᠭ ᠤᠨ 10 ᠮᠤᠵᠢ ᠪᠣᠯ ᠬᠥᠮᠦᠨ ᠪᠦᠷᠢ ᠳᠤᠮᠳᠠᠴᠢ ᠪᠠᠷ 7000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ︔ ᠥᠪᠥᠷ ᠮᠣᠩᠭᠤᠯ᠂ ᠭᠤᠸᠠᠩᠰᠢ᠂ ᠴᠦᠩᠴᠢᠩ᠂ ᠭᠦᠢᠵᠧᠦ᠂ ᠱᠠᠨᠰᠢ᠂ ᠨᠢᠩᠰᠢᠶᠠ ᠵᠡᠷᠭᠡ ᠪᠠᠷᠠᠭᠤᠨ ᠬᠡᠰᠡᠭ ᠤᠨ 6 ᠮᠤᠵᠢ ᠪᠣᠯᠣᠨ ᠰᠧᠴᠤᠸᠠᠨ᠂ ᠶᠦᠨᠨᠠᠨ᠂ ᠭᠠᠨᠰᠦ 3 ᠮᠤᠵᠢ ᠶᠢᠨ ᠲᠥᠪᠡᠳ ᠤᠨ ᠪᠤᠰᠤ ᠣᠷᠣᠨ ᠪᠣᠯ ᠬᠥᠮᠦᠨ ᠪᠦᠷᠢ ᠳᠤᠮᠳᠠᠴᠢ ᠪᠠᠷ 8000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ︔ ᠰᠢᠨᠵᠢᠶᠠᠩ᠂ ᠲᠥᠪᠡᠳ᠂ ᠬᠥᠬᠡᠨᠠᠭᠤᠷ ᠪᠣᠯᠣᠨ ᠰᠧᠴᠤᠸᠠᠨ᠂ ᠶᠦᠨᠨᠠᠨ᠂ ᠭᠠᠨᠰᠦ 3 ᠮᠤᠵᠢ ᠶᠢᠨ ᠲᠥᠪᠡᠳ ᠣᠷᠣᠨ ᠪᠣᠯ ᠬᠥᠮᠦᠨ ᠪᠦᠷᠢ ᠳᠤᠮᠳᠠᠴᠢ ᠪᠠᠷ 10000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠭᠦᠨ᠎ᠡ᠃      ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠲᠠᠩᠰᠠ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠳᠤᠮᠳᠠᠴᠢ ᠪᠠᠷ 2 ᠲᠦᠮᠡᠨ ᠲᠥᠭᠦᠷᠢᠭ ᠤᠨ ᠭᠡᠷ ᠪᠠᠷᠢᠬᠤ ᠪᠡᠯᠡ ᠮᠥᠩᠭᠦ ᠶᠢᠨ ᠨᠥᠬᠦᠪᠦᠷᠢ ᠥᠭᠬᠦ ᠶᠢ ᠨᠢᠭᠡᠨᠲᠡ ᠲᠣᠳᠣᠷᠬᠠᠶᠢᠯᠠᠪᠠ᠂ ᠡᠭᠦᠨ ᠳᠤ᠄ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢᠨ ᠨᠥᠬᠦᠪᠦᠷᠢ 0.8 ᠲᠥᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠥᠷᠢ 1.2 ᠲᠦᠮᠡᠨ ᠲᠥᠭᠦᠷᠢᠭ ᠪᠣᠯᠣᠨ᠎ᠠ᠃ ᠵᠡᠷᠭᠡᠪᠡᠷ ᠨᠡᠭᠦᠬᠦ ᠬᠥᠮᠦᠨ ᠠᠮᠠ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ ᠲᠤᠰᠬᠠᠶ ᠪᠡᠯᠡ ᠮᠥᠩᠭᠦ ᠲᠣᠬᠢᠷᠠᠭᠤᠯᠤᠨ ᠬᠥᠮᠦᠨ ᠪᠦᠷᠢ ᠳᠤᠮᠳᠠᠴᠢ ᠪᠠᠷ 1 ᠲᠦᠮᠡᠨ ᠲᠥᠭᠦᠷᠢᠭ ᠤᠨ ᠭᠡᠷ ᠪᠠᠷᠢᠬᠤ ᠪᠡᠯᠡ ᠮᠥᠩᠭᠦ ᠶᠢᠨ ᠨᠥᠬᠦᠪᠦᠷᠢ ᠥᠭᠭᠦᠨ᠎ᠡ᠃ ᠠᠶᠢᠮᠠᠭ ᠬᠤᠳᠠ ᠨᠤᠭᠤᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠭᠦᠬᠦ ᠡᠷᠦᠬᠡ ︵ᠵᠡᠷᠭᠡ ᠪᠠᠷ ᠨᠡᠭᠦᠬᠦ ᠬᠥᠮᠦᠨ ᠠᠮᠠ ᠪᠠᠭᠲᠠᠨ᠎ᠠ︶ ᠶᠢᠨ ᠬᠠᠭᠤᠴᠢᠨ ᠬᠡᠷ ᠪᠠᠶᠢᠰᠢᠩ ᠢ ᠨᠤᠷᠠᠭᠠᠵᠤ ᠨᠡᠭᠦᠯᠭᠡᠭᠰᠡᠨ ᠵᠢᠴᠢ ᠣᠷᠣᠨ ᠰᠠᠭᠤᠴᠠ ᠶᠢᠨ ᠭᠠᠵᠠᠷ ᠢ ᠰᠡᠷᠭᠦᠭᠡᠨ ᠬᠠᠭᠠᠯᠪᠣᠷᠢᠯᠠᠭᠰᠠᠨ ᠶᠢ ᠨᠢ ᠵᠣᠬᠢᠰᠲᠠᠶ ᠱᠠᠩᠨᠠᠨ ᠬᠥᠬᠢᠭᠦᠯᠵᠦ ᠪᠣᠯᠤᠨ᠎ᠠ᠂ ᠱᠠᠩᠨᠠᠬᠤ ᠪᠠᠷᠢᠮᠵᠢᠶ᠎ᠠ ᠶᠢ ᠡᠯ᠎ᠡ ᠭᠠᠵᠠᠷ ᠤᠳ ᠥᠪᠡᠷ ᠲᠡᠭᠡᠨ ᠲᠣᠭᠲᠠᠭᠠᠬᠤ ᠬᠡᠷᠡᠭᠲᠡᠶ᠃ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠤᠨ ᠰᠠᠭᠤᠷᠢ ᠪᠡᠯᠡᠳᠬᠡᠮᠵᠢ᠂ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠪᠣᠯᠣᠨ ᠠᠵᠤ ᠦᠢᠯᠡᠰ ᠤᠨ ᠬᠥᠭᠵᠢᠯᠲᠡ ᠶᠢᠨ ᠪᠡᠯᠠ ᠮᠥᠩᠭᠦ᠂ ᠬᠥᠮᠦᠨ ᠪᠦᠷᠢ ᠳᠤᠮᠳᠠᠴᠢ ᠪᠠᠷ 4 ᠲᠦᠮᠡᠨ ᠲᠥᠭᠦᠷᠢᠭ ᠨᠤᠭᠳᠠᠭᠤᠯᠵᠤ᠂ ᠭᠤᠣᠯᠳᠠᠭᠤ ᠲᠤᠰᠬᠠᠶ ᠪᠦᠳᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠵᠢᠴᠢ ᠲᠠᠷᠢᠶᠠᠯᠠᠩ ᠬᠥᠭᠵᠢᠯᠲᠡ ᠶᠢᠨ ᠪᠠᠩᠭᠢ ᠪᠣᠯᠣᠨ ᠤᠯᠤᠰ ᠤᠨ ᠨᠡᠬᠡᠬᠡᠯᠲᠡ ᠶᠢᠨ ᠪᠠᠩᠭᠢ ᠶᠢᠨ ᠤᠷᠳᠤ ᠬᠤᠭᠤᠴᠠᠭᠠᠨ ᠤ ᠳᠣᠣᠷ᠎ᠠ ᠬᠦᠦ ᠮᠥᠡᠭᠭᠦ ᠲᠠᠢ ᠵᠢᠭᠡᠯᠡᠯᠭᠡ ᠶᠢᠨ ᠵᠣᠭᠤᠰ ᠢ ᠠᠰᠢᠭᠯᠠᠨ ᠰᠢᠢᠳᠪᠦᠷᠢᠯᠡᠨ᠎ᠡ᠂ ᠭᠡᠪᠡᠴᠦ ᠬᠥᠮᠦᠨ ᠪᠦᠷᠢ ᠶᠢᠨ ᠳᠤᠮᠳᠠᠴᠢ ᠵᠢᠭᠡᠯᠡᠯᠭᠡ 3.5 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠥᠪᠬᠡᠨ ᠲᠠᠩᠰᠠ ᠪᠠᠶᠢᠭᠤᠯᠤᠨ ᠺᠠᠷᠲ ᠠᠪᠤᠭᠰᠠᠨ ᠨᠡᠬᠦᠬᠦ ᠬᠥᠮᠦᠨ ᠠᠮᠠ ᠶᠢᠨ ᠬᠥᠮᠦᠨ ᠪᠦᠷᠢ ᠳᠤᠮᠳᠠᠴᠢ ᠪᠠᠷ 3.5 ᠲᠦᠮᠡᠨ ᠲᠥᠭᠦᠷᠢᠭ ᠠᠴᠠ ᠥᠯᠥ ᠬᠡᠲᠦᠷᠡᠭᠰᠡᠨ ᠵᠢᠭᠡᠯᠡᠯᠭᠡ ᠶᠢᠨ ᠬᠡᠪᠴᠢᠶᠡᠨ ᠳᠠᠬᠢ ᠪᠣᠳᠠᠲᠠᠶ ᠵᠢᠭᠡᠯᠡᠯᠭᠡ ᠶᠢᠨ ᠲᠤᠭ᠎ᠠ ᠶᠣᠰᠣᠭᠠᠷ ᠬᠦᠦ ᠮᠥᠩᠭᠦ ᠥᠭᠭᠦᠨ᠎ᠡ᠃ ᠡᠯ᠎ᠡ ᠭᠠᠵᠠᠷ ᠤᠳ ᠪᠣᠳᠠᠲᠤ ᠪᠠᠶᠢᠳᠠᠯ ᠠᠴᠠ ᠪᠠᠨ ᠰᠠᠯᠵᠤ ᠰᠣᠬᠤᠷ ᠪᠠᠯᠠᠶ ᠪᠠᠷ ᠤᠷᠳᠦ ᠬᠤᠭᠤᠴᠠᠭᠠᠨ ᠤ ᠵᠢᠭᠡᠯᠡᠯᠭᠡ ᠳᠠᠭᠠᠭᠠᠨ ᠠᠪᠴᠤ ᠪᠣᠯᠬᠤ ᠦᠭᠡᠢ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠨᠤᠭᠤᠳ ᠠᠳᠠᠯᠢ ᠪᠤᠰᠤ ᠨᠡᠭᠦᠯᠭᠡᠬᠦ ᠠᠷᠭ᠎ᠠ ᠮᠠᠶ᠋ᠢᠭ ᠢᠶᠠᠨ ᠦᠨᠳᠦᠰᠦᠯᠡᠨ ᠵᠥᠷᠢᠶᠡᠲᠦ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠠᠪᠴᠤ᠂ ︽ᠠᠷᠪᠠ ᠶᠢ ᠪᠦᠷᠢᠨ ᠪᠦᠷᠭᠦᠭᠦᠯᠬᠦ︾ ᠢᠨᠵᠧᠨᠧᠷᠢᠩ ᠲᠠᠢ ᠤᠶᠠᠯᠳᠤᠭᠤᠯᠬᠤ ᠬᠡᠷᠡᠭᠲᠡᠶ︔ ᠬᠤᠲᠠ ᠪᠠᠯᠭᠠᠰᠤ ᠶᠢᠨ ︽ᠬᠠᠳᠠᠭᠠᠯᠠᠮᠵᠢ ᠶᠢ ᠦᠭᠡᠶᠢᠰᠬᠡᠬᠦ︾ ᠲᠠᠢ ᠤᠶᠠᠯᠳᠤᠭᠤᠯᠬᠤ ᠬᠡᠷᠡᠭᠲᠡᠶ︔ ᠬᠤᠲᠠ ᠪᠠᠯᠭᠠᠰᠤᠨ ᠤ ᠲᠠᠸᠠᠷ ᠤᠨ ᠭᠡᠷ ᠪᠠᠶᠢᠰᠢᠩ ᠤᠨ ︽ᠲᠥᠬᠦᠷᠵᠢᠭᠦᠯᠦᠨ ᠪᠠᠶᠢᠭᠤᠯᠬᠤ ᠳᠦᠷᠢᠮ︾ ᠲᠠᠢ ᠤᠶᠠᠯᠳᠤᠭᠤᠯᠵᠤ᠂ ︽ᠬᠥᠮᠦᠨ ᠤ ᠲᠤᠭ᠎ᠠ ᠪᠠᠷ ᠨᠥᠬᠦᠪᠦᠷᠢᠯᠡᠬᠦ︾ ᠠᠴᠠ ᠪᠢᠰᠢ ︽ᠪᠠᠲᠤᠯᠠᠭᠠᠲᠤ ᠭᠡᠷ ᠪᠠᠶᠢᠰᠢᠩ︾ ᠢᠶᠠᠷ ᠨᠥᠬᠦᠪᠦᠷᠢᠯᠡᠬᠦ ᠦᠭᠡᠢ ᠪᠠᠶᠢᠬᠤ ᠬᠡᠷᠡᠭᠲᠡᠢ︔ ᠭᠤᠣᠯᠳᠠᠯᠭ᠎ᠠ ᠲᠠᠢ ᠲᠣᠰᠬᠤᠨ ᠤ ︽ᠰᠤᠯᠠ ᠭᠡᠷ ᠪᠠᠶᠢᠰᠢᠩ ᠢ ᠴᠥᠬᠡᠳᠬᠡᠬᠦ︾ ᠶᠢ ᠠᠮᠢᠳᠤᠯᠢᠭᠵᠢᠭᠤᠯᠬᠤ ᠲᠠᠢ ᠣᠶᠠᠯᠳᠤᠭᠤᠯᠵᠤ᠂ ᠠᠷᠠᠳ ᠢ ᠨᠡᠭᠦᠯᠭᠡᠬᠦ ᠳᠤ ᠳᠥᠭᠦᠮ ᠦᠵᠡᠭᠦᠯᠵᠦ᠂ ᠥᠪᠡᠷ ᠤᠨ ᠦᠷᠲᠡᠭ ᠢ ᠠᠷᠪᠢᠯᠠᠬᠤ ᠬᠡᠷᠡᠭᠲᠡᠶ᠃ ᠨᠡᠭᠦᠯᠭᠡᠬᠦ ᠳᠤ ᠶᠠᠮᠠᠷ ᠠᠷᠭ᠎ᠠ ᠮᠠᠶ᠋ᠢᠭ ᠢ ᠠᠪᠤᠭᠰᠠᠨ ᠴᠤ᠂ ᠶᠠᠳᠠᠭᠤ ᠬᠦᠴᠢᠷᠳᠡᠯᠲᠡᠶ ᠡᠷᠤᠭᠡ ᠶᠢᠨ ᠨᠡᠭᠦᠬᠦ ᠠᠴᠠ ᠪᠣᠯᠵᠤ ᠰᠢᠨ᠎ᠡ ᠥᠷᠢ ᠥᠭᠴᠡᠭᠡ ᠳᠤ ᠣᠨᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠨᠡᠭᠦᠭᠦ ᠠᠴᠠ ᠪᠣᠯᠵᠤ ᠨᠡᠶᠢᠭᠡᠮ ᠤᠨ ᠰᠢᠨ᠎ᠡ ᠵᠥᠷᠢᠴᠡᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠣᠯ ᠬᠢᠵᠠᠭᠠᠷ ᠱᠣᠭᠤᠮ ᠪᠣᠯᠣᠨ᠎ᠠ᠃ ᠵᠡᠷᠭᠡ ᠪᠠᠷ ᠨᠡᠭᠦᠬᠦ ᠤᠯᠠᠨ ᠲᠦᠮᠡᠨ ᠳᠤ ᠲᠤᠰᠠᠭᠠᠷ ᠲᠥᠪᠬᠢᠨᠡᠭᠦᠯᠬᠦ ᠲᠣᠭᠤᠷᠢᠭ ᠪᠠᠶᠢᠭᠤᠯᠬᠤ ᠦᠭᠡᠢ᠂ ᠲᠠᠩᠰᠠ ᠪᠠᠶᠢᠭᠤᠯᠤᠨ ᠺᠠᠷᠲ ᠠᠪᠤᠭᠰᠠᠨ ᠤᠯᠠᠨ ᠲᠦᠮᠡᠨ ᠲᠠᠢ ᠬᠠᠮᠲᠤ ᠨᠢᠭᠡᠳᠦᠯᠲᠡᠶ ᠲᠦᠪᠬᠢᠨᠡᠭᠦᠯᠵᠦ ᠪᠣᠯᠤᠨ᠎ᠠ᠂ ᠰᠠᠭᠤᠷᠢ ᠪᠡᠯᠡᠳᠬᠡᠮᠵᠢ ᠶᠢ ᠬᠠᠮᠲᠤ ᠪᠠᠷ ᠬᠡᠷᠡᠭᠯᠡᠨ᠎ᠡ᠂ ᠬᠡᠷ ᠪᠠᠶᠢᠰᠢᠩ ᠪᠠᠷᠢᠬᠤ ᠪᠡᠯᠡ ᠮᠥᠩᠭᠦ ᠶᠢᠨ ᠬᠦᠷᠦᠯᠴᠡᠬᠦ ᠦᠭᠡᠢ ᠬᠡᠰᠡᠭ ᠢ ᠨᠢ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠤᠨ ᠣᠷᠳᠣᠨ ᠨᠢ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠪᠣᠯᠣᠨ ᠥᠪᠡᠷᠰᠡᠳ ᠢᠶᠠᠨ ᠪᠡᠯᠡ ᠮᠥᠩᠭᠦ ᠪᠠᠷ ᠢᠶᠠᠨ ᠵᠣᠬᠢᠴᠠᠭᠤᠯᠤᠨ ᠰᠢᠢᠳᠪᠦᠷᠢᠯᠡᠵᠦ ᠪᠣᠯᠣᠨ᠎ᠠ᠃      ᠬᠥᠲᠥᠯᠥᠭᠴᠢ᠄      ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠮᠥᠩᠭᠦ ᠨᠢ ᠴᠥᠮ ᠬᠠᠮᠢᠭ᠎ᠠ ᠠᠴᠠ ᠢᠷᠡᠯᠲᠡ ᠲᠠᠢ ᠪᠤᠢ︖      ᠸᠧᠨ ᠮᠢᠨ᠄      ᠤᠯᠤᠰ ᠠᠴᠠ ︽13.5︾ ᠶᠢᠨ ᠲᠥᠯᠥᠪᠵᠢᠭᠦᠯᠪᠡ ᠶᠢᠨ ᠬᠤᠭᠤᠴᠠᠭᠠᠨ ᠳᠤ ᠲᠠᠩᠰᠠ ᠪᠠᠶᠢᠭᠤᠯᠤᠨ ᠺᠠᠷᠲ ᠠᠪᠤᠭᠰᠠᠨ1000 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠡᠭᠦᠯᠭᠡᠬᠦ ᠡᠭᠦᠷᠭᠡ ᠳᠤ ᠬᠡᠷᠡᠭᠰᠡᠬᠦ ᠪᠡᠯᠡ ᠮᠥᠩᠭᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠶᠡᠭᠡ ᠪᠠᠷ  ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠲᠦᠷᠦ ᠶᠢᠨ ᠪᠤᠳᠤᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ᠂ ᠪᠡᠯᠡ ᠲᠤᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠭᠡᠬᠦ ᠵᠡᠷᠭᠡ ᠠᠷᠭ᠎ᠠ ᠬᠡᠯᠪᠡᠷᠢ ᠪᠠᠷ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠳᠡ ᠣᠨᠣᠪᠴᠢᠲᠠᠶ ᠣᠶᠢᠯᠠᠭᠠᠬᠤ ᠴᠢᠬᠤᠯᠠᠲᠠᠶ ᠨᠢ ᠭᠡᠪᠡᠯ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠣᠯ ᠤᠯᠠᠨ ᠨᠡᠶᠢᠲᠡ ᠶᠢᠨ ᠳᠡᠳ᠋ᠯᠡᠬᠦ ᠡᠳ᠋  ᠮᠥᠨ᠂ ᠲᠥᠪ ᠪᠠ ᠣᠷᠣᠨ ᠨᠤᠲᠤᠭ ᠤᠨ ᠬᠠᠮᠲᠤ ᠶᠢᠨ ᠠᠵᠢᠯ ᠶᠠᠪᠤᠳᠠᠯ ᠤᠨ ᠡᠷᠬᠡ ᠮᠥᠨ᠂ ᠵᠠᠰᠠᠭ ᠤᠨ ᠣᠷᠳᠣᠨ ᠪᠠᠩᠬᠢ ᠠᠴᠠ ᠰᠢᠭᠤᠳ ᠵᠢᠭᠡᠯᠡᠯᠭᠡ ᠠᠪᠴᠤ ᠪᠣᠯᠬᠤ ᠦᠭᠡᠢ᠂ ᠡᠷᠬᠡᠪᠰᠢ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢᠨ ᠵᠢᠭᠡᠯᠡᠯᠭᠡ ᠳᠠᠭᠠᠭᠠᠴᠢᠯᠠᠬᠤ ᠪᠠ ᠵᠢᠭᠡᠯᠡᠯᠭᠡ ᠪᠤᠴᠠᠭᠠᠬᠤ ᠳᠤ ᠲᠦᠰᠢᠭᠯᠡᠨ᠂ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠵᠠᠰᠠᠭ ᠤᠨ ᠣᠷᠳᠣᠨ ᠤ ᠲᠥᠷᠥᠯ ᠵᠦᠢᠯ ᠤᠨ ᠭᠦᠷᠤᠩᠭᠡ ᠮᠥᠩᠭᠦ ᠣᠷᠣᠭᠤᠯᠬᠤ ᠪᠠ ᠲᠥᠷᠥ ᠶᠢᠨ ᠪᠤᠳᠤᠯᠭ᠎ᠠ ᠶᠢᠨ ᠲᠠᠯ᠎ᠠ ᠶᠢᠨ ᠳᠡᠮᠵᠢᠯᠭᠡ ᠪᠠᠷ ᠵᠢᠭᠡᠯᠡᠯᠭᠡ ᠪᠠᠨ ᠪᠤᠴᠠᠭᠠᠳᠠᠭ᠃ ᠲᠦᠷᠦ ᠶᠢᠨ ᠪᠤᠳᠤᠯᠭ᠎ᠠ ᠳᠤ ᠲᠣᠳᠣᠷᠬᠠᠶᠢᠯᠠᠭᠰᠠᠨ ᠪᠡᠯᠡ ᠮᠥᠩᠭᠦ ᠶᠢᠨ ᠠᠷᠭ᠎ᠠ ᠵᠠᠮ ᠨᠢ ᠭᠤᠣᠯᠳᠠᠭᠤ ᠳᠣᠣᠷᠠᠬᠢ ᠮᠡᠲᠦ ᠶᠢᠨ ᠲᠠᠪᠤᠨ ᠲᠠᠯ᠎ᠠ ᠶᠢ ᠪᠠᠭᠲᠠᠭᠠᠳᠠᠭ᠄      ᠨᠢᠭᠡ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠃ ᠶᠡᠷᠦᠩᠬᠡᠶ ᠬᠡᠪᠴᠢᠶ᠎ᠡ ᠨᠢ ᠪᠠᠷᠤᠭ 800 ᠳ᠋ᠦᠩᠰᠢᠭᠤᠷ ᠲᠥᠭᠦᠷᠢᠭ ᠪᠠᠶᠢᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠡᠪᠴᠢᠶᠡᠨ ᠳᠤ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠣᠷᠣᠨ ᠨᠤᠲᠤᠭ ᠲᠤ ᠣᠨ ᠵᠢᠯ ᠢᠶᠠᠷ ᠬᠤᠪᠢᠶᠠᠨ ᠪᠠᠭᠤᠯᠭᠠᠵᠤ᠂ ᠵᠢᠯ ᠤᠨ ᠳᠤᠮᠳᠠᠴᠢ ᠬᠡᠪᠴᠢᠶ᠎ᠡ ᠨᠢ 160 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠲᠠᠩᠰᠠ ᠪᠠᠶᠢᠭᠤᠯᠵᠤ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠥᠪᠬᠢᠨᠡᠭᠦᠯᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠳᠤ ᠬᠡᠷᠡᠭᠡᠯᠳᠡᠭ᠃ ᠲᠡᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠲᠥᠯᠥᠪᠯᠡᠭᠡ ᠳᠡᠭᠡᠨ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠰᠠᠨᠠᠭᠤᠯᠭ᠎ᠠ ᠶᠢᠨ ᠬᠡᠪᠴᠢᠶ᠎ᠡ ᠶᠢ ᠳᠤᠷᠠᠳᠬᠤ ᠶᠢ ᠬᠠᠷᠢᠭᠤᠴᠠᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠤᠨ ᠲᠠᠩᠰᠠ ᠪᠠᠶᠢᠭᠤᠯᠤᠨ ᠺᠠᠷᠲ ᠠᠪᠤᠭᠰᠠᠨ ᠨᠡᠭᠦᠯᠭᠡᠬᠦ ᠬᠥᠮᠦᠨ ᠠᠮᠠ ᠶᠢᠨ ᠣᠨ ᠤ ᠬᠡᠪᠴᠢᠶ᠎ᠡ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠵᠦ ᠲᠡᠩᠴᠡᠭᠦᠷᠢᠲᠡᠶ ᠪᠣᠯᠭᠠᠭᠰᠠᠨ ᠤ ᠳᠠᠷᠠᠭ᠎ᠠ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠡᠯ᠎ᠡ ᠭᠠᠵᠠᠷ ᠲᠤ ᠪᠠᠭᠤᠯᠭᠠᠳᠠᠭ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠨᠢ ᠡᠳ᠋ ᠤᠨ ᠵᠠᠰᠠᠭ ᠤᠨ ᠴᠢᠨᠠᠷᠲᠠᠶ ᠨᠥᠬᠦᠪᠥᠷᠢ ᠪᠡᠯᠡ ᠮᠥᠩᠭᠦ ᠳᠤ ᠬᠠᠷᠢᠶᠠᠯᠠᠭᠳᠠᠨ᠎ᠠ᠂ ᠲᠦᠯᠦᠬᠦ ᠴᠢᠬᠤᠯᠠ ᠦᠭᠡᠢ᠂ ᠡᠷᠭᠢᠯᠳᠦᠭᠦᠯᠦᠨ ᠬᠡᠷᠡᠭᠯᠡᠵᠦ ᠪᠣᠯᠤᠨ᠎ᠠ᠂ ᠭᠡᠪᠡᠴᠦ ᠲᠡᠭᠦᠨ ᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢᠨ ᠲᠥᠷᠥᠯ ᠵᠦᠢᠯ ᠤᠨ ᠬᠥᠷᠥᠩᠭᠡ ᠮᠥᠩᠭᠦ ᠪᠤᠶᠤ ᠡᠵᠡᠩᠨᠡᠯᠲᠡ ᠶᠢᠨ ᠪᠡᠯᠡ ᠮᠥᠩᠭᠦ ᠪᠣᠯᠭᠠᠵᠤ ᠪᠣᠯᠬᠤ ᠦᠭᠡᠢ᠂ ᠮᠥᠨᠴᠦ ᠤᠷᠲᠤ ᠬᠤᠭᠤᠴᠠᠭᠠᠨ ᠤ ᠵᠢᠭᠡᠯᠡᠯᠭᠡ ᠶᠢᠨ ᠪᠤᠴᠠᠭᠠᠬᠤ ᠪᠡᠯᠡ ᠮᠥᠩᠭᠦ ᠪᠣᠯᠭᠠᠵᠤ ᠴᠤ ᠪᠣᠯᠬᠤ ᠦᠭᠡᠢ᠃ 2016 ᠣᠨ ᠳᠤ ᠤᠯᠤᠰ ᠠᠴᠠ ᠮᠠᠨ  ᠤ ᠣᠷᠣᠨ ᠳᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠳᠡᠳᠬᠦᠬᠦ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ 3.2 ᠳ᠋ᠦᠩᠰᠢᠭᠤᠷ ᠲᠥᠭᠦᠷᠢᠭ ᠲᠣᠬᠢᠷᠠᠭᠤᠯᠪᠠ᠂ ᠣᠳᠣᠬᠠᠨ ᠳᠤ᠂ ᠮᠠᠨ ᠤ ᠵᠥᠪᠯᠡᠯ ᠨᠢ ᠪᠡᠯᠡ ᠣᠷᠣᠭᠤᠯᠬᠤ ᠲᠥᠯᠥᠪᠯᠡᠭᠡ ᠶᠢ ᠡᠯ᠎ᠡ ᠠᠶᠢᠮᠠᠭ ᠬᠤᠲᠠ ᠳᠤ ᠨᠢᠭᠡᠨᠲᠡ ᠬᠤᠪᠢᠶᠠᠨ ᠪᠠᠭᠤᠯᠭᠠᠪᠠ᠃      ᠬᠤᠶᠠᠷ ᠲᠤ ᠲᠤᠰᠬᠠᠶ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ᠃ ᠶᠡᠷᠦᠩᠬᠡᠶ ᠬᠡᠪᠴᠢᠶ᠎ᠡ ᠨᠢ 500 ᠳ᠋ᠦᠩᠰᠢᠭᠤᠷ ᠲᠥᠭᠦᠷᠢᠭ ᠪᠣᠯᠣᠨ᠎ᠠ᠂ ᠬᠦᠷᠦᠩᠬᠡ ᠮᠥᠩᠭᠦ ᠶᠢᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠣᠷᠣᠭᠤᠯᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠪᠬᠢᠨᠡᠭᠦᠯᠬᠦ ᠣᠷᠣᠨ ᠰᠠᠭᠤᠴᠠ ᠶᠢ ᠳᠡᠮᠵᠢᠬᠦ᠂ ᠲᠥᠪᠬᠢᠨᠡᠭᠦᠯᠬᠦ ᠣᠷᠣᠨ ᠳᠤ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠪᠥᠳᠥᠭᠡᠨ ᠪᠠᠶᠢᠭᠤᠯᠤᠯᠲᠠ  ᠳᠤ ᠲᠤᠰᠬᠠᠶᠢᠯᠠᠨ ᠬᠡᠷᠡᠭᠯᠡᠳᠡᠭ᠃ ᠰᠠᠭᠤᠷᠢ ᠮᠥᠩᠭᠦᠨ ᠤ ᠦᠨᠳᠦᠰᠦᠨ ᠣᠷᠣᠨ ᠪᠠᠶᠢᠷᠢ ᠪᠣᠯ ᠵᠠᠬ᠎ᠠ ᠳᠡᠯᠭᠡᠭᠦᠷᠴᠢᠯᠡᠬᠦ᠂ ᠬᠤᠷᠢᠶᠠᠨ ᠠᠪᠴᠢᠷᠠᠵᠤ ᠪᠣᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷ ᠲᠠᠢ ᠪᠠᠶᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠪᠣᠯᠣᠨ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠶᠡᠷᠦᠩᠬᠡᠶ ᠬᠡᠮᠵᠢᠶ᠎ᠡ ᠬᠡᠪᠴᠢᠶ᠎ᠡ ᠶᠢ ᠬᠢᠨᠠᠨ ᠲᠣᠭᠲᠠᠭᠠᠵᠤ᠂ ᠤᠯᠤᠰ ᠤᠨ ᠨᠡᠭᠡᠭᠡᠨ ᠬᠥᠭᠵᠢᠭᠦᠯᠬᠦ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ︵ᠳᠣᠷᠣᠭᠰᠢ ᠬᠤᠶᠠᠷ ᠪᠠᠩᠬᠢ ᠭᠡᠵᠦ ᠲᠣᠪᠴᠢᠯᠠᠨ᠎ᠠ︶ ᠠᠴᠠ ᠰᠢᠦᠳᠠᠨ ᠤ ᠬᠠᠳᠠᠭᠠᠯᠠᠮᠵᠢ ᠶᠢᠨ ᠪᠠᠩᠬᠢ ᠳᠤ ᠬᠠᠨᠳᠤᠯᠭ᠎ᠠ ᠲᠠᠢ ᠲᠠᠷᠬᠠᠭᠠᠬᠤ ᠲᠤᠰᠬᠠᠶ  ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠲᠡᠮᠳᠡᠭᠲᠦ ᠴᠤᠭᠯᠠᠭᠤᠯᠤᠨ ᠪᠠᠶᠢᠭᠤᠯᠵᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠦᠦ ᠶᠢᠨ ᠨᠣᠷᠮ᠎ᠠ ᠶᠢ ᠵᠠᠬ᠎ᠠ ᠳᠡᠯᠭᠡᠭᠦᠷᠴᠢᠯᠡᠭᠰᠡᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠬᠦᠦ ᠶᠢᠨ ᠨᠤᠷᠮ᠎ᠠ ᠶᠢᠨ ᠬᠢᠷᠢ ᠬᠡᠮᠵᠢᠶ᠎ᠡ ᠪᠠᠷ ᠲᠣᠭᠲᠠᠭᠠᠵᠤ᠂ ᠲᠥᠪ ᠤᠨ ᠡᠳ᠋ ᠤᠨ ᠵᠠᠰᠠᠭ ᠠᠴᠠ 90 % ᠶᠢᠨ ᠬᠦᠦ ᠮᠥᠩᠭᠦ  ᠣᠯᠭᠤᠳᠠᠭ᠃ ᠰᠠᠭᠤᠷᠢ ᠮᠥᠩᠭᠦ ᠣᠷᠣᠭᠤᠯᠬᠤ ᠬᠤᠭᠤᠴᠠᠭ᠎ᠠ ᠪᠠ ᠲᠦᠯᠦᠬᠦ ᠬᠤᠭᠤᠴᠠᠭ᠎ᠠ ᠶᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠬᠤᠶᠠᠷ ᠪᠠᠩᠬᠢ ᠯᠤᠭ᠎ᠠ ᠵᠥᠪᠳᠡᠯᠴᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠲᠥᠷᠥᠯ ᠵᠦᠢᠯ ᠢ ᠬᠤᠷᠢᠶᠠᠨ ᠠᠪᠬᠤ ᠬᠤᠭᠤᠴᠠᠭ᠎ᠠ ᠲᠠᠢ ᠵᠣᠬᠢᠴᠠᠯᠳᠤᠭᠤᠯᠳᠠᠭ᠃ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠰᠠᠭᠤᠷᠢ ᠮᠥᠩᠭᠦ ᠪᠠᠷ ᠳᠡᠮᠵᠢᠬᠦ ᠲᠥᠷᠥᠯ ᠵᠦᠢᠯ ᠤᠨ ᠲᠣᠳᠣᠷᠬᠠᠶ ᠬᠠᠭᠤᠳᠠᠰᠤ ᠶᠢ ᠲᠣᠳᠣᠷᠬᠠᠶᠢᠯᠠᠬᠤ᠂ ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠪᠦᠲᠦᠭᠡᠯ ᠢ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠬᠤ ᠪᠦᠭᠡᠳ ᠰᠠᠭᠤᠷᠢ ᠮᠥᠩᠭᠦ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠤᠷᠳᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠲᠠᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠬᠤᠶᠠᠷ ᠪᠠᠩᠬᠢ ᠶᠢᠨ ᠣᠷᠣᠭᠤᠯᠤᠭᠰᠠᠨ ᠰᠠᠭᠤᠷᠢ ᠮᠥᠩᠭᠦ  ᠲᠥᠯᠥᠬᠦ ᠶᠢ ᠬᠠᠷᠢᠭᠤᠴᠠᠨ᠎ᠠ᠃ 2015 ᠣᠨ ᠤ 12 ᠳ᠋ᠤᠭᠠᠷ ᠰᠠᠷ᠎ᠠ ᠶᠢᠨ 24 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ ︿13.5﹀ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦᠨ ᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ﹇2015﹈ 3380 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠳᠠᠩᠰᠠ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠡᠭᠦᠯᠭᠡᠬᠦ ᠬᠡᠪᠴᠢᠶ᠎ᠡ ᠶᠢ ᠦᠨᠳᠦᠰᠦᠯᠡᠨ᠂ 500 ᠳ᠋ᠦᠩᠰᠢᠭᠤᠷ ᠲᠥᠭᠦᠷᠢᠭ ᠤᠨ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠮᠤᠵᠢ ᠬᠤᠪᠢᠶᠠᠨ ᠨᠢᠭᠡ ᠯᠡ ᠤᠳᠠᠭ᠎ᠠ ᠳᠤ ᠬᠡᠰᠡᠭᠯᠡᠨ ᠥᠭᠬᠦ ᠡᠵᠡᠮᠳᠡᠯ ᠤᠨ ᠬᠡᠪᠴᠢᠶ᠎ᠡ ᠶᠢ ᠲᠣᠳᠣᠷᠬᠠᠶᠢᠯᠠᠪᠠ᠃ 3 ᠳ᠋ᠤᠭᠠᠷ ᠰᠠᠷ᠎ᠠ ᠶᠢᠨ 9 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽2016 ᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠤᠰᠬᠠᠶ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ ᠲᠦᠷᠦᠯ ᠵᠦᠢᠯ ᠤᠨ ᠪᠡᠯᠡ ᠮᠥᠩᠭᠦ ᠶᠢ ᠪᠠᠴᠢᠮ ᠪᠠᠭᠤᠯᠭᠠᠬᠤ ᠵᠠᠬᠢᠳᠠᠯ︾ ︵ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ ﹇2016﹈ 516 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠨᠡᠭᠡᠭᠡᠨ ᠬᠥᠭᠵᠢᠭᠦᠯᠬᠦ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠨᠢ ᠥᠪᠡᠷ ᠤᠨ ᠡᠭᠦᠷᠭᠡᠯᠡᠭᠰᠡᠨ ᠡᠯ᠎ᠡ ᠮᠤᠵᠢ  ᠶᠢᠨ ᠰᠠᠭᠤᠷᠢ ᠮᠥᠩᠭᠦᠨ ᠤ ᠬᠡᠪᠴᠢᠶ᠎ᠡ ᠶᠣᠰᠣᠭᠠᠷ ᠰᠠᠭᠤᠷᠢ ᠮᠥᠩᠭᠦᠨ ᠤ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠱᠠᠯᠠᠪᠳᠠᠨ ᠣᠷᠣᠭᠤᠯᠵᠤ ᠥᠭᠬᠦ ᠶᠢ ᠰᠢᠮᠳᠠᠭᠤᠯᠪᠠ᠃ ᠤᠯᠤᠰ ᠠᠴᠠ ᠮᠠᠨ ᠤ ᠣᠷᠣᠨ ᠤ ᠰᠠᠭᠤᠷᠢ ᠮᠥᠩᠭᠦᠨ ᠤ ᠬᠡᠪᠴᠢᠶ᠎ᠡ ᠳᠤ ᠨᠢᠭᠡ ᠯᠡ ᠤᠳᠠᠭ᠎ᠠ ᠳᠡᠭᠡᠷ᠎ᠡ 10 ᠳ᠋ᠦᠩᠰᠢᠭᠤᠷ ᠲᠥᠭᠦᠷᠢᠭ ᠪᠠᠭᠤᠯᠭᠠᠪᠠ᠃      ᠸᠧᠡ ᠮᠢᠨ᠄      ᠭᠤᠷᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ᠃ ᠤᠯᠤᠰ ᠤᠨ ᠶᠡᠷᠦᠩᠬᠡᠶ ᠬᠡᠪᠴᠢᠶ᠎ᠡ ᠨᠢ 1000 ᠳ᠋ᠦᠩᠰᠢᠭᠤᠷ ᠲᠥᠭᠦᠷᠢᠭ ᠪᠤᠯᠤᠨ᠎ᠠ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠪᠡᠯᠡ ᠮᠥᠩᠭᠦ ᠴᠤᠭᠯᠠᠭᠤᠯᠤᠭᠰᠠᠨ ᠤ ᠳᠠᠷᠠᠭ᠎ᠠ ᠲᠦᠷᠦᠯ ᠵᠦᠢᠯ ᠤᠨ ᠬᠦᠷᠦᠩᠭᠡ ᠮᠥᠩᠭᠦ ᠶᠢᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠤᠭᠴᠠ ᠳᠤ ᠤᠷᠤᠭᠤᠯᠤᠨ᠎ᠠ᠃ 2015 ᠤᠨ ᠤ 9 ᠳ᠋ᠦ᠋ᠭᠡᠷ ᠰᠠᠷ᠎ᠠ ᠳᠤ᠂ ᠡᠳ᠋ ᠤᠨ ᠵᠠᠰᠠᠭ ᠤᠨ ᠶᠠᠮᠤᠨ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠳᠤ ᠬᠡᠷᠡᠭᠯᠡᠬᠦ1000 ᠳ᠋ᠦᠩᠰᠢᠭᠤᠷ ᠲᠦᠬᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠬᠡᠪᠴᠢᠶ᠎ᠡ ᠶᠢ ᠬᠤᠯᠪᠣᠭᠳᠠᠯ ᠪᠦᠬᠦᠢ ᠮᠤᠵᠢ ︵ᠣᠷᠣᠨ᠂ ᠬᠤᠳᠠ︶ ᠳᠤ ᠪᠠᠭᠤᠯᠭᠠᠵᠤ᠂ ᠡᠯ᠎ᠡ ᠭᠠᠵᠠᠷ ᠤᠳ ᠡᠭᠦᠨ ᠢ ᠦᠨᠳᠦᠰᠦᠯᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠪᠦᠲᠦᠴᠡ ᠪᠠᠨ ᠲᠤᠬᠢᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠨ ᠪᠡᠯᠡ ᠮᠥᠩᠭᠦ ᠴᠤᠭᠯᠠᠭᠤᠯᠵᠤ᠂ ᠲᠦᠷᠦᠯ ᠵᠦᠢᠯ ᠤᠨ ᠭᠦᠷᠦᠩᠭᠡ ᠮᠦᠩᠭᠦ ᠪᠠᠷ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠤᠷᠤᠭᠤᠯᠤᠨ᠎ᠠ᠃ ᠡᠯ᠎ᠡ ᠭᠠᠵᠠᠷ ᠡᠳ᠋ ᠤᠨ ᠵᠠᠰᠠᠭ ᠤᠨ ᠶᠠᠮᠤᠨ ᠤ ᠪᠠᠭᠤᠯᠭᠠᠭᠰᠠᠨ ᠬᠢᠵᠠᠭᠠᠷᠯᠠᠬᠤ ᠬᠡᠪᠴᠢᠶ᠎ᠡ ᠶᠢ ᠦᠨᠳᠦᠰᠦᠯᠡᠨ᠂ ᠪᠠᠷᠢᠯᠭ᠎ᠠ ᠶᠢᠨ ᠬᠡᠷᠡᠭᠵᠢᠭᠦᠯᠦᠯᠲᠡ ᠶᠢᠨ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ  ᠬᠤᠭᠤᠴᠠᠭ᠎ᠠ ᠬᠤᠪᠢᠶᠠᠬᠤ ᠪᠤᠶᠤ ᠨᠢᠭᠡ ᠯᠡ ᠤᠳᠠᠭᠠᠨ ᠤ ᠴᠢᠨᠠᠷᠲᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠨ᠎ᠠ᠂ ᠲᠥᠪ ᠤᠨ ᠡᠳ᠋ ᠤᠨ ᠵᠠᠰᠠᠭ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠳᠤ ᠬᠡᠷᠡᠭᠯᠡᠬᠦ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠳᠤ ᠬᠦᠦ ᠮᠥᠩᠭᠦ ᠲᠦᠯᠦᠵᠦ ᠥᠭᠬᠦ ᠦᠭᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠨᠢᠭᠡ ᠬᠡᠰᠡᠭ ᠢ ᠨᠢ ᠰᠢᠭᠤᠳ ᠲᠦᠯᠦᠬᠦ ᠬᠠᠷᠢᠭᠤᠴᠠᠯᠭ᠎ᠠ ᠲᠠᠢ᠃ ᠣᠳᠣᠬᠠᠨ ᠳᠤ᠂ ᠮᠠᠨ ᠤ ᠣᠷᠣᠨ ᠤ 19.5 ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠳᠤ ᠣᠷᠣᠭᠤᠯᠬᠤ ᠠᠵᠢᠯ ᠢ ᠶᠠᠭ ᠭᠦᠢᠴᠡᠳᠬᠡᠵᠦ ᠪᠠᠶᠢᠨ᠎ᠠ᠃      ᠲᠦᠷᠪᠡ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ᠃ ᠶᠡᠷᠦᠩᠬᠡᠶ ᠬᠡᠪᠴᠢᠶ᠎ᠡ ᠨᠢ 3500 ᠳ᠋ᠦᠩᠰᠢᠭᠤᠷ ᠲᠦᠬᠦᠷᠢᠭ ᠠᠴᠠ ᠬᠡᠲᠦᠷᠡᠬᠦ ᠦᠭᠡᠢ᠂ ᠭᠤᠣᠯᠳᠠᠭᠤ ᠤᠯᠤᠰ ᠤᠨ ᠨᠡᠭᠡᠭᠡᠨ ᠬᠦᠭᠵᠢᠭᠦᠯᠬᠦ ᠪᠠᠩᠬᠢ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠶᠢᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠨ ᠴᠤᠭᠯᠠᠭᠤᠯᠬᠤ ᠪᠠᠷ ᠳᠠᠮᠵᠢᠭᠤᠯᠤᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠡᠭᠦᠷᠭᠡ ᠶᠢ ᠡᠭᠦᠷᠭᠡᠯᠡᠬᠦ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠵᠢᠭᠡᠯᠡᠯᠭᠡ ᠶᠢ ᠳᠠᠭᠠᠴᠢᠯᠠᠬᠤ ᠶᠢ ᠬᠠᠷᠢᠭᠤᠴᠠᠵᠤ᠂ ᠲᠥᠪ ᠤᠨ ᠡᠳ᠋ ᠤᠨ ᠵᠠᠰᠠᠭ ᠠᠴᠠ ᠵᠢᠭᠡᠯᠡᠯᠭᠡ ᠳᠤ 90% ᠶᠢᠨ ᠬᠦᠦ ᠮᠥᠩᠭᠦ ᠲᠦᠯᠦᠵᠦ ᠥᠭᠭᠦᠨ᠎ᠡ᠃ ᠡᠳ᠋ ᠤᠨ ᠵᠠᠰᠠᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ︽ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠵᠢᠭᠡᠯᠡᠯᠭᠡ ᠳᠤ ᠡᠳ᠋ ᠤᠨ ᠵᠠᠰᠠᠭ ᠠᠴᠠ ᠬᠦᠦ ᠮᠥᠩᠭᠦ ᠲᠦᠯᠦᠵᠦ ᠥᠭᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠡᠳ᠋ ᠲᠠᠷᠢᠶᠠᠯᠠᠩ ︵2016 ᠣᠨ ᠤ﹈ 5 ᠳ᠋ᠤᠭᠠᠷ ᠲᠣᠭᠠᠲᠤ︶ ᠢ ᠦᠨᠳᠦᠰᠦᠯᠡᠨ᠂ ᠲᠥᠪ ᠤᠨ ᠡᠳ᠋ ᠤᠨ ᠵᠠᠰᠠᠭ ᠵᠥᠪᠬᠡᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ ᠳᠤ ᠤᠷᠤᠭᠤᠯᠤᠭᠰᠠᠨ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠪᠦᠷᠢ ᠳᠤ ᠳᠤᠮᠳᠠᠴᠢ ᠪᠠᠷ 3.5 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠨᠡᠭᠦᠯᠭᠡᠬᠦ ᠵᠢᠭᠡᠯᠡᠯᠭᠡ ᠶᠢᠨ ᠪᠣᠳᠠᠲᠤ ᠵᠢᠭᠡᠯᠡᠭᠰᠡᠨ ᠲᠤᠭ᠎ᠠ ᠪᠠᠷ ᠬᠦᠦ ᠮᠥᠩᠭᠦ ᠲᠦᠯᠦᠵᠦ ᠦᠭᠭᠦᠨ᠎ᠡ᠂ ᠡᠭᠦᠨ ᠳᠤ 2016 ᠣᠨ᠂ 2017 ᠣᠨ ᠳᠤ ᠤᠷᠢᠳᠠᠪᠠᠷ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠡᠪᠴᠢᠶ᠎ᠡ ᠳᠤ ᠬᠦᠦ ᠮᠥᠩᠭᠦ ᠲᠦᠯᠦᠵᠦ ᠦᠭᠭᠦᠨ᠎ᠡ᠃ ᠡᠯ᠎ᠡ ᠭᠠᠵᠠᠷ ᠤᠨ ᠳᠠᠭᠠᠭᠠᠨ ᠠᠪᠤᠭᠰᠠᠨ ᠤᠷᠳᠤ ᠬᠤᠭᠤᠴᠠᠭᠠᠨ ᠤ ᠵᠢᠭᠡᠯᠡᠯᠭᠡ ᠶᠢᠨ ᠬᠡᠪᠴᠢᠶ᠎ᠡ ᠳᠤ ᠪᠠᠷᠢᠯᠭ᠎ᠠ ᠶᠢᠨ ᠬᠡᠷᠡᠭᠵᠢᠭᠦᠯᠬᠦ ᠬᠡᠷᠡᠭᠴᠡᠭᠡ ᠱᠠᠭᠠᠷᠳᠠᠯᠭ᠎ᠠ᠂ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠠᠬᠢᠴᠠ᠂ ᠵᠢᠭᠡᠯᠡᠯᠭᠡ ᠪᠤᠴᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠤᠯᠬᠢᠯᠠᠨ᠎ᠠ᠂ ᠪᠣᠳᠠᠲᠤ ᠪᠠᠶᠢᠳᠠᠯ ᠠᠴᠠ ᠰᠠᠯᠤᠨ ᠤᠷᠳᠦ ᠬᠤᠭᠤᠴᠠᠭᠠᠨ ᠤ ᠵᠢᠭᠡᠯᠡᠯᠭᠡ ᠳᠠᠭᠠᠭᠠᠨ ᠠᠪᠴᠦ ᠪᠤᠯᠬᠤ ᠦᠭᠡᠢ᠃ ᠤᠷᠴᠢᠮᠬᠠᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠳᠥᠷᠪᠡᠨ ᠰᠠᠯᠠᠭ᠎ᠠ ᠮᠥᠴᠢᠷ ︽2016 ᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠡᠭᠦᠷᠭᠡ ᠪᠠ ᠲᠡᠮ ᠬᠦᠦ ᠲᠠᠢ ᠵᠢᠭᠡᠯᠡᠯᠭᠡ ᠶᠢᠨ ᠬᠡᠪᠴᠢᠶ᠎ᠡ ᠶᠢ ᠪᠠᠭᠤᠯᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠨᠡᠶᠢᠲᠡᠯᠡᠵᠦ᠂ ᠡᠯ᠎ᠡ ᠮᠤᠵᠢ ᠶᠢᠨ ᠨᠡᠭᠦᠯᠭᠡᠬᠦ ᠡᠭᠦᠷᠭᠡ ᠶᠢᠨ ᠬᠡᠪᠴᠢᠶ᠎ᠡ ᠪᠠ ᠲᠡᠮ ᠬᠦᠦ ᠲᠠᠢ ᠵᠢᠭᠡᠯᠡᠯᠭᠡ ᠶᠢᠨ ᠬᠡᠪᠴᠢᠶ᠎ᠡ ᠶᠢ ᠡᠯ᠎ᠡ ᠭᠠᠵᠠᠷ ᠲᠤ ᠪᠠᠭᠤᠯᠭᠠᠵᠤ᠂ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠵᠢᠭᠡᠯᠡᠯᠭᠡ ᠶᠢᠨ ᠬᠡᠪᠴᠢᠶ᠎ᠡ ᠨᠢ17.5 ᠳ᠋ᠦᠩᠰᠢᠭᠤᠷ ᠲᠥᠭᠦᠷᠢᠭ ᠪᠣᠯᠤᠨ᠎ᠠ᠃      ᠲᠠᠪᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠤᠬᠢᠷᠠᠭᠤᠯᠤᠭᠰᠠᠨ ᠠᠮᠢ ᠠᠬᠤᠶ ᠬᠡᠪᠡᠷᠡᠭ ᠤᠷᠤᠨ ᠤ ᠠᠷᠠᠳ ᠢ ᠨᠡᠭᠦᠯᠭᠡᠬᠦ ᠪᠡᠯᠡ ᠮᠥᠩᠭᠦ᠃ ᠥᠪᠡᠷᠲᠡᠭᠡᠨ ᠵᠠᠰᠠᠬᠤ ᠣᠷᠣᠨ ᠤ ᠲᠤᠰ ᠱᠠᠳᠦ ᠵᠢᠯ ᠪᠦᠷᠢ 6.1 ᠳ᠋ᠦᠩᠰᠢᠭᠤᠷ ᠲᠦᠬᠦᠷᠢᠭ ᠲᠤᠬᠢᠷᠠᠭᠤᠯᠵᠤ᠂ ᠤᠨᠳᠤᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠨᠦᠬᠦᠪᠦᠷᠢ ᠳᠤ ᠬᠡᠷᠡᠭᠯᠡᠵᠦ ᠪᠤᠢ᠃ ᠬᠥᠮᠦᠨ ᠪᠦᠷᠢ ᠳᠤᠮᠳᠠᠴᠢ ᠪᠠᠷ 6 ᠲᠦᠮᠡᠨ ᠲᠥᠭᠦᠷᠢᠭ ᠤᠨ ᠪᠡᠯᠡ ᠮᠦᠩᠭᠦ ᠶᠢᠨ ᠬᠡᠪᠴᠢᠶᠡᠨ ᠳᠣᠲᠣᠷ᠎ᠠ᠂ ᠨᠡᠭᠦᠭᠰᠡᠳ ᠲᠤᠰ ᠪᠡᠶ᠎ᠡ ᠶᠢᠨ ᠠᠵᠤ ᠠᠬᠤᠶ ᠶᠢᠨ ᠨᠦᠭᠦᠴᠡᠯ ᠢᠶᠠᠨ ᠦᠨᠳᠦᠰᠦᠯᠡᠨ ᠥᠪᠡᠷ ᠲᠡᠭᠡᠨ ᠬᠡᠰᠡᠭ ᠪᠡᠯᠡ ᠮᠥᠩᠭᠦ ᠴᠤᠭᠯᠠᠭᠤᠯᠵᠤ᠂ ᠵᠠᠷᠴᠢᠮ ᠳᠡᠭᠡᠷ᠎ᠡ ᠪᠠᠨ ᠬᠥᠮᠦᠨ ᠪᠦᠷᠢ ᠳᠤᠮᠳᠠᠴᠢ ᠪᠠᠷ 2 ᠮᠢᠩᠭᠠᠨ ᠲᠥᠭᠦᠷᠢᠭ᠂ ᠡᠷᠦᠬᠡ ᠪᠦᠷᠢ ᠳᠤᠮᠳᠠᠴᠢ ᠪᠠᠷ ᠲᠦᠮᠡᠨ ᠲᠦᠬᠦᠷᠢᠭ ᠴᠤᠭᠯᠠᠭᠤᠯᠬᠤ ᠶᠢ ᠤᠯᠤᠰ ᠠᠴᠠ ᠱᠠᠭᠠᠷᠳᠠᠪᠠ᠃ ᠨᠡᠭᠦᠯᠭᠡᠬᠦ ᠤᠯᠠᠨ ᠲᠦᠮᠡᠨ ᠥᠪᠡᠷᠰᠡᠳ ᠢᠶᠠᠨ ᠪᠠᠭ᠎ᠠ ᠰᠠᠭ᠎ᠠ ᠪᠡᠯᠡ ᠮᠥᠩᠭᠦ ᠴᠤᠭᠯᠠᠭᠤᠯᠬᠤ ᠨᠢ ᠠᠯᠪᠠᠳᠠᠯᠭ᠎ᠠ ᠶᠢᠨ ᠴᠢᠨᠠᠷᠲᠠᠶ ᠱᠠᠭᠠᠷᠳᠠᠯᠭ᠎ᠠ ᠪᠢᠰᠢ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠡᠭᠦᠭᠰᠡᠳ ᠤᠨ ᠰᠢᠨᠵᠢ ᠴᠢᠨᠠᠷ ᠢ ᠢᠯᠭᠠᠨ ᠰᠠᠯᠭᠠᠵᠤ᠂ ᠥᠪᠡᠰᠦᠪᠡᠨ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠵᠤ᠂ ᠥᠨᠥᠴᠢᠨ ᠪᠡᠯᠪᠡᠰᠦᠨ ᠭᠤᠣᠨᠢ ᠭᠠᠭᠴᠠ ᠵᠡᠷᠭᠡ ᠣᠨᠴᠣᠭᠤᠶ ᠬᠦᠴᠢᠷᠳᠡᠯᠲᠡᠶ ᠬᠦᠮᠦᠰ ᠲᠤ ᠣᠷᠣᠨ ᠰᠠᠭᠤᠴᠠ ᠶᠢᠨ ᠪᠦᠳᠦᠬᠡᠨ ᠪᠠᠶᠢᠭᠤᠯᠤᠯᠲᠠ ᠳᠤ ᠥᠪᠡᠰᠦᠪᠡᠨ ᠪᠡᠯᠡ ᠮᠥᠩᠭᠦ ᠴᠤᠭᠯᠠᠭᠤᠯᠬᠤ ᠶᠢ ᠱᠠᠭᠠᠷᠳᠠᠬᠤ ᠦᠭᠡᠢ ᠪᠠᠶᠢᠵᠦ ᠪᠤᠯᠤᠨ᠎ᠠ᠃ ᠶᠡᠷᠦᠩᠬᠡᠶ ᠵᠠᠷᠴᠢᠮ ᠪᠣᠯ᠂ ᠥᠪᠡᠰᠦᠪᠡᠨ ᠳᠡᠩᠳᠡᠭᠦᠦ ᠶᠡᠭᠡ ᠪᠡᠯᠡ ᠮᠥᠩᠭᠦ ᠴᠤᠭᠯᠠᠭᠤᠯᠬᠤ ᠠᠴᠠ ᠪᠤᠯᠤᠭᠠᠳ ᠶᠠᠳᠠᠭᠤ ᠠᠴᠠ ᠠᠩᠭᠢᠵᠢᠷᠠᠭᠤᠯᠬᠤ ᠳᠤ ᠬᠦᠴᠢᠷᠳᠡᠯ ᠨᠡᠮᠡᠭᠳᠡᠭᠦᠯᠬᠦ᠂ ᠶᠠᠳᠠᠭᠤ ᠠᠴᠠ ᠪᠠᠨ ᠠᠩᠭᠢᠵᠢᠷᠠᠭᠤᠯᠬᠤ ᠠᠬᠢᠴᠠ ᠶᠢ ᠨᠥᠯᠥᠭᠡᠯᠡᠬᠦ ᠠᠴᠠ ᠵᠠᠶᠢᠯᠠᠰᠬᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠡᠭᠦᠯᠭᠡᠬᠦ ᠤᠯᠠᠨ ᠲᠦᠮᠡᠨ ᠤ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠬᠦ ᠶᠢᠨ ᠲᠦᠯᠦᠭᠡ᠂ ᠨᠡᠭᠦᠯᠭᠡᠬᠦ ᠤᠯᠠᠨ ᠲᠦᠮᠡᠨ ᠳᠤ ᠬᠥᠮᠦᠨ ᠪᠦᠷᠢ ᠳᠤ ᠳᠤᠮᠳᠠᠴᠢ ᠪᠠᠷ 2 ᠮᠢᠩᠭᠠᠨ ᠲᠥᠭᠦᠷᠢᠭ ᠤᠨ ᠥᠪᠡᠰᠦᠪᠡᠨ ᠴᠤᠭᠯᠠᠭᠤᠯᠬᠤ ᠪᠡᠯᠡ ᠮᠦᠩᠭᠦ ᠪᠠ ᠵᠡᠷᠭᠡ ᠪᠠᠷ ᠨᠡᠭᠦᠯᠭᠡᠬᠦ ᠡᠷᠦᠬᠡ ᠶᠢᠨ ᠬᠥᠮᠦᠨ ᠪᠦᠷᠢ ᠳᠤ ᠳᠤᠮᠳᠠᠴᠢ ᠪᠠᠷ 1 ᠲᠦᠮᠡᠨ ᠲᠥᠭᠦᠷᠢᠭ ᠤᠨ ᠭᠡᠷ ᠪᠠᠷᠢᠬᠤ ᠪᠡᠯᠡ ᠮᠥᠩᠭᠦ ᠶᠢᠨ ᠨᠥᠬᠦᠪᠥᠷᠢ ᠤᠯᠭᠤᠵᠤ᠂ ᠬᠦᠷᠦᠯᠴᠡᠬᠦ ᠦᠭᠡᠢ ᠬᠡᠰᠡᠭ ᠶᠢ ᠨᠢ ᠨᠡᠭᠦᠬᠦ ᠡᠷᠦᠬᠡ ᠥᠪᠡᠷ ᠲᠡᠭᠡᠨ ᠴᠤᠭᠯᠠᠭᠤᠯᠤᠨ᠎ᠠ᠃      ᠳᠡᠭᠡᠷ᠎ᠡ ᠳᠤᠷᠠᠳᠤᠭᠰᠠᠨ ᠪᠡᠯᠡ ᠮᠥᠩᠭᠦ ᠶᠢᠨ ᠠᠷᠭ᠎ᠠ ᠵᠠᠮ ᠤᠨ ᠳᠤᠲᠤᠷ᠎ᠠ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠥᠬᠦᠪᠥᠷᠢ ᠶᠢᠨ ᠪᠡᠯᠡ ᠮᠥᠩᠭᠦ ᠶᠢ ᠭᠠᠷᠭᠠᠪᠠᠯ᠂ ᠪᠥᠳᠥᠭᠡᠨ ᠪᠠᠶᠢᠭᠤᠯᠤᠯᠲᠠ ᠶᠢᠨ ᠲᠤᠰᠬᠠᠢ ᠰᠠᠭᠤᠷᠢ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠪᠣᠯᠤᠨ ᠪᠠᠩᠬᠢ ᠶᠢᠨ ᠤᠷᠲᠤ ᠬᠤᠭᠤᠴᠠᠭᠠᠲᠤ ᠵᠢᠭᠡᠯᠡᠯᠭᠡ ᠶᠢ ᠪᠣᠯ ᠴᠥᠮ ᠣᠷᠣᠨ ᠨᠤᠲᠤᠭ ᠤᠨ ᠵᠠᠰᠠᠭ ᠤᠨ ᠣᠷᠳᠣᠨ ᠨᠢ ᠲᠦᠯᠦᠬᠦ ᠴᠢᠬᠤᠯᠠᠲᠠᠶ᠃ ᠪᠡᠯᠡ ᠮᠥᠩᠭᠦ ᠶᠢᠨ ᠠᠷᠭ᠎ᠠ ᠵᠠᠮ ᠢ ᠤᠯᠠᠨ ᠡᠰᠢᠴᠢᠯᠡᠬᠦ ᠶᠢ ᠪᠤᠳᠤᠯᠬᠢᠯᠠᠨ᠂ ᠲᠤᠰᠬᠠᠶ ᠰᠠᠭᠤᠷᠢ ᠮᠦᠩᠭᠦ᠂ ᠣᠷᠣᠨ ᠨᠤᠲᠤᠭ ᠤᠨ ᠵᠢᠭᠡᠯᠡᠯᠭᠡ ᠶᠢᠨ ᠴᠤᠭᠯᠠᠭᠤᠯᠤᠭᠰᠠᠨ ᠲᠥᠷᠥᠯ ᠵᠦᠢᠯ ᠤᠨ ᠬᠦᠷᠦᠩᠬᠡ ᠮᠥᠩᠭᠦ ᠪᠠ ᠪᠠᠩᠬᠢ ᠶᠢᠨ ᠬᠠᠩᠭᠠᠭᠰᠠᠨ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠰᠠᠶᠢᠲᠤᠷ ᠵᠤᠯᠭᠠᠯᠳᠤᠭᠤᠯᠬᠤ ᠶᠢᠨ ᠬᠠᠮᠲᠤ ᠡᠯ᠎ᠡ ᠲᠦᠷᠦᠯ ᠤᠨ ᠪᠡᠯᠡ ᠮᠥᠩᠭᠦ ᠶᠢᠨ ᠠᠮᠠ ᠰᠡᠭᠡᠷ ᠢ ᠲᠠᠭᠠᠷᠠᠭᠤᠯᠵᠤ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠶᠢᠨ ᠲᠦᠯᠦᠭᠡ᠂ ᠤᠯᠤᠰ ᠤᠨ ︽ᠲᠥᠰᠦᠯ︾ ᠳᠤ ᠲᠤᠳᠤᠷᠬᠠᠶᠢᠯᠠᠭᠰᠠᠨ ᠢᠶᠠᠷ ᠪᠤᠯ᠂ ᠡᠯ᠎ᠡ ᠭᠠᠵᠠᠷ ᠤᠳ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠤᠶᠤ ᠤᠤᠯ ᠤᠨ ᠺᠣᠮᠫᠠᠨᠢ ᠳᠣᠣᠷ᠎ᠠ ᠰᠢᠨ᠎ᠡ ᠪᠠᠷ ᠰᠠᠯᠪᠤᠷᠢ ᠺᠣᠮᠫᠠᠨᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢ ᠪᠠᠶᠢᠭᠤᠯᠵᠤ᠂ ᠳᠠᠷᠤᠶ ᠲᠦᠷᠭᠡᠨ ᠡᠵᠡᠩᠨᠡᠬᠦ ᠶᠢᠨ ᠬᠠᠮᠲᠤ ᠬᠤᠲᠠ ᠰᠢᠶᠠᠨ ᠤ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠲᠠᠢ ᠰᠠᠶᠢᠲᠤᠷ ᠠᠪᠴᠠᠯᠳᠤᠭᠤᠯᠬᠤ ᠶᠢ ᠴᠢᠩᠭᠠᠳᠬᠠᠵᠤ᠂ ᠰᠢᠭᠤᠳ ᠪᠡᠯᠡ ᠮᠥᠩᠭᠦ ᠶᠢᠨ ᠲᠦᠷᠦᠯ ᠵᠦᠢᠯ ᠤᠨ ᠠᠵᠢᠯᠯᠠᠭᠠᠨ ᠤ ᠶᠠᠪᠤᠴᠠ ᠶᠢ ᠰᠢᠯᠤᠭᠤᠨ ᠥᠨᠳᠥᠷ ᠪᠦᠲᠦᠮᠵᠢᠲᠡᠶ ᠪᠣᠯᠭᠠᠬᠤ ᠬᠡᠷᠡᠭᠲᠡᠶ᠃ ᠣᠳᠣᠬᠠᠨ ᠳᠤ᠂ ᠮᠠᠨ ᠤ ᠣᠷᠣᠨ ᠤ ᠪᠡᠯᠡ ᠤᠷᠤᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠶᠢ ᠨᠢᠭᠡᠨᠲᠡ ᠪᠠᠶᠢᠭᠤᠯᠪᠠ᠂ ᠬᠤᠰᠢᠭᠤ ᠰᠢᠶᠠᠨ ᠤ ᠬᠡᠷᠡᠭᠵᠢᠭᠦᠯᠬᠦ ᠪᠡᠶᠡᠴᠢ ᠴᠣᠭᠴᠠ ᠨᠢ ᠴᠤ ᠴᠥᠮ ᠲᠣᠳᠣᠷᠬᠠᠶ ᠪᠤᠯᠵᠠᠢ᠃      ᠬᠥᠲᠥᠯᠥᠭᠴᠢ᠄      ᠸᠧᠨ ᠡᠷᠬᠢᠯᠡᠭᠴᠢ ᠡ᠂ ᠵᠠᠰᠠᠭ ᠤᠨ ᠣᠷᠳᠣᠨ ᠶᠠᠮᠠᠷ ᠳᠡᠰ ᠳᠠᠷᠠᠭᠠᠯᠠᠯ ᠢᠶᠠᠷ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠳᠤ ᠦᠢᠯᠡᠴᠢᠯᠡᠭᠡ ᠬᠤᠳᠠᠯᠳᠤᠨ ᠠᠪᠴᠤ ᠪᠠᠶᠢᠬᠤ ᠪᠤᠢ︖      ᠸᠧᠨ ᠮᠢᠨ᠄      ᠨᠢᠭᠡ ᠳᠤ ᠲᠣᠮᠢᠶᠠᠯᠠᠯ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠭᠡᠳᠡᠭ ᠨᠢ ᠲᠦᠷᠥᠯ ᠵᠦᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤᠳ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠤᠯᠪᠣᠭᠳᠠᠯ ᠪᠦᠬᠦᠢ ᠳᠦᠷᠢᠮ ᠶᠣᠰᠣᠭᠠᠷ᠂ ᠪᠦᠷᠢᠨ ᠪᠦᠲᠦᠨ᠂ ᠲᠣᠭᠲᠠᠭᠠᠯ ᠳᠤ ᠨᠡᠶᠢᠴᠡᠬᠦ᠂ ᠪᠦᠲᠦᠮᠵᠢᠲᠡᠶ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠭᠠᠷ ᠭᠦᠢᠴᠡᠳᠬᠡᠯ ᠢ ᠭᠦᠢᠴᠡᠳᠬᠡᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠳᠠᠭᠠᠭᠠᠴᠢᠯᠠᠨ ᠠᠪᠴᠤ ᠭᠤᠣᠯ ᠴᠣᠭᠴᠠ ᠨᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠳᠠᠭᠠᠭᠠᠴᠢᠯᠠᠨ ᠠᠪᠤᠭᠰᠠᠨ ᠭᠤᠣᠯ ᠴᠣᠭᠴᠠ ᠠᠴᠠ ᠪᠠᠨ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠢ ᠬᠡᠷᠡᠭᠯᠡᠬᠦ ᠶᠢ ᠵᠢᠭᠠᠵᠤ ᠪᠠᠶᠢᠨ᠎ᠠ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠲᠤᠬᠠᠶᠢᠯᠠᠭᠰᠠᠨ ᠢᠶᠠᠷ ᠠᠪᠴᠤ ᠬᠡᠯᠡᠪᠡᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ ᠭᠤᠣᠯ ᠴᠣᠭᠴᠠ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠠᠪᠤᠳᠠᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠡᠷ᠎ᠡ ᠲᠣᠭᠲᠠᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠦᠢᠯᠡᠴᠢᠯᠡᠭᠡ ᠶᠢ ᠬᠤᠳᠠᠯᠳᠤᠨ ᠠᠪᠬᠤ ᠶᠢᠨ ᠬᠠᠮᠲᠤ ᠪᠣᠯᠵᠣᠯ ᠢᠶᠠᠷ ᠬᠤᠳᠠᠯᠳᠤᠨ ᠠᠪᠬᠤ ᠶᠠᠪᠤᠳᠠᠯ ᠢᠶᠠᠨ ᠵᠢᠯ ᠳᠠᠷᠠᠭᠠᠯᠠᠨ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠡᠨᠡ ᠨᠢ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠳᠤ ᠲᠣᠭᠠᠴᠢᠭᠳᠠᠵᠤ᠂ ᠵᠠᠰᠠᠭ ᠤᠨ ᠣᠷᠳᠣᠨ ᠤ ᠥᠷᠢ ᠪᠤᠯᠵᠤ ᠴᠢᠳᠠᠬᠤ ᠦᠭᠡᠢ ᠶᠤᠮ᠂ ᠡᠭᠦᠨ ᠤ ᠬᠠᠮᠲᠤ ᠪᠠᠰᠠ ︽ᠮᠤᠵᠢ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠭᠦᠢᠴᠡᠳ ᠲᠤᠰᠬᠠᠪᠠ᠃      ᠬᠤᠶᠠᠷ ᠲᠤ᠂ ᠭᠤᠣᠯ ᠠᠴᠢ ᠬᠤᠯᠪᠣᠭᠳᠠᠯ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠨᠢ ᠤᠯᠠᠨ ᠤᠯᠤᠰ ᠤᠨ ᠪᠠᠯᠠ ᠳᠤᠬᠢᠷᠠᠭᠤᠯᠭ᠎ᠠ ᠶᠢᠨ ᠵᠠᠭᠪᠤᠷ ᠤᠨ ᠬᠥᠭᠵᠢᠯᠲᠡ ᠶᠢᠨ ᠴᠢᠭᠯᠡᠯ ᠪᠠ ᠮᠠᠨ ᠤ ᠤᠯᠤᠰ ᠤᠨ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠭᠯᠡᠯ  ᠲᠠᠢ ᠨᠡᠶᠢᠴᠡᠨ᠎ᠡ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠨᠢ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡᠨ ᠤ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠳᠤ ᠲᠤᠰᠠᠲᠠᠶ ᠪᠠᠶᠢᠳᠠᠭ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠠᠭᠪᠤᠷ ᠨᠢ ᠮᠥᠩᠭᠦᠨ ᠭᠦᠢᠯᠭᠡᠭᠡ ᠪᠠᠷ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢ ᠳᠡᠮᠵᠢᠬᠦ ᠳᠤ ᠪᠦᠲᠦᠮᠵᠢᠲᠡᠢ ᠰᠢᠨ᠎ᠡ ᠠᠷᠭ᠎ᠠ ᠵᠠᠮ ᠣᠯᠭᠤᠪᠠ᠃      ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠦᠨᠳᠦᠰᠦ ᠪᠠᠷᠢᠮᠲᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠬᠡᠷᠡᠭᠵᠢᠭᠦᠯᠬᠦ ᠲᠦᠷᠢᠮ︔ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2014﹈ 43 ᠳ᠋ᠤᠭᠠᠷ ᠲᠣᠭᠠᠲᠤ︶︔ ︽ᠲᠥᠰᠦᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠦᠷᠦ ᠲᠠᠷᠬᠠᠭᠠᠭᠰᠠᠨ ﹇2014﹈ 45 ᠳ᠋ᠤᠭᠠᠷ ᠲᠣᠭᠠᠲᠤ︶︔ ︽ ᠵᠠᠰᠠᠭ ᠤᠨ ᠣᠷᠳᠣᠨ ᠨᠡᠶᠢᠭᠡᠮ ᠤᠨ ᠬᠦᠴᠦᠨ ᠤ ᠦᠢᠯᠡᠴᠢᠯᠡᠭᠡ ᠬᠤᠳᠠᠯᠳᠤᠨ ᠠᠪᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2013﹈ 96 ᠳ᠋ᠤᠭᠠᠷ︶︔ ︽ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ︵ᠡᠳ᠋ ᠶᠡᠷᠦᠩᠬᠡᠶ ﹇2014﹈ 96 ᠳ᠋ᠤᠭᠠᠷ ᠲᠣᠭᠠᠲᠤ︶᠃      ᠲᠦᠷᠪᠡ ᠳᠤ ᠦᠢᠯᠡᠴᠢᠯᠡᠭᠡ ᠬᠤᠳᠠᠯᠳᠤᠨ ᠠᠪᠬᠤ ᠴᠤᠪᠤᠷᠠᠯ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︵ᠵᠣᠬᠢᠴᠠᠭᠤᠯᠬᠤ ᠤᠳᠤᠷᠢᠳᠬᠤ ᠳᠤᠭᠤᠶᠢᠯᠠᠩ︶ ᠠᠴᠠ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠦᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠨ ᠬᠡᠷᠡᠭᠵᠢᠭᠦᠯᠦᠨ᠎ᠡ᠃ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷ ᠲᠠᠢ ᠭᠠᠷᠴᠠᠭ ᠲᠤ ᠣᠷᠣᠭᠤᠯᠤᠨ᠎ᠠ᠃ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠡᠪᠴᠢᠶ᠎ᠡ ᠵᠢᠴᠢ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠲᠥᠯᠥᠪᠯᠡᠭᠡ ᠶᠢ ᠵᠦᠢ ᠵᠣᠬᠢᠰᠲᠠᠶ ᠲᠣᠭᠲᠠᠭᠠᠨ᠎ᠠ᠃ ᠬᠤᠳᠠᠯᠳᠤᠨ ᠠᠪᠬᠤ ᠭᠤᠣᠯ ᠴᠣᠭᠴᠠ᠂ ᠬᠤᠳᠠᠯᠳᠤᠨ ᠠᠪᠬᠤ ᠬᠡᠯᠪᠡᠷᠢ ᠪᠠ ᠳᠠᠭᠠᠭᠠᠴᠢᠯᠠᠨ ᠠᠪᠬᠤ ᠭᠤᠣᠯ ᠴᠣᠭᠴᠠ ᠶᠢ ᠲᠣᠭᠲᠠᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠬᠤᠷᠰᠢᠯᠴᠠᠭ᠎ᠠ ᠶᠢᠨ ᠰᠠᠨᠠᠭᠤᠯᠤᠮᠵᠢ ᠶᠢ ᠲᠣᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠯᠪᠣᠭᠳᠠᠯ ᠪᠦᠬᠦᠢ ᠳᠡᠰ ᠳᠠᠷᠠᠭᠠᠯᠠᠯ ᠢ ᠬᠡᠷᠡᠭᠵᠢᠭᠦᠯᠦᠨ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠥᠯᠥᠪᠵᠢᠭᠦᠯᠭᠡ᠂ ᠲᠥᠯᠥᠪᠯᠡᠭᠡ ᠪᠠ ᠨᠢᠭᠡᠳᠦᠯᠲᠡᠶ ᠲᠥᠯᠥᠪᠯᠡᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠣᠭᠲᠠᠭᠠᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠣᠷᠣᠨ ᠨᠤᠲᠤᠭ ᠤᠨ ᠡᠳ᠋ ᠤᠨ ᠵᠠᠰᠠᠭ ᠤᠨ ᠴᠢᠳᠠᠪᠤᠷᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠵᠠᠬᠢᠳᠠᠯ ᠢᠶᠠᠷ ᠮᠡᠳᠡᠭᠳᠡᠵᠦ᠂ ᠵᠢᠭᠠᠨ ᠲᠣᠭᠲᠠᠭᠠᠭᠰᠠᠨ ᠵᠠᠭᠤᠴᠢᠯᠠᠭᠤᠷ ᠢᠶᠠᠷ ᠬᠤᠳᠠᠯᠳᠤᠨ ᠠᠪᠬᠤ ᠮᠡᠳᠡᠭᠡ ᠵᠠᠩᠭᠢ ︵ᠵᠠᠷ︶ ᠶᠢ ᠨᠡᠶᠢᠲᠡᠯᠡᠨ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠪᠤᠴᠠᠭᠠᠬᠤ ᠪᠡᠯᠡ ᠮᠥᠩᠭᠦ ᠪᠠᠨ ᠴᠠᠭ ᠲᠤᠬᠠᠶ ᠳᠤᠨᠢ᠂ ᠲᠤᠭ᠎ᠠ ᠶᠣᠰᠣᠭᠠᠷ ᠴᠤᠭᠯᠠᠭᠤᠯᠬᠰᠠᠨ ᠦᠭᠡᠢ ᠦᠶ᠎ᠡ ᠳᠤ ᠪᠡᠯᠡ ᠮᠥᠩᠭᠦ ᠴᠤᠭᠯᠠᠭᠤᠯᠤᠨ ᠪᠡᠯᠡ ᠮᠥᠩᠭᠦ ᠶᠢᠨ ᠳᠤᠲᠠᠭᠤᠳᠠᠯ ᠢ ᠨᠦᠬᠦᠪᠦᠷᠢᠯᠡᠬᠦ ᠶᠢ ᠬᠠᠷᠢᠭᠤᠴᠠᠨ᠎ᠠ᠃ ᠬᠤᠳᠠᠯᠳᠤᠨ ᠠᠪᠬᠤ ᠭᠤᠣᠯ ᠴᠣᠭᠴᠠ ︵ᠥᠪᠡᠷᠲᠡᠭᠡᠨ ᠵᠠᠰᠠᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ︶ ᠨᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ ᠦᠢᠯᠡᠴᠢᠯᠡᠭᠡ ᠬᠤᠳᠠᠯᠳᠤᠨ ᠠᠪᠬᠤ ᠵᠥᠪᠳᠡᠯᠴᠡᠭᠡᠷ ᠲᠣᠭᠲᠠᠵᠤ᠂ ᠦᠢᠯᠡᠴᠢᠯᠡᠭᠡ ᠬᠤᠳᠠᠯᠳᠤᠨ ᠠᠪᠬᠤ ᠵᠥᠪᠳᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠬᠤᠳᠠᠯᠳᠤᠨ ᠠᠪᠬᠤ ᠪᠡᠯᠡ ᠮᠥᠩᠭᠦ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠨᠢ ᠥᠭᠭᠦᠨ᠎ᠡ᠂ ᠳᠠᠭᠠᠭᠠᠴᠢᠯᠠᠨ ᠠᠪᠬᠤ ᠭᠤᠣᠯ ᠴᠣᠭᠴᠠ — ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠨᠢ ᠬᠤᠳᠠᠯᠳᠤᠨ ᠠᠪᠬᠤ ᠭᠤᠣᠯ ᠴᠣᠭᠴᠠ ᠯᠤᠭ᠎ᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠥᠪᠳᠡᠯᠴᠡᠭᠡᠷ ᠲᠣᠭᠲᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠵᠢᠭᠡᠯᠡᠯᠭᠡ ᠶᠢᠨ ᠭᠤᠶᠤᠴᠢᠯᠠᠯ ᠭᠠᠷᠭᠠᠬᠤ ᠶᠢᠨ ᠬᠠᠮᠲᠤ ᠵᠣᠭᠤᠰ ᠵᠢᠭᠡᠯᠡᠬᠦ ᠭᠡᠷ᠎ᠡ ᠲᠣᠭᠲᠠᠵᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠲᠣᠬᠢᠷᠠᠭᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢ ᠴᠠᠭ ᠲᠤᠬᠠᠶ ᠳᠤᠨᠢ᠂ ᠲᠤᠭ᠎ᠠ ᠶᠣᠰᠣᠭᠠᠷ ᠲᠥᠯᠥᠵᠦ ᠥᠭᠬᠦᠨ᠎ᠡ᠃      ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠵᠣᠭᠤᠰ ᠵᠢᠭᠡᠯᠡᠬᠦ ᠪᠠᠷ ᠭᠤᠶᠤᠴᠢᠯᠠᠬᠰᠠᠨ ᠲᠥᠷᠥᠯ ᠵᠦᠢᠯ ᠳᠤ ᠲᠤᠰᠢᠶᠠᠯ ᠢᠶᠠᠨ ᠭᠦᠢᠴᠡᠳᠬᠡᠬᠦ ᠪᠠᠶᠢᠴᠠᠭᠠᠯᠲᠠ ᠪᠠ ᠬᠢᠨᠠᠨ ᠰᠢᠯᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠯᠤᠭ᠎ᠠ ᠲᠥᠷᠥᠯ ᠵᠦᠢᠯ ᠤᠨ ᠵᠣᠭᠤᠰ ᠵᠢᠭᠡᠯᠡᠬᠦ ᠭᠡᠷ᠎ᠡ ᠲᠣᠭᠲᠠᠵᠤ᠂ ᠪᠠᠷᠢᠯᠭ᠎ᠠ ᠶᠢᠨ ᠠᠬᠢᠴᠠ ᠶᠢ ᠦᠨᠳᠦᠰᠦᠯᠡᠨ ᠪᠡᠯᠡ ᠮᠥᠩᠭᠦ ᠲᠠᠷᠬᠠᠭᠠᠬᠤ ᠪᠠ ᠥᠭᠴᠦ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠤᠳᠠᠯᠳᠤᠨ ᠠᠪᠬᠤ ᠭᠤᠣᠯ ᠴᠣᠭᠴᠠ ᠶᠢᠨ ᠦᠢᠯᠡᠴᠢᠯᠡᠭᠡ ᠬᠤᠳᠠᠯᠳᠤᠨ ᠠᠪᠬᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠤᠳᠠᠯᠳᠤᠨ ᠠᠪᠬᠤ ᠪᠡᠯᠡ ᠮᠥᠩᠭᠦ ᠪᠠᠨ ᠴᠠᠭ ᠲᠤᠬᠠᠶ ᠳᠤᠨᠢ᠂ ᠲᠤᠭ᠎ᠠ ᠶᠣᠰᠣᠭᠠᠷ ᠥᠭᠬᠦ ᠶᠢ ᠰᠢᠮᠳᠠᠭᠤᠯᠤᠨ ᠱᠠᠭᠠᠷᠳᠠᠨ᠎ᠠ᠃      ᠪᠠᠩᠬᠢ ᠵᠠᠰᠠᠭ ᠠᠵᠤ ᠠᠬᠤᠶᠢᠯᠠᠯ ᠨᠢᠭᠲᠠ ᠬᠠᠮᠵᠢᠯᠴᠠᠨ᠎ᠠ — ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠬᠤ ᠪᠡᠯᠡ ᠲᠣᠬᠢᠷᠠᠭᠤᠯᠬᠤ ᠭᠤᠣᠯ ᠴᠣᠭᠴᠠ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠢ ᠬᠠᠪᠰᠤᠷᠤᠨ ᠢᠲᠡᠭᠡᠮᠵᠢᠲᠦ ᠵᠢᠭᠡᠯᠡᠯᠭᠡ ᠶᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠡ᠂ ᠲᠥᠷᠥᠯ ᠵᠦᠢᠯ ᠤᠨ ᠬᠠᠮᠢᠶ᠎ᠠ ᠪᠥᠬᠦᠢ ᠮᠠᠲ᠋ᠧᠷᠢᠶᠠᠯ᠄ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠡᠷᠡᠭᠵᠢᠭᠦᠯᠬᠦ ᠲᠥᠯᠥᠪᠯᠡᠭᠡ᠂ ᠠᠵᠢᠯ ᠤᠨ ᠲᠥᠰᠦᠯ ᠵᠡᠷᠭᠡ︔ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠳᠤ ᠣᠶᠣᠨᠴᠢᠷ ᠤᠨ ᠳᠡᠮᠵᠢᠯᠭᠡ ᠦᠵᠡᠭᠦᠯᠦᠨ᠎ᠡ᠄ ᠠᠵᠢᠯ ᠤᠨ ᠲᠥᠰᠦᠯ ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷᠲᠠᠢ ᠭᠠᠷᠴᠠᠭ ᠢ ᠵᠠᠰᠠᠨ ᠨᠠᠶᠢᠷᠠᠭᠤᠯᠬᠤ᠂ ᠲᠤᠰᠬᠠᠶ ᠵᠦᠢᠯ ᠢᠶᠠᠷ ᠬᠠᠮᠢᠶᠠᠷᠬᠤ ᠠᠷᠭ᠎ᠠ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠡᠷ᠎ᠡ ᠶᠢᠨ ᠪᠢᠴᠢᠭ ᠵᠡᠷᠭᠡ︔ ᠥᠪᠡᠷᠲᠡᠭᠡᠨ ᠵᠠᠰᠠᠬᠤ ᠣᠷᠣᠨ ᠤ ᠪᠡᠯᠡ ᠲᠣᠬᠢᠷᠠᠭᠤᠯᠬᠤ ᠭᠤᠣᠯ ᠴᠣᠭᠴᠠ ᠶᠢᠨ ᠬᠤᠯᠪᠣᠭᠳᠠᠯ ᠪᠦᠬᠦᠢ ᠮᠠᠲ᠋ᠧᠷᠢᠶᠠᠯ᠄ ᠵᠣᠬᠢᠶᠠᠨ ᠪᠠᠶᠢᠭᠤᠯᠬᠤ ᠲᠥᠰᠦᠯ᠂ ᠴᠤᠬᠤᠯᠠᠪᠣᠷᠢ ᠪᠢᠴᠢᠭ ᠮᠠᠲ᠋ᠧᠷᠢᠶᠠᠯ᠂ ᠬᠤᠯᠪᠣᠭᠳᠠᠯ ᠪᠦᠬᠦᠢ ᠬᠤᠷᠠᠯ ᠤᠨ ᠲᠣᠪᠴᠢ ᠲᠡᠮᠳᠡᠭᠯᠡᠯ ᠵᠡᠷᠭᠡ᠂ ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ᠂ ᠭᠠᠶᠢᠯᠢ ᠶᠢᠨ ᠶᠠᠪᠤᠳᠠᠯ ᠢ ᠳᠠᠩᠰᠠᠯᠠᠭᠤᠯᠤᠭᠰᠠᠨ ᠦᠨᠡᠮᠯᠡᠯ ᠵᠡᠷᠭᠡ ᠬᠤᠯᠪᠣᠭᠳᠠᠯ ᠪᠦᠭᠦᠢ ᠦᠨᠡᠮᠯᠡᠯ ᠬᠡᠷᠠᠴᠢ᠂ ᠬᠦᠷᠦᠩᠭᠡ ᠰᠢᠯᠭᠠᠭᠰᠠᠨ ᠮᠡᠳᠡᠭᠦᠯᠦᠯᠲᠡ᠂ ᠺᠣᠮᠫᠠᠨᠢ ᠶᠢᠨ ᠲᠦᠷᠢᠮ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠵᠡᠷᠭᠡ︔ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ︔ ᠡᠯ᠎ᠡ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠡᠳ᠋ ᠤᠨ ᠵᠠᠰᠠᠭ ᠤᠨ ᠮᠡᠳᠡᠭᠦᠯᠦᠯᠲᠡ ᠶᠢᠨ ᠬᠦᠰᠦᠨᠦᠭᠲᠦ ᠪᠤᠶᠤ ᠬᠤᠯᠪᠣᠭᠳᠠᠯ ᠪᠦᠬᠦᠢ ᠲᠤᠭ᠎ᠠ ᠪᠠᠷᠢᠮᠲᠠ ᠵᠡᠷᠭᠡ ᠪᠣᠯᠣᠨ᠎ᠠ᠃      ᠬᠥᠲᠥᠯᠥᠭᠴᠢ᠄      ᠵᠠ ᠰᠠᠶᠢᠨ ᠪᠣᠯᠣᠯ᠎ᠠ᠂ ᠸᠧᠨ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠤᠭ᠍ᠷᠠᠮ ᠳᠤ ᠪᠠᠶᠠᠷᠲᠠᠶᠢᠬᠠᠨ ᠵᠣᠯᠭᠠᠶ᠎ᠠ︕  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号