ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠬᠡᠷ ᠬᠤᠨᠢᠨ ᠮᠢᠬᠠᠨ ᠤ ᠠᠵᠤ ᠦᠢᠯᠡᠰ ᠤᠨ ᠶᠡᠭᠡ ᠬᠤᠷᠠᠯ‌‍ᠲ᠋ᠡᠭᠡᠷ᠎ᠡ 35 ᠳ᠋ᠦᠩᠰᠢᠭᠤᠷ ᠲᠦᠬᠦᠷᠢᠭ ᠤᠨ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2016/7/14
ᠠᠵᠤ ᠠᠬᠤᠶᠢᠯᠠᠯ ᠤᠨ ᠡᠯ᠎ᠡ ᠵᠦᠢᠯ ᠤᠨ ᠦᠬᠡᠷ ᠬᠤᠨᠢᠨ ᠮᠢᠬ᠎ᠠ ᠶᠢᠨ ᠪᠦᠲᠦᠭᠡᠭᠳᠡᠬᠦᠨ ᠨᠢ ᠬᠥᠮᠦᠰ ᠤᠨ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ
ᠠᠵᠤ ᠠᠬᠤᠶᠢᠯᠠᠯ ᠤᠨ ᠠᠬᠤᠢ ᠲᠠᠯᠠᠪᠤᠷ ᠲᠤ ᠲᠤᠭᠤᠷᠢᠨ ᠦᠵᠡᠭᠴᠢᠳ ᠲᠤ ᠠᠵᠤ ᠠᠬᠤᠶᠢᠯᠠᠯ ᠨᠡᠭᠡᠭᠡᠨ ᠬᠦᠭᠵᠢᠭᠦᠯᠦᠭᠰᠡᠨ ᠪᠦᠲᠦᠭᠡᠭᠲᠡᠬᠦᠨ ᠢᠶᠠᠨ ᠠᠮᠲᠠᠯᠠᠭᠤᠯᠵᠤ ᠪᠠᠶᠢᠨ᠎ᠠ
ᠬᠤᠨᠢᠨ ᠮᠢᠬ᠎ᠠ ᠪᠣᠯᠪᠠᠰᠤᠷᠠᠭᠤᠯᠬᠤ ᠠᠵᠤ ᠠᠬᠤᠶᠢᠯᠠᠯ ᠤᠨ ᠴᠡᠪᠡᠷᠰᠢᠭᠦᠯᠬᠦ ᠲᠡᠰᠤᠬ      7 ᠳ᠋ᠤᠭᠠᠷ ᠰᠠᠷ᠎ᠠ ᠶᠢᠨ 12᠎ ᠤᠨ ᠡᠳᠦᠷ᠂ 3 ᠡᠳᠦᠷ ᠶᠠᠪᠤᠭᠳᠠᠭᠰᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠬᠡᠷ ᠬᠤᠨᠢᠨ ᠮᠢᠬ᠎ᠠ ᠶᠢᠨ ᠠᠵᠤ ᠦᠢᠯᠡᠰ ᠤᠨ ᠶᠡᠭᠡ ᠬᠤᠷᠠᠯ ᠵᠢᠴᠢ ᠦᠬᠡᠷ ᠬᠤᠨᠢᠨ ᠮᠢᠬᠠᠨ ᠤ ᠠᠵᠤ ᠦᠢᠯᠡᠰ ᠤᠨ ᠴᠤᠭᠯᠠᠭᠠᠨ ᠤᠯᠠᠭᠠᠨᠬᠠᠳᠠ ᠬᠤᠲᠠ ᠳᠤ ᠲᠡᠭᠦᠰᠪᠡ᠃ ᠲᠤᠰ ᠤᠳᠠᠭᠠᠨ ᠤ ᠶᠡᠭᠡ ᠬᠤᠷᠠᠯ ᠤᠨ ᠲᠤᠬᠠᠶ ᠶᠢᠨ ᠲᠠᠯᠠᠪᠤᠷ ᠲᠤ 380 ᠭᠠᠷᠤᠶ ᠵᠦᠢᠯ ᠤᠨ ᠵᠥᠪᠯᠡᠯᠴᠡᠭᠡᠷ ᠭᠡᠷ᠎ᠡ ᠲᠤᠭᠲᠠᠵᠤ᠂ ᠭᠡᠷ᠎ᠡ ᠲᠣᠭᠲᠠᠭᠰᠠᠨ ᠮᠥᠩᠭᠦᠨ ᠤ ᠲᠤᠭ᠎ᠠ ᠨᠢ 35 ᠳ᠋ᠦᠩᠰᠢᠭᠤᠷ ᠭᠠᠷᠤᠶ ᠲᠥᠭᠦᠷᠢᠭ ᠲᠤ ᠬᠦᠷᠴᠡᠢ᠃ ᠤᠯᠠᠭᠠᠨᠬᠠᠳᠠ ᠬᠤᠲᠠ ᠶᠢ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠦᠬᠡᠷ ᠬᠤᠨᠢᠨ ᠮᠢᠬᠠᠨ ᠤ ᠢᠳᠡᠭᠡᠨ ᠤ ᠲᠦᠪ︾ ᠬᠡᠮᠡᠨ ᠨᠡᠷᠡᠶᠢᠳᠦᠭᠰᠡᠨ ᠪᠢᠯᠡ᠃      ᠲᠤᠰ ᠤᠳᠠᠭᠠᠨ ᠤ ᠶᠡᠭᠡ ᠬᠤᠷᠠᠯ ᠳᠤ ᠦᠬᠡᠷ ᠬᠤᠨᠢᠨ ᠮᠢᠬᠠᠨ ᠤ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠬᠡᠰᠡᠭ ᠤᠨ ᠲᠦᠭᠦᠬᠡᠶ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ᠂ ᠲᠥᠬᠦᠭᠡᠷᠦᠮᠵᠢ ᠶᠢᠨ ᠬᠤᠳᠠᠯᠳᠤᠭᠠᠴᠢᠨ ᠪᠠ ᠡᠳ᠋ᠰᠢᠭᠦᠯᠬᠦ ᠦᠢᠯᠡᠳᠪᠦᠷᠢ ᠶᠢᠨ ᠬᠤᠳᠠᠯᠳᠤᠭᠠᠴᠢᠨ ᠨᠠᠷ ᠤᠷᠤᠯᠴᠠᠭᠰᠠᠨ ᠪᠠᠶᠢᠨ᠎ᠠ᠃ 320 ᠠᠵᠤ ᠠᠬᠤᠶᠢᠯᠠᠯ 720 ᠦᠵᠡᠭᠦᠯᠦᠯᠭᠡ ᠶᠢᠨ ᠪᠠᠶᠢᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠳᠦᠷᠢ ᠲᠥᠷᠬᠦ ᠪᠠ ᠪᠣᠳᠠᠲᠤ ᠬᠦᠴᠦᠨ ᠢᠶᠠᠨ ᠳᠡᠯᠭᠡᠨ ᠦᠵᠡᠭᠦᠯᠵᠦ᠂ ᠦᠵᠡᠭᠰᠡᠳ ᠤᠨ ᠲᠤᠭ᠎ᠠ ᠨᠢ 2 ᠲᠦᠮᠡᠨ ᠬᠥᠮᠦᠨ ᠤᠳᠠᠭ᠎ᠠ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号