ᠪᠠᠶᠠᠨᠬᠤᠲᠠ ᠠᠴᠠ ᠢᠷᠭᠠᠢ ᠬᠦᠷᠬᠦ ᠲᠡᠮᠤᠷ ᠵᠠᠮ ᠵᠢᠴᠢ ᠬᠦᠢᠰᠦ ᠪᠠᠷᠢᠯᠭ᠎ᠠ ᠲᠠᠢ ᠬᠤᠯᠪᠣᠭᠳᠠᠬᠤ ᠬᠠᠶᠢᠨ | ᠪᠠᠶᠢᠴᠠᠭᠠᠵᠤ ᠵᠢᠷᠤᠵᠤ ᠲᠥᠯᠥᠪᠯᠡᠬᠦ ᠠᠵᠢᠯ ᠣᠷᠴᠢᠮᠬᠠᠨ ᠪᠦᠬᠦ ᠲᠠᠯ᠎ᠠ ᠪᠠᠷ ᠡᠬᠢᠯᠡᠵᠦ᠂ ᠪᠠᠶᠠᠨᠬᠤᠲᠠ ᠠᠴᠠ ᠢᠷᠭᠠᠢ | ᠬᠦᠷᠬᠦ ᠲᠡᠮᠦᠷ ᠵᠠᠮ ᠤᠨ ᠲᠥᠷᠥᠯ ᠵᠦᠢᠯ ᠪᠣᠳᠠᠲᠠᠢ ᠱᠠᠲᠤᠨ ᠳᠤ ᠤᠷᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ | ᠲᠤᠰ ᠲᠥᠷᠥᠯ ᠵᠦᠢᠯ ᠪᠣᠯ ᠰᠢᠨ᠎ᠡ ᠪᠠᠷ ᠪᠠᠶᠢᠭᠤᠯᠵᠤ ᠪᠠᠶᠢᠭ᠎ᠠ ᠪᠤᠭᠤᠲᠤ ᠠᠴᠠ ᠢᠷᠭᠠᠢ ᠬᠦᠷᠬᠦ ᠲᠡᠮᠦᠷ ᠵᠠᠮ ᠤᠨ | ᠰᠠᠯᠪᠤᠷᠢ ᠱᠤᠭᠤᠮ ᠪᠣᠯᠬᠤ ᠶᠢᠨ ᠬᠤᠪᠢ ᠳᠤ᠂ ᠵᠢᠱᠢᠯᠲᠡ ᠪᠠᠷ ᠪᠣᠯᠣᠮᠵᠢᠲᠤ ᠰᠤᠳᠤᠯᠭᠠᠨ ᠵᠢᠴᠢ ᠳᠠᠷᠠᠭᠠᠴᠢ ᠶᠢᠨ | ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠢᠯ ᠢ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ | ᠢᠯᠡ ᠪᠠᠷ ᠬᠠᠮᠲᠤ ᠳᠤᠨᠢ ᠳᠠᠭᠠᠭᠠᠴᠢᠯᠠᠯᠲᠠ ᠵᠠᠷᠯᠠᠭᠰᠠᠨ ᠪᠥᠭᠡᠳ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠴᠠ | ᠡᠮᠦᠨᠡᠬᠢ ᠬᠤᠭᠤᠴᠠᠭᠠᠨ ᠤ ᠠᠵᠢᠯ ᠢ ᠬᠢᠬᠦ ᠨᠢᠭᠡᠴᠡ ᠶᠢ ᠨᠢᠭᠡᠨᠲᠡ ᠲᠣᠭᠲᠠᠭᠠᠪᠠ᠃ | ᠠᠯᠠᠱᠨ ᠠᠶᠢᠮᠠᠭ ᠤᠨ ᠪᠠᠶᠠᠨᠬᠤᠲᠠ ᠪᠣᠯ ᠥᠪᠥᠷ ᠮᠣᠩᠭᠤᠯ ᠤᠨ 12 ᠠᠶᠢᠮᠠᠭ ᠬᠤᠳᠠ ᠳᠣᠲᠣᠷᠠᠬᠢ ᠴᠤᠷ ᠤᠨ | ᠭᠠᠭᠴᠠ ᠠᠶᠢᠮᠠᠭ ᠤᠨ ᠵᠠᠰᠠᠭ ᠤᠨ ᠣᠷᠳᠣᠨ ᠰᠠᠭᠤᠷᠢᠰᠢᠵᠤ ᠪᠠᠶᠢᠭ᠎ᠠ ᠲᠠᠮᠤᠷ ᠵᠠᠮ ᠦᠭᠡᠢ ᠬᠤᠲᠠ ᠪᠣᠯᠣᠨ᠎ᠠ᠂ ︽ | ᠶᠠᠪᠤᠵᠤ ᠰᠠᠭᠤᠬᠤ ᠳᠤ ᠪᠡᠷᠬᠡᠲᠡᠶ︾ ᠪᠠᠶᠢᠬᠤ ᠪᠣᠯ ᠬᠥᠭᠵᠢᠯᠲᠡ ᠶᠢᠨ ᠪᠣᠭᠤᠮᠢ ᠪᠣᠯᠵᠤ ᠲᠤᠬᠠᠶ ᠶᠢᠨ ᠭᠠᠵᠠᠷ ᠤᠨ ᠠᠵᠤ | ᠠᠬᠤᠶ ᠶᠢ ᠬᠢᠵᠠᠭᠠᠷᠯᠠᠵᠤ ᠪᠠᠶᠢᠭ᠎ᠠ ᠴᠢᠬᠤᠯᠠ ᠬᠦᠴᠦᠨ ᠵᠦᠢᠯ ᠪᠣᠯᠤᠭᠰᠠᠭᠠᠷ ᠢᠷᠡᠵᠡᠢ᠂ ᠪᠠᠰᠠ ᠴᠤ ᠲᠤᠬᠠᠶ ᠶᠢᠨ | ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠰᠡᠨ ᠮᠥᠷᠥᠭᠡᠳᠴᠦ ᠪᠠᠶᠢᠭ᠎ᠠ ᠰᠢᠢᠳᠪᠦᠷᠢᠯᠡᠬᠦ | ᠴᠢᠬᠤᠯᠠᠲᠠᠢ ᠠᠰᠠᠭᠤᠳᠠᠯ ᠮᠥᠨ᠃ 2015 ᠣᠨ ᠤ ᠡᠴᠦᠰ ᠲᠤ᠂ ᠣᠷᠣᠨ ᠨᠤᠲᠤᠭ ᠪᠠ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠠᠳ᠂ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠤᠨ | ᠲᠥᠷᠥᠯ ᠵᠦᠢᠯ ᠢ ᠤᠯᠤᠰ ᠤᠨ ᠲᠡᠮᠦᠷ ᠵᠠᠮ ᠤᠨ ᠬᠥᠭᠵᠢᠯᠲᠡ ᠶᠢᠨ ᠤᠷᠲᠤᠪᠲᠤᠷ ᠬᠤᠭᠤᠴᠠᠭᠠᠨ ᠤ ᠲᠥᠯᠥᠪᠵᠢᠭᠦᠯᠭᠡ | ᠳᠤ ᠣᠷᠣᠭᠤᠯᠪᠠ᠃ ᠡᠨᠡ ᠬᠦ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠪᠠ ᠨᠢᠩᠰᠢᠶᠠ ᠶᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ | ᠲᠡᠮᠦᠷ ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ ᠳᠤ ᠠᠯᠪᠠᠨ ᠪᠢᠴᠢᠭ | ᠶᠠᠪᠤᠭᠤᠯᠵᠤ᠂ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠤᠨ ᠲᠥᠷᠥᠯ ᠵᠦᠢᠯ ᠢ ︽13 · 5︾ ᠶᠢᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠤᠭᠤᠲᠤ ᠠᠴᠠ ᠢᠷᠭᠠᠢ ᠬᠦᠷᠬᠦ ᠲᠡᠮᠦᠷ ᠵᠠᠮ ᠤᠨ ᠰᠠᠯᠪᠤᠷᠢ | ᠱᠤᠭᠤᠮ ᠪᠣᠯᠭᠠᠬᠤ ᠪᠠᠷ ᠭᠤᠶᠤᠴᠢᠯᠠᠪᠠ᠃ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠤᠨ ᠲᠥᠷᠥᠯ ᠵᠦᠢᠯ ᠪᠣᠯ | ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ᠂ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠨ ᠬᠥᠭᠵᠢᠭᠦᠯᠬᠦ ᠶᠢ ᠬᠠᠶᠢᠨ | ᠰᠦᠪᠡᠭᠴᠢᠯᠡᠬᠦ ᠪᠣᠳᠠᠲᠠᠶ ᠠᠵᠢᠯᠯᠠᠭ᠎ᠠ ᠮᠥᠨ᠂ ᠮᠥᠨᠴᠦ ᠠᠯᠠᠱᠠ ᠠᠶᠢᠮᠠᠭ ᠨᠢ ᠬᠥᠬᠡᠬᠤᠲᠠ ᠪᠤᠭᠤᠲᠤ ᠢᠷᠭᠠᠢ ᠢᠦᠢ | ᠯᠢᠨ ᠤ ᠠᠵᠤ ᠠᠬᠤᠶ ᠶᠢᠨ ᠣᠷᠣᠨ ᠪᠠ ᠨᠢᠩᠰᠢᠶᠠ ᠥᠪᠥᠷ ᠮᠣᠩᠭᠤᠯ ᠱᠠᠨᠰᠢ ᠭᠠᠨᠰᠦ ᠶᠢᠨ ᠬᠥᠷᠰᠢ ᠵᠡᠷᠭᠡᠯᠡᠳᠡᠭᠡ | ᠣᠷᠣᠨ ᠤ ᠭᠤᠣᠯ ᠬᠤᠲᠠ ᠪᠣᠯᠵᠤ᠂ ︽ᠵᠡᠭᠦᠨ ᠪᠠᠷᠠᠭᠤᠨ ᠢ ᠬᠤᠯᠪᠣᠵᠤ᠂ ᠡᠮᠦᠨᠡᠰᠢ ᠤᠮᠠᠷᠠᠰᠢ ᠪᠠᠨ ᠥᠷᠭᠡᠳᠬᠡᠬᠦ︾ | ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠲᠠᠢ ᠪᠠᠶᠢᠵᠤ᠂ ᠬᠠᠷᠢᠯᠴᠠᠨ ᠬᠤᠯᠪᠣᠨ ᠨᠡᠪᠲᠡᠷᠡᠯᠴᠡᠭᠦᠯᠬᠦ ᠴᠢᠬᠤᠯᠠ ᠶᠡᠭᠡ | ᠰᠠᠭᠤᠷᠢ ᠪᠡᠯᠡᠳᠬᠡᠮᠵᠢ ᠶᠢᠨ ᠵᠠᠩᠭᠢᠯᠠᠭ᠎ᠠ ᠪᠣᠯᠬᠤ ᠶᠤᠮ᠃ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ | ᠠᠯᠠᠱᠠ ᠠᠶᠢᠮᠠᠭ ᠨᠢ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠣᠯᠤᠨ ︽ᠳᠤᠮᠳᠠᠳᠤ ᠣᠷᠣᠰ | ᠮᠣᠩᠭᠤᠯ ᠤᠨ ᠠᠵᠤ ᠠᠬᠤᠶ ᠶᠢᠨ ᠬᠤᠩᠭᠢᠯ︾ ᠳᠤ ᠰᠠᠶᠢᠲᠤᠷ ᠦᠢᠯᠡᠴᠢᠯᠡᠬᠦ ᠭᠤᠣᠯ ᠵᠠᠮ ᠪᠣᠯᠬᠤ ᠨᠢ ᠳᠠᠮᠵᠢᠭ ᠦᠭᠡᠢ | ᠶᠤᠮ᠃ |