ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2016/7/15
     7 ᠳ᠋ᠤᠭᠠᠷ ᠰᠠᠷ᠎ᠠ ᠶᠢᠨ 12᠎ ᠤᠨ ᠡᠳᠦᠷ  ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠯᠢᠨ ᠾᠧ ᠲᠤᠭᠤᠷᠢᠭ ᠤᠨ ᠪᠠ ᠢ ᠰᠢᠶᠠᠩ ᠤᠨ ᠯᠢᠶᠠᠨ ᠹᠧᠩ ᠲᠤᠰᠬᠤᠨ ᠳᠤ ᠪᠠᠶᠢᠴᠠᠭᠠᠨ ᠰᠤᠳᠤᠯᠤᠯᠲᠠ ᠬᠢᠵᠤ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠡᠾᠧ ᠶᠦᠡᠭ ᠯᠢᠨ ᠨᠠᠷ ᠪᠠᠷ᠎ᠠ ᠪᠤᠯᠤᠯᠴᠠᠪᠠ᠃      7 ᠳ᠋ᠤᠭᠠᠷ ᠰᠠᠷ᠎ᠠ ᠶᠢᠨ 12᠎ ᠤᠨ ᠡᠳᠦᠷ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠭᠦᠨ᠂ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠪᠠᠶᠠᠨᠨᠠᠭᠤᠷ ᠬᠤᠲᠠ ᠶᠢᠨ ᠯᠢᠨ ᠾᠧ ᠲᠤᠭᠤᠷᠢᠭ᠂ ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠲᠤ ᠭᠤᠤᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ᠂ ᠤᠯᠠᠨ ᠲᠦᠮᠡᠨ ᠲᠤ ᠬᠠᠨᠤᠮᠵᠢᠲᠠᠢ ᠠᠷᠠᠳ ᠤᠨ ᠠᠮᠢᠳᠤᠷᠠᠯ ᠤᠨ ᠴᠢᠨᠠᠷ ᠰᠠᠶᠢᠲᠠᠢ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠠᠢ ᠭᠡᠪᠠ᠃      ᠵᠠᠩ ᠯᠢ ᠪᠠᠶᠠᠨᠨᠠᠭᠤᠷ ᠬᠤᠲᠠ ᠶᠢᠨ ᠡᠮᠨᠡᠯᠭᠡ ᠶᠢᠨ ᠬᠤᠷᠢᠶᠠᠨ ᠤ ᠰᠢᠨ᠎ᠡ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠪᠤᠷᠤᠲᠤᠬᠤᠢ ᠲᠡᠭᠡᠳᠦ ᠰᠤᠷᠭᠠᠭᠤᠯᠢ ᠶᠢᠨ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠪᠠ ᠢ ᠰᠢᠶᠠᠩ ᠤᠨ ᠯᠢᠶᠠᠨ ᠹᠧᠩ ᠲᠤᠰᠬᠤᠨ᠂ ᠯᠠᠩ ᠱᠠᠨ ᠪᠠᠯᠭᠠᠰᠤᠨ ᠤ ᠹᠦ᠋ ᠴᠢᠶᠠᠩ ᠲᠤᠰᠬᠤᠨ᠂ ᠹᠦ᠋ ᠴᠤᠧᠠᠨ ᠮᠢᠬᠠᠨ ᠤ ᠬᠤᠨᠢ ᠲᠡᠵᠢᠭᠡᠵᠦ ᠦᠷᠡᠵᠢᠭᠦᠯᠬᠦ ᠰᠠᠭᠤᠷᠢᠨ᠂ ᠰᠧ ᠪᠠᠢ ᠡᠧᠨ ᠭᠦᠵᠡᠯᠵᠡᠭᠡᠨ᠎ᠡ ᠶᠢᠨ ᠰᠠᠭᠤᠷᠢᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠬ ᠰᠢᠮ᠎ᠡ ᠡᠳ᠋ᠰᠢᠭᠦᠯᠬᠦ ᠠᠵᠦ ᠦᠢᠯᠡᠰ ᠤᠨ ᠬᠦᠭᠵᠢᠯᠲᠡ᠂ ᠦᠪᠡᠷᠮᠢᠴᠡ ᠤᠨᠴᠠᠯᠢᠭ ᠲᠠᠢ ᠠᠵᠦ ᠦᠢᠯᠡᠰ ᠢ ᠪᠤᠶᠢᠵᠢᠭᠤᠯᠬᠤ᠂ ᠬᠦᠳᠡᠭᠡ ᠨᠤᠲᠤᠭ ᠤᠨ ᠵᠢᠭᠤᠯᠴᠢᠯᠠᠯ ᠤᠨ ᠬᠦᠭᠵᠢᠯᠲᠡ ᠵᠡᠷᠬᠡ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠠᠷᠢᠨ ᠨᠢᠮᠪᠠᠢ ᠠᠰᠠᠭᠤᠨ ᠤᠢᠢᠯᠠᠭᠠᠵᠠᠢ᠃      ᠵᠠᠩ ᠯᠢ ᠵᠢᠭᠠᠵᠦ ᠭᠠᠷᠭᠠᠬᠰᠠᠨ ᠨᠢ ᠪᠤᠷᠤᠲᠤᠬᠤᠢ ᠲᠡᠭᠡᠳᠦ ᠰᠤᠷᠭᠠᠭᠤᠯᠢ ᠶᠢᠨ ᠰᠢᠨ᠎ᠡ ᠲᠤᠭᠤᠷᠢᠭ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠭᠠᠵᠠᠷ ᠵᠡᠷᠭᠡ ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠲᠡᠪᠬᠢᠲᠠᠢ ᠠᠬᠢᠭᠤᠯᠬᠤ ᠨᠢ ᠤᠷᠤᠨ ᠪᠦᠰᠡ ᠶᠢᠨ ᠰᠤᠷᠭᠠᠨ ᠬᠦᠮᠦᠵᠢᠯ ᠤᠨ ᠬᠦᠭᠵᠢᠯᠲᠡ ᠪᠤᠯᠤᠨ ᠡᠮ ᠡᠮᠨᠡᠯᠭᠡ ᠶᠢᠨ ᠦᠢᠯᠡᠴᠢᠯᠡᠭᠡ ᠶᠢᠨ ᠲᠦᠪᠰᠢᠨ ᠢ ᠲᠡᠭᠡᠭᠰᠢᠯᠡᠭᠦᠯᠵᠦ᠂ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠦᠬᠦᠢ ᠴᠢᠨᠠᠷ ᠰᠠᠶᠢᠲᠠᠢ ᠰᠤᠷᠭᠠᠨ ᠬᠦᠮᠦᠵᠢᠯ᠂ ᠡᠮ ᠡᠮᠨᠡᠯᠭᠡ ᠶᠢᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠂ ᠬᠠᠷᠢᠭᠤᠴᠠᠯᠭᠠᠲᠦ ᠰᠡᠳᠭᠢᠯᠭᠡ ᠪᠤᠯᠤᠨ ᠡᠭᠦᠷᠭᠡ ᠬᠠᠷᠢᠭᠤᠴᠠᠬᠤ ᠰᠡᠳᠭᠢᠯᠭᠡ ᠪᠠᠨ ᠦᠨᠡᠨᠬᠦ ᠨᠡᠮᠡᠭᠳᠡᠭᠦᠯᠵᠦ᠂ ᠨᠠᠷᠢᠨ ᠨᠢᠮᠪᠠᠢ ᠵᠤᠬᠢᠶᠠᠨ ᠪᠠᠶᠢᠭᠤᠯᠵᠦ᠂ ᠵᠦᠢ ᠵᠤᠬᠢᠰᠲᠠᠢ ᠨᠢᠭᠡᠲᠦᠯᠲᠠᠢ ᠲᠦᠯᠦᠪᠯᠡᠵᠦ᠂ ᠰᠢᠨᠵᠢᠯᠠᠬᠦ ᠤᠬᠠᠭᠠᠨᠴᠢ ᠪᠠᠷ ᠠᠵᠢᠯ ᠢᠶᠠᠨ ᠬᠢᠵᠦ᠂ ᠪᠦᠲᠦᠭᠡᠨ ᠪᠠᠶᠢᠭᠤᠯᠤᠯᠲᠠ ᠶᠢᠨ ᠶᠠᠰᠦ ᠴᠢᠨᠠᠷ ᠤᠨ ᠪᠤᠭᠤᠮᠲᠠ ᠶᠢ ᠴᠢᠩᠭ᠎ᠠ ᠠᠳᠬᠤᠵᠦ᠂ ᠤᠯᠠᠨ ᠲᠦᠮᠡᠨ ᠳᠤ ᠬᠠᠨᠤᠮᠵᠢᠲᠠᠢ ᠠᠷᠠᠳ ᠤᠨ ᠠᠮᠢᠳᠤᠷᠠᠯ ᠤᠨ ᠴᠢᠨᠠᠷ ᠰᠠᠶᠢᠲᠠᠢ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠠᠢ ᠭᠡᠪᠠ᠃      ᠵᠠᠩ ᠯᠢ ᠴᠢᠬᠤᠯᠠᠴᠢᠯᠠᠬᠰᠠᠨ ᠨᠢ᠂ ᠠᠶᠤᠯ ᠦᠭᠡᠢ ᠦᠢᠯᠡᠳᠪᠤᠷᠢᠯᠡᠯ ᠤᠨ ᠱᠠᠭᠠᠷᠳᠠᠯᠭ᠎ᠠ ᠶᠢ ᠴᠠᠭ ᠢᠮᠠᠭᠳᠠ ᠴᠢᠩᠭᠠᠷᠠᠭᠤᠯᠵᠦ᠂ ᠬᠡᠵᠢᠶ᠎ᠡ ᠴᠤ ᠠᠶᠤᠯ ᠦᠭᠡᠢ ᠦᠢᠯᠡᠳᠪᠤᠷᠢᠯᠡᠯ ᠢ ᠠᠳᠬᠤᠬᠤ ᠵᠤᠷᠢᠭ ᠢᠶᠠᠨ ᠪᠦᠷ ᠬᠤᠪᠢᠷᠠᠭᠤᠯᠵᠦ ᠪᠤᠯᠬᠤ ᠦᠭᠡᠢ᠂ ᠠᠶᠤᠯ ᠦᠭᠡᠢ ᠦᠢᠯᠡᠳᠪᠤᠷᠢᠯᠡᠯ ᠢ ᠠᠳᠬᠤᠬᠤ ᠡᠷᠴᠢᠮ ᠢᠶᠠᠨ ᠪᠦᠷ ᠰᠤᠯᠠᠷᠠᠭᠤᠯᠵᠦ ᠪᠤᠯᠬᠤ ᠦᠭᠡᠢ︔ ᠮᠠᠯ ᠠᠵᠦ ᠠᠬᠤᠢ ᠳᠠᠷᠢᠶᠠᠯᠠᠩ ᠤᠨ ᠰᠠᠭᠤᠷᠢ ᠪᠤᠯᠬᠤ ᠪᠠᠶᠢᠷᠢ ᠰᠠᠭᠤᠷᠢ ᠶᠢ ᠤᠯᠠᠮ ᠪᠠᠲᠤᠵᠢᠭᠤᠯᠤᠨ ᠴᠢᠩᠭᠠᠳᠬᠠᠵᠦ᠂ ᠤᠳᠤ ᠦᠶ᠎ᠡ ᠶᠢᠨ ᠮᠠᠯ ᠠᠵᠦ ᠠᠬᠤᠢ ᠳᠠᠷᠢᠶᠠᠯᠠᠩ ᠤᠨ ᠬᠦᠭᠵᠢᠯᠲᠡ ᠶᠢᠨ ᠠᠯᠬᠤᠮ ᠢᠶᠠᠨ ᠲᠦᠷᠭᠡᠳᠬᠡᠵᠦ᠂ ᠡᠷᠴᠢᠮᠵᠢᠭᠦᠯᠬᠦ᠂ ᠬᠡᠪᠴᠢᠶᠡᠵᠢᠭᠦᠯᠬᠦ᠂ ᠠᠵᠦ ᠦᠢᠯᠡᠰᠵᠢᠬᠦᠯᠬᠦ ᠬᠦᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠠᠢ︔ ᠲᠠᠭᠠᠭᠤᠯᠤᠬᠴᠢ ᠠᠵᠦ ᠠᠬᠤᠢᠢᠯᠠᠯ ᠪᠤᠯᠤᠨ ᠮᠠᠯᠴᠢᠨ ᠳᠠᠷᠢᠶᠠᠴᠢᠨ ᠤ ᠠᠰᠢᠭ ᠲᠤᠰᠠ ᠶᠢ ᠬᠤᠯᠪᠤᠬᠤ ᠲᠤᠭᠲᠠᠴᠠ ᠶᠢ ᠬᠠᠶᠢᠨ ᠰᠦᠪᠡᠭᠴᠢᠯᠡᠵᠦ᠂ ᠮᠠᠯ ᠠᠵᠦ ᠠᠬᠤᠢ ᠳᠠᠷᠢᠶᠠᠯᠠᠩ ᠤᠨ ᠠᠵᠦ ᠦᠢᠯᠡᠰᠵᠢᠭᠰᠡᠨ ᠡᠵᠡᠩᠨᠡᠯᠲᠡ ᠶᠢᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠠᠢ︔ ᠭᠠᠵᠠᠷ ᠤᠷᠤᠨ ᠤ ᠡᠬᠢ ᠪᠠᠶᠠᠯᠢᠭ ᠤᠨ ᠲᠠᠪᠠᠭᠤᠯᠢᠭ ᠲᠤ ᠰᠠᠭᠤᠷᠢᠯᠠᠨ᠂ ᠠᠵᠦ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠲᠦᠷᠭᠡᠳᠬᠡᠵᠦ᠂ ᠤᠨᠴᠠᠯᠢᠬᠲᠦ ᠲᠠᠪᠠᠭᠤᠯᠢᠭ ᠠᠵᠦ ᠦᠢᠯᠡᠰ ᠢ ᠲᠠᠰᠤᠷᠠᠯᠲᠠ ᠦᠭᠡᠢ ᠬᠦᠭᠵᠢᠬᠦᠯᠦᠨ ᠪᠤᠵᠠᠭᠠᠢᠢᠷᠠᠭᠤᠯᠵᠦ᠂ ᠤᠷᠤᠨ ᠪᠦᠰᠡ ᠶᠢᠨ ᠤᠨᠴᠠᠯᠢᠭ ᠲᠠᠢ ᠬᠦᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠠᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号