ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠶᠢᠨ ᠦᠨᠡᠮᠯᠡᠯ ᠢ ᠢᠯᠭᠠᠷᠠᠭᠤᠯᠤᠨ ᠰᠣᠯᠢᠵᠤ ᠣᠯᠭᠤᠬᠤ ᠵᠢᠴᠢ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠤᠨ ᠠᠵᠢᠯᠲᠠᠨ ᠤ ᠬᠢᠷᠢ ᠬᠡᠮ ᠢ ᠦᠨᠡᠯᠡᠬᠦ ᠠᠵᠢᠯ ᠢ ᠦᠷᠨᠢᠭᠦᠯᠬᠦ ᠳᠥᠯᠭᠢᠨ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/7/15
     7 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠬᠥᠬᠡᠬᠤᠲᠠ ᠳᠤ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠶᠢᠨ ᠦᠨᠡᠮᠯᠡᠯ ᠢ ᠢᠯᠭᠠᠷᠠᠭᠤᠯᠤᠨ ᠰᠣᠯᠢᠵᠤ ᠣᠯᠭᠤᠬᠤ ᠠᠵᠢᠯ ᠪᠠ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠤᠨ ᠠᠵᠢᠯᠲᠠᠨ ᠤ ᠬᠢᠷᠢ ᠬᠡᠮ ᠢ ᠦᠨᠡᠯᠡᠬᠦ ᠠᠵᠢᠯ ᠢ ᠦᠷᠨᠢᠭᠦᠯᠬᠦ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠤᠤ ᠽᠧ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠭᠰᠠᠨ ᠪᠦᠭᠡᠳ ᠡᠯ᠎ᠡ ᠠᠶᠢᠮᠠᠭ ᠬᠤᠲᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠨᠠᠷ ᠲᠠᠢ ᠲᠦᠯᠬᠢᠨ ᠠᠬᠢᠭᠤᠯᠬᠤ ᠠᠵᠢᠯ ᠤᠨ ᠲᠤᠬᠠᠢ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠬᠤᠷᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2015 — 2020 ᠣᠨ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠶᠢᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︵ᠵᠠᠰᠠᠭ ᠤᠨ ᠤᠷᠳᠤᠨ ᠵᠠᠷᠯᠢᠭ 216 ᠳ᠋ᠤᠭᠠᠷ ᠲᠣᠭᠠᠲᠤ︶᠎ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2016 ᠣᠨ ᠤ ᠪᠦᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠴᠢ ᠳᠤ ᠰᠢᠨ᠎ᠡ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠯᠭᠠᠷᠠᠭᠤᠯᠤᠨ ᠰᠣᠯᠢᠵᠤ ᠣᠯᠭᠤᠬᠤ ᠪᠠ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠤᠨ ᠠᠵᠢᠯᠲᠠᠨ ᠤ ᠬᠢᠷᠢ ᠬᠡᠮ ᠢ ᠦᠨᠡᠯᠡᠬᠦ ᠠᠵᠢᠯ ᠢ ᠤᠯᠠᠮ ᠲᠥᠯᠬᠢᠨ ᠠᠬᠢᠭᠤᠯᠬᠤ ᠪᠠᠷ ᠭᠤᠣᠯ ᠵᠣᠷᠢᠯᠭ᠎ᠠ ᠪᠠᠨ ᠪᠣᠯᠭᠠᠵᠠᠢ᠃ ᠡᠯ᠎ᠡ ᠠᠶᠢᠮᠠᠭ ᠬᠤᠳᠠ ᠶᠢᠨ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠵᠢᠴᠢ ᠡᠯ᠎ᠡ ᠰᠠᠯᠠᠭ᠎ᠠ ᠮᠦᠴᠢᠷ ᠤᠨ ᠬᠠᠤᠯᠢ ᠲᠥᠷᠢᠮ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠤᠨ ᠪᠠᠶᠢᠭᠤᠯᠭ᠎ᠠ ᠶᠢᠨ ᠺᠠᠳ᠋ᠷ ᠨᠡᠶᠢᠲᠡ 120 ᠭᠠᠷᠤᠶ ᠬᠥᠮᠦᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠴᠢᠶᠤᠤ ᠰᠢᠨ ᠭᠤᠣᠯᠳᠠᠭᠤ ᠬᠤᠶᠠᠷ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠲᠥᠰᠦᠯ ᠪᠠ ᠱᠠᠭᠠᠷᠳᠠᠯᠭ᠎ᠠ ᠶᠢ ᠲᠤᠰᠬᠠᠶ ᠪᠠᠶᠢᠷᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠵᠠᠩ ᠰᠢᠶᠤᠤ ᠫᠢᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠵᠢᠶᠠ ᠯᠢ ᠬᠤᠷᠠᠯ ᠡᠷᠭᠢᠯᠡᠪᠡ᠃      ᠬᠤᠤ ᠽᠧ ᠵᠢᠶᠦ᠋ᠨ 2016 ᠣᠨ ᠤ ᠳᠣᠣᠷ᠎ᠠ ᠬᠠᠭᠠᠰ ᠵᠢᠯ ᠤᠨ ᠪᠦᠬᠦ ᠣᠷᠣᠨ ᠤ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠢ ᠰᠠᠶᠢᠲᠤᠷ ᠪᠡᠶᠡᠯᠡᠭᠦᠯᠬᠦ ᠲᠤᠬᠠᠢ ᠵᠢᠷᠭᠤᠭᠠᠨ ᠱᠠᠭᠠᠷᠳᠠᠯᠭ᠎ᠠ ᠳᠤᠷᠠᠳᠪᠠ᠄ ᠨᠢᠭᠡ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠦᠨᠳᠦᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ᠃ ᠬᠤᠶᠠᠷ ᠲᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠪᠠᠶᠢᠭᠤᠯᠤᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠶ᠃ ᠭᠤᠷᠪᠠ ᠳᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠲᠦᠷᠪᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠢ ᠬᠦᠴᠦ ᠲᠠᠯᠪᠢᠨ ᠦᠭᠡᠷᠡᠴᠢᠯᠡᠬᠦ ᠬᠡᠷᠡᠭᠲᠡᠢ᠃ ᠲᠠᠪᠤ ᠳᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠪᠦᠲᠦᠮᠵᠢᠲᠡᠶ ᠪᠠᠷ ᠠᠷᠢᠯᠭᠠᠬᠤ ᠬᠡᠷᠡᠭᠲᠡᠶ᠃ ᠵᠢᠷᠭᠤᠭ᠎ᠠ ᠳᠤ ᠬᠠᠤᠯᠢ ᠲᠦᠷᠢᠮ ᠤᠨ ᠡᠩᠨᠡᠭᠡᠨ ᠤ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号