ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠭᠠᠳᠠᠭᠠᠳᠤ ᠳᠤ ᠭᠠᠷᠭᠠᠭᠰᠠᠨ ᠴᠠᠬᠢᠯᠭᠠᠨ ᠬᠦᠴᠦᠨ ᠤ ᠨᠡᠮᠡᠭᠳᠡᠯ ᠬᠤᠶᠠᠷ ᠬᠤᠪᠢ ᠶᠢ ᠳᠠᠪᠠᠪᠠ
ᠨᠡᠶᠢᠲᠡᠯᠡᠭᠰᠡᠨ ᠴᠠᠭ᠄
2016/7/15
      ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠭᠴᠠᠮᠣᠳᠣ ᠪᠣᠭᠤᠮᠲᠠ ᠠᠴᠠ ᠮᠣᠩᠭᠤᠯ ᠤᠯᠤᠰ ᠳᠤ 5.57 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 21.88%᠎ ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠦᠷᠳᠡᠭ ᠨᠢ 3.46 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.11%᠎ ᠪᠠᠷ ᠨᠡᠮᠡᠭᠳᠡᠪᠡ᠃ ᠬᠥᠬᠡᠬᠤᠲᠠ ᠪᠣᠭᠤᠮᠲᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠭᠠᠳᠠᠭᠠᠳᠤ ᠳᠤ ᠭᠠᠷᠭᠠᠬᠤ ᠴᠠᠬᠢᠯᠭᠠᠨ ᠬᠦᠴᠦᠨ ᠨᠢ ᠭᠤᠣᠯᠳᠠᠭᠤ ᠭᠠᠭᠴᠠᠮᠣᠳᠣ ᠪᠣᠭᠤᠮᠲᠠ ᠠᠴᠠ ᠮᠣᠩᠭᠤᠯ ᠤᠯᠤᠰ ᠤᠨ ᠣᠭ᠍ᠶᠦ ᠲᠣᠯᠣᠭᠠᠶ ᠵᠡᠰ ᠤᠨ ᠠᠭᠤᠷᠬᠠᠢ ᠳᠤ ᠴᠠᠬᠢᠯᠭᠠᠨ ᠬᠠᠩᠭᠠᠵᠤ᠂ ᠬᠠᠩᠭᠠᠯᠲᠠ ᠶᠢᠨ ᠨᠤᠷᠮ᠎ᠠ ᠨᠢ ᠤᠢᠢᠷ᠎ᠠ ᠶᠢᠨ ᠵᠢᠯ ᠤᠳ ᠲᠤ ᠦᠷᠭᠦᠯᠵᠢᠯᠡᠨ ᠨᠡᠮᠡᠭᠳᠡᠬᠦ ᠪᠠᠶᠢᠳᠠᠯ ᠢᠯᠡᠷᠡᠪᠡ᠃ ᠪᠦᠷᠢᠳᠬᠡᠯ ᠢ ᠦᠨᠳᠦᠰᠦᠯᠡᠪᠡᠯ᠂ 2014 ᠣᠨ ᠪᠦᠬᠦ ᠵᠢᠯ ᠳᠤ ᠭᠠᠭᠴᠠᠮᠣᠳᠣ ᠪᠣᠭᠤᠮᠲᠠ ᠠᠴᠠ ᠮᠣᠩᠭᠤᠯ ᠤᠯᠤᠰ ᠲᠤ 9.91 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠬᠠᠩᠭᠠᠵᠤ᠂ ᠠᠳᠠᠯᠢ ᠬᠤᠭᠤᠴᠠᠭᠠᠨ ᠤ ᠬᠢ ᠠᠴᠠ 26.71%᠎ ᠪᠠᠷ ᠨᠡᠮᠡᠭᠳᠡᠵᠦ᠂ ᠠᠷᠠᠯᠵᠢᠶᠠᠨ ᠤ ᠥᠷᠳᠡᠭ ᠨᠢ 6.47 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠬᠦᠷᠴᠦ᠂ ᠠᠳᠠᠯᠢ ᠬᠤᠭᠤᠴᠠᠭᠠᠨ ᠠᠴᠠ 26.7%᠎ ᠪᠠᠷ ᠨᠡᠮᠡᠭᠳᠡᠪᠡ︔ 2015 ᠣᠨ ᠳᠤ ᠭᠠᠭᠴᠠᠮᠣᠳᠣ ᠪᠣᠭᠤᠮᠲᠠ ᠠᠴᠠ ᠮᠣᠩᠭᠤᠯ ᠤᠯᠤᠰ ᠲᠤ 10.91 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠬᠠᠩᠭᠠᠵᠤ᠂ ᠠᠳᠠᠯᠢ ᠬᠤᠭᠤᠴᠠᠭᠠᠨ ᠤ ᠬᠢ ᠠᠴᠠ 10.07%᠎ ᠪᠠᠷ ᠨᠡᠮᠡᠭᠳᠡᠵᠦ᠂ ᠠᠷᠠᠯᠵᠢᠶᠠᠨ ᠤ ᠥᠷᠳᠡᠭ ᠨᠢ 6.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 8.83%᠎ ᠪᠠᠷ ᠨᠡᠮᠡᠭᠳᠡᠪᠡ᠃ ᠮᠠᠨ ᠤ ᠣᠷᠣᠨ ᠤ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠤᠨ ᠠᠷᠠᠯᠵᠢᠶ᠎ᠠ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠲᠤᠰᠠᠳᠠ᠂ ᠬᠥᠬᠡᠬᠤᠲᠠ ᠪᠣᠭᠤᠮᠲᠠ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠤ᠂ ᠴᠠᠬᠢᠯᠭᠠᠨ ᠬᠦᠴᠦᠨ ᠢ ᠳᠠᠰᠤᠷᠠᠯᠳᠠ ᠦᠭᠡᠢ ᠭᠠᠳᠠᠭᠠᠳᠤ ᠳᠤ ᠭᠠᠷᠭᠠᠬᠤ ᠪᠠ ᠲᠡᠭᠦᠨ ᠤ ᠲᠡᠭᠡᠭᠡᠪᠦᠷᠢ ᠶᠢᠨ ᠣᠨᠴᠠᠭᠠᠶ ᠬᠡᠯᠪᠡᠷᠢ ᠳᠤ ᠴᠢᠭᠯᠡᠭᠦᠯᠦᠨ᠂ ᠬᠤᠪᠢᠰᠬᠠᠭᠤᠷ ᠤᠨ ᠦᠷᠳᠡᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠬᠥᠮᠦᠨ ᠲᠣᠮᠢᠯᠠᠨ ᠮᠥᠷᠳᠡᠨ ᠬᠢᠨᠠᠨ ᠬᠠᠮᠢᠶᠠᠷᠴᠤ᠂ ︽ᠰᠠᠭᠠᠳ ᠥᠭᠡᠢ ᠨᠡᠪᠲᠡᠷᠡᠬᠦ ᠵᠠᠮ︾᠎ ᠢ ᠪᠠᠶᠢᠭᠤᠯᠤᠭᠰᠠᠨ ᠪᠥᠭᠡᠳ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠭᠠᠷᠭᠠᠨ ᠴᠠᠬᠢᠯᠭᠠᠨ ᠬᠦᠴᠦᠨ ᠤ ᠭᠠᠳᠠᠭᠠᠳᠤ ᠭᠠᠷᠭᠠᠯᠲᠠ ᠶᠢ ᠬᠢᠨᠠᠨ ᠬᠠᠷᠭᠤᠭᠤᠯᠪᠠ᠃ ᠡᠭᠦᠨ ᠤ ᠬᠠᠮᠲᠤ᠂ ᠴᠠᠬᠢᠯᠭᠠᠨ ᠬᠦᠴᠦᠨ ᠤ ᠭᠠᠳᠠᠭᠠᠳᠤ ᠭᠠᠷᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠣᠭᠲᠠᠴᠠ ᠶᠢ ᠬᠡᠷᠡᠭᠵᠢᠭᠦᠯᠵᠦ᠂ ᠴᠠᠬᠢᠯᠭᠠᠨ ᠬᠦᠴᠦᠨ ᠢ ᠪᠣᠭᠤᠮᠲᠠ ᠪᠠᠷ ᠭᠠᠷᠭᠠᠬᠤ ᠶᠢ ᠠᠯᠪᠠᠳᠠᠨ ᠬᠠᠮᠢᠶᠠᠷᠬᠤ ᠦᠢᠯᠡᠴᠢᠯᠡᠭᠡ ᠬᠠᠩᠭᠠᠵᠤ᠂ ᠪᠣᠭᠤᠮᠲᠠ ᠪᠠᠷ ᠳᠠᠮᠵᠢᠬᠤ ᠶᠠᠪᠤᠴᠠ ᠶᠢ ᠲᠥᠬᠦᠮᠴᠢᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号