ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠄ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠪᠣᠢ
ᠨᠡᠶᠢᠲᠡᠯᠡᠭᠰᠡᠨ ᠴᠠᠭ᠄
2016/7/15
     7 ᠳ᠋ᠤᠭᠠᠷ ᠰᠠᠷ᠎ᠠ ᠶᠢᠨ 13᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠳᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪ ᠤᠨ ᠲᠠᠶᠢᠯᠤᠮᠵᠢ ᠬᠢᠵᠦ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠰᠦᠨ ᠵᠢᠶᠧ ᠫᠷᠣᠹᠧᠰᠰᠣᠷ ᠢ ᠤᠷᠢᠵᠤ ︽ᠤᠬ ᠰᠠᠨᠠᠭ᠎ᠠ ᠪᠠᠨ ᠮᠠᠷᠲᠠᠬᠤ ᠦᠭᠡᠢ᠂ ᠦᠷᠭᠦᠯᠵᠢᠯᠡᠨ ᠤᠷᠤᠭᠰᠢᠯᠠᠵᠦ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠬᠡᠯᠡᠭᠰᠡᠨ ᠦᠭᠡᠨ ᠤ ᠵᠣᠷᠢᠭ ᠰᠠᠨᠠᠭ᠎ᠠ ᠶᠢᠨ ᠲᠠᠶᠢᠯᠤᠮᠵᠢ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃      ᠲᠠᠶᠢᠯᠤᠮᠵᠢ ᠨᠢ ᠭᠦᠨᠵᠡᠭᠡᠶ ᠪᠥᠭᠡᠳ ᠣᠶᠢᠯᠠᠭᠠᠮᠵᠢᠲᠠᠶ᠂ ᠠᠭᠤᠯᠭ᠎ᠠ ᠨᠢ ᠪᠠᠶᠠᠯᠢᠭ ᠪᠠᠶᠢᠵᠤ᠂ ᠬᠤᠷᠠᠯ ᠳᠤ ᠣᠷᠣᠯᠴᠠᠭᠰᠠᠨ ᠨᠥᠬᠦᠳ ᠤᠨ ᠶᠠᠷᠢᠶ᠎ᠠ ᠶᠢ ᠣᠶᠢᠯᠭᠠᠬᠤ ᠡᠵᠡᠮᠰᠢᠬᠦ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠵᠠᠶ᠃ ᠣᠯᠠᠨ ᠢᠶᠠᠷ ᠢᠶᠠᠨ ᠢᠯᠡᠳᠬᠡᠭᠰᠡᠨ ᠨᠢ᠂ ︽ᠳᠤᠯᠤᠭᠠᠨ ᠰᠠᠷ᠎ᠠ ᠶᠢᠨ ᠨᠢᠭᠡᠨ︾᠎ ᠤ ᠴᠢᠬᠤᠯᠠ ᠶᠠᠷᠢᠶ᠎ᠠ ᠨᠢ ᠮᠠᠨ ᠤ ᠨᠠᠮ ᠤᠨ ᠥᠴᠥᠭᠡᠳᠦᠷ᠂ ᠥᠨᠥᠳᠦᠷ᠂ ᠮᠠᠷᠭᠠᠰᠢ ᠵᠡᠷᠭᠡ ᠨᠠᠮ ᠪᠠ ᠤᠯᠤᠰ ᠣᠷᠣᠨ ᠤ ᠤᠷᠲᠤ ᠬᠤᠭᠤᠴᠠᠭᠠᠨ ᠤ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠤᠨᠤᠯ ᠪᠠ ᠪᠣᠳᠠᠲᠤ ᠠᠰᠠᠭᠤᠳᠠᠯ ᠳᠤ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠠᠯᠲᠠ ᠣᠯᠣᠭᠰᠠᠨ ᠢ ᠣᠶᠢᠯᠭᠠᠬᠤ ᠲᠦᠯᠬᠢᠭᠦᠷ ᠪᠣᠯᠪᠠ ᠭᠡᠵᠡᠢ᠃      ᠣᠶᠢᠯᠠᠭᠠᠭᠰᠠᠨ ᠢᠶᠠᠷ᠂ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠣᠷᠣᠯᠴᠠᠵᠤ᠂ ᠪᠤᠳᠠᠲᠠᠢ ᠰᠣᠷᠣᠯᠴᠠᠵᠤ᠂ ᠨᠡᠪᠲᠡᠷᠡᠲᠡᠯ᠎ᠡ ᠰᠣᠷᠣᠯᠴᠠᠬᠤ ᠶᠢᠨ ᠲᠤᠰᠠᠳᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠲᠤᠰᠬᠠᠶᠢᠯᠠᠨ ᠰᠤᠷᠤᠯᠴᠠᠬᠤ ᠲᠥᠰᠦᠯ ᠲᠣᠭᠲᠠᠭᠠᠵᠤ᠂ ᠲᠢᠩᠬᠢᠮ ᠤᠨ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠳᠠᠯ ᠢ ᠨᠢᠭᠡ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠶᠠᠷᠢᠶᠠᠨ ᠤ ᠵᠣᠷᠢᠭ ᠰᠠᠨᠠᠭ᠎ᠠ ᠶᠢ ᠡᠷᠬᠢᠯᠡᠭᠰᠡᠨ ᠠᠵᠢᠯ ᠢᠶᠠᠨ ᠰᠠᠶᠢᠲᠤᠷ ᠠᠳᠬᠤᠬᠤ ᠪᠣᠳᠠᠲᠠᠶ ᠠᠵᠢᠯᠯᠠᠭ᠎ᠠ ᠪᠣᠯᠭᠠᠬᠤ ᠬᠡᠷᠡᠭᠲᠡᠶ︔ ᠪᠤᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠨᠢᠭᠡᠳᠦᠯᠲᠡᠶ ᠲᠥᠯᠥᠪᠯᠡᠬᠦ ᠲᠠᠢ ᠤᠶᠠᠯᠳᠤᠭᠤᠯᠬᠤ ᠶᠢ ᠰᠠᠶᠢᠲᠤᠷ ᠠᠳᠬᠤᠵᠤ᠂ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠬᠥᠮᠦᠵᠢᠯ ᠲᠠᠢ ᠤᠶᠠᠯᠳᠤᠭᠤᠯᠵᠤ᠂ ︽ᠭᠤᠷᠪᠠ ᠳᠤ ᠦᠢᠯᠡᠴᠢᠯᠡᠬᠦ︾ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠦᠷ᠎ᠡ ᠪᠦᠲᠦᠮᠵᠢ ᠶᠢ ᠪᠠᠲᠤᠯᠠᠵᠤ᠂ ᠲᠤᠰᠬᠠᠶ ᠰᠡᠳᠦᠪᠲᠦ ᠰᠤᠷᠤᠯᠴᠠᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ ᠡᠷᠬᠢᠯᠡᠬᠦ᠂ ᠳᠦᠷᠰᠦ ᠰᠢᠩᠭᠡᠭᠡᠯᠲᠡ ᠶᠢ ᠦᠵᠡᠬᠦ᠂ ᠤᠨᠤᠯ ᠤᠨ ᠵᠣᠬᠢᠶᠠᠯ ᠪᠢᠴᠢᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠶᠠᠷᠢᠶ᠎ᠠ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠬᠤ ᠬᠡᠷᠡᠭᠲᠡᠶ︔ ︽ᠳᠤᠯᠤᠭᠠᠨ ᠰᠠᠷ᠎ᠠ ᠶᠢᠨ ᠨᠢᠭᠡᠨ︾᠎ ᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠢᠪᠠᠳᠠᠨ ᠵᠢᠯᠣᠭᠤᠳᠴᠤ᠂ ᠭᠦᠨᠵᠡᠭᠡᠶ ᠲᠦᠯᠬᠢᠨ ᠠᠬᠢᠭᠤᠯᠵᠤ᠂ ᠪᠣᠳᠠᠲᠤ ᠠᠮᠵᠢᠯᠲᠠ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号