︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭᠰᠢᠨ ᠰᠠᠭᠤᠬᠤ ᠦᠨᠡᠮᠯᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2016/7/15
     ᠨᠤᠲᠤᠭᠰᠢᠨ ᠰᠠᠭᠤᠬᠤ ᠦᠨᠡᠮᠯᠡᠯ ᠪᠦᠬᠦ ᠣᠷᠣᠨ ᠤ ᠬᠡᠪᠴᠢᠶᠡᠨ ᠳᠤ ᠬᠦᠴᠦᠨ ᠲᠠᠢ  ᠬᠦᠴᠦᠨ ᠲᠠᠢ ᠬᠤᠭᠤᠴᠠᠭ᠎ᠠ ᠨᠢ ᠨᠢᠭᠡ ᠵᠢᠯ      5 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠤᠲᠤᠭᠰᠢᠨ ᠰᠠᠭᠤᠬᠤ ᠦᠨᠡᠮᠯᠡᠯ ᠤᠨ ᠳᠦᠷᠢᠮ ᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠲᠤᠬᠠᠶ ᠰᠠᠨᠠᠯ︾ ᠢ ᠨᠡᠶᠢᠲᠡᠯᠡᠪᠡ᠂ ᠡᠨᠡ ᠨᠢ ᠡᠷᠦᠬᠡ ᠠᠮᠠ ᠶᠢᠨ ᠪᠠᠶᠢᠭ᠎ᠠ ᠭᠠᠵᠠᠷ ᠠᠴᠠ ᠪᠠᠨ ᠰᠠᠯᠵᠤ ᠮᠠᠨ ᠤ ᠣᠷᠣᠨ ᠤ 12 ᠠᠶᠢᠮᠠᠭ ᠬᠤᠲᠠ ᠳᠤ ᠢᠷᠡᠵᠦ ᠨᠤᠲᠤᠭᠰᠢᠨ ᠰᠠᠭᠤᠬᠤ ᠠᠷᠠᠳ ᠢᠷᠭᠡᠨ᠂ ᠬᠠᠷᠢᠴᠠᠩᠭᠤᠢ ᠨᠥᠬᠦᠴᠡᠯ ᠳᠤ ᠨᠡᠶᠢᠴᠡᠳᠡᠭ ᠯᠡ ᠶᠤᠮ ᠪᠣᠯ ᠲᠡᠳᠡᠨ ᠤ ᠭᠠᠷ ᠲᠤ ᠳᠠᠷᠤᠢ — ᠨᠤᠲᠤᠭᠰᠢᠨ ᠰᠠᠭᠤᠬᠤ ᠦᠨᠡᠮᠯᠡᠯ ᠲᠠᠢ ᠪᠤᠯᠤᠨ᠎ᠠ᠃ ᠲᠡᠭᠡᠪᠡᠯ ᠨᠤᠲᠤᠭᠰᠢᠨ ᠰᠠᠭᠤᠬᠤ ᠦᠨᠡᠮᠯᠡᠯ ᠢ ᠬᠡᠷᠬᠢᠨ ᠬᠢᠵᠦ ᠠᠪᠬᠤ ᠪᠤᠢ︖ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠶ ᠪᠤᠢ︖ ᠤᠤᠯ ᠤᠨ ᠲᠦᠷ ᠰᠠᠭᠤᠬᠤ ᠦᠨᠡᠮᠯᠡᠯ  ᠲᠠᠢ ᠶᠠᠮᠠᠷ ᠢᠯᠭᠠᠭ᠎ᠠ ᠲᠠᠢ ᠪᠤᠢ︖ ᠡᠳᠡᠭᠡᠷ ᠨᠢ ᠳᠠᠷᠤᠢ ᠬᠤᠳᠠ ᠶᠢᠨ ᠠᠷᠠᠳ ᠤᠨ ᠨᠡᠶᠢᠳᠡᠮ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠪᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠴᠠᠭᠳᠠᠭ᠎ᠠ ᠹᠧᠩ ᠶᠤᠸᠠᠨ ᠰᠢᠶᠠᠨ ᠪᠦᠬᠦ ᠲᠠᠯ᠎ᠠ ᠪᠠᠷ ᠲᠠᠶᠢᠯᠪᠤᠷᠢᠯᠠᠭᠰᠠᠨ ᠪᠠᠶᠢᠨ᠎ᠠ᠃      ᠨᠤᠲᠤᠭᠰᠢᠨ ᠰᠠᠭᠤᠬᠤ ᠦᠨᠡᠮᠯᠡᠯ ᠢ ᠬᠢᠵᠦ ᠠᠪᠬᠤ ᠨᠥᠬᠦᠴᠡᠯ ᠪᠠ ᠮᠠᠲ᠋ᠧᠷᠢᠶᠠᠯ︖      ᠨᠤᠲᠤᠭᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠦᠶᠡᠰ᠂ ᠲᠤᠰᠢᠶᠠᠬᠤ ᠴᠢᠬᠤᠯᠠᠲᠠᠢ ᠮᠠᠲ᠋ᠧᠷᠢᠶᠠᠯ ᠤᠳ ᠭᠡᠪᠡᠯ᠄ ᠲᠤᠰ ᠬᠥᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠳᠣᠰ ᠬᠥᠮᠦᠨ ᠤ ᠰᠡᠭᠦᠳᠡᠷ ᠵᠢᠴᠢ ᠰᠠᠭᠤᠭ᠎ᠠ ᠭᠠᠵᠠᠷ ᠤᠨ ᠬᠠᠶ᠋ᠢᠭ᠂ ᠠᠵᠢᠯᠯᠠᠵᠤ ᠪᠠᠶᠢᠭ᠎ᠠ᠂ ᠰᠤᠷᠤᠯᠴᠠᠵᠤ ᠪᠠᠶᠢᠭ᠎ᠠ ᠵᠡᠷᠭᠡ ᠭᠡᠷᠡᠴᠢ ᠮᠠᠲ᠋ᠧᠷᠢᠶᠠᠯ᠃ ᠰᠠᠭᠤᠭ᠎ᠠ ᠭᠠᠵᠠᠷ ᠤᠨ ᠬᠠᠶ᠋ᠢᠭ ᠤᠨ ᠭᠡᠷᠡᠴᠢ ᠳᠤ ᠭᠡᠷ ᠪᠠᠶᠢᠰᠢᠩ ᠲᠦᠷᠢᠶᠡᠰᠦᠯᠡᠭᠰᠡᠨ ᠭᠡᠷ᠎ᠡ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠡᠷᠡᠴᠢ ᠪᠢᠴᠢᠭ᠂ ᠭᠡᠷ ᠪᠠᠶᠢᠰᠢᠩ ᠬᠤᠳᠠᠯᠳᠤᠨ ᠠᠪᠤᠭᠰᠠᠨ ᠭᠡᠷ᠎ᠡ ᠪᠤᠶᠤ ᠭᠡᠷ ᠪᠠᠶᠢᠰᠢᠩ ᠲᠦᠷᠢᠶᠡᠰᠦᠯᠡᠭᠦᠯᠦᠭᠴᠢ᠂ ᠬᠥᠮᠦᠨ ᠬᠡᠷᠡᠭᠯᠡᠬᠦ ᠨᠢᠭᠡᠴᠡ᠂ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠬᠢᠵᠦ ᠥᠭᠭᠦᠭᠰᠡᠨ ᠣᠷᠣᠨ ᠰᠠᠭᠤᠴᠠ ᠶᠢᠨ ᠭᠡᠷᠡᠴᠢ ᠵᠡᠷᠭᠡ ᠪᠠᠭᠲᠠᠨ᠎ᠠ︔ ᠠᠵᠢᠯ ᠣᠯᠭᠤᠯᠲᠠ ᠶᠢᠨ ᠭᠡᠷᠡᠴᠢ ᠳᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠬᠥᠳᠡᠯᠮᠦᠷᠢ ᠶᠢᠨ ᠭᠡᠷ᠎ᠡ᠂ ᠬᠥᠮᠦᠨ ᠬᠡᠷᠡᠭᠯᠡᠬᠦ ᠨᠢᠭᠡᠴᠡ ᠠᠴᠠ ᠬᠢᠵᠦ ᠥᠭᠭᠦᠭᠰᠡᠨ ᠬᠥᠳᠡᠯᠮᠦᠷᠢ ᠶᠢᠨ ᠬᠠᠷᠢᠴᠠᠭᠠᠨ ᠤ ᠭᠡᠷᠡᠴᠢ ᠪᠤᠶᠤ ᠬᠠᠤᠯᠢ ᠶᠤᠰᠤᠨ ᠤ ᠲᠣᠭᠲᠠᠪᠤᠷᠢᠲᠠᠶ ᠠᠵᠢᠯ ᠲᠠᠢ ᠭᠡᠰᠡᠨ ᠢ ᠭᠡᠷᠡᠴᠢᠯᠡᠵᠦ ᠳᠡᠶᠢᠯᠡᠬᠦ ᠪᠤᠰᠤᠳ ᠮᠠᠲ᠋ᠧᠷᠢᠶᠠᠯ ᠤᠳ ᠪᠠᠭᠲᠠᠨ᠎ᠠ︔ ᠰᠤᠷᠤᠯᠴᠠᠵᠤ ᠪᠠᠶᠢᠭ᠎ᠠ ᠭᠡᠷᠡᠴᠢ ᠳᠤ ᠰᠤᠷᠤᠭᠴᠢ ᠶᠢᠨ ᠦᠨᠡᠮᠯᠡᠯ᠂ ᠰᠤᠷᠤᠯᠴᠠᠵᠤ ᠪᠠᠶᠢᠭ᠎ᠠ ᠰᠤᠷᠭᠠᠭᠤᠯᠢ ᠠᠴᠠ ᠬᠢᠵᠦ ᠦᠭᠭᠦᠭᠰᠡᠨ ᠵᠠᠯᠭᠠᠪᠠᠷ ᠰᠤᠷᠤᠯᠴᠠᠭᠰᠠᠨ ᠢ ᠨᠢ ᠭᠡᠷᠡᠴᠢᠯᠡᠵᠦ ᠳᠡᠶᠢᠯᠬᠦ ᠪᠤᠰᠤᠳ ᠮᠠᠲ᠋ᠧᠷᠢᠶᠠᠯ ᠤᠳ ᠪᠠᠭᠲᠠᠨ᠎ᠠ᠃      ᠪᠦᠬᠦᠯᠢ16 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠪᠣᠯᠤᠨ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ᠂ ᠵᠡᠮᠳᠡᠭᠴᠦᠳ ᠪᠤᠯ᠂ ᠲᠡᠳᠡᠨ ᠤ ᠬᠠᠷᠠᠭᠠᠯᠵᠠᠨ ᠬᠠᠮᠠᠭᠠᠯᠠᠭᠴᠢ᠂ ᠤᠢᠢᠷ᠎ᠠ ᠲᠦᠷᠤᠯ ᠰᠠᠳᠤᠨ ᠲᠡᠭᠦᠨ ᠤ ᠨᠤᠲᠤᠭᠰᠢᠨ ᠰᠠᠭᠤᠬᠤ ᠦᠨᠡᠮᠯᠡᠯ ᠢ ᠣᠷᠣᠯᠠᠨ ᠭᠤᠶᠤᠴᠢᠯᠠᠨ ᠠᠪᠴᠤ ᠪᠤᠯᠤᠨ᠎ᠠ᠃ ᠬᠠᠷᠠᠭᠠᠯᠵᠠᠨ ᠬᠠᠮᠠᠭᠠᠯᠠᠭᠴᠢ᠂ ᠦᠢᠷ᠎ᠠ ᠲᠦᠷᠤᠯ ᠰᠠᠳᠤᠨ ᠨᠢ ᠣᠷᠣᠯᠠᠨ ᠭᠦᠢᠴᠡᠳᠬᠡᠬᠦ ᠳᠡᠭᠡᠨ ᠡᠷᠬᠡᠪᠰᠢ ᠨᠠᠶᠢᠳᠠᠭᠴᠢ᠂ ᠣᠷᠣᠯᠠᠨ ᠭᠦᠢᠴᠡᠳᠬᠡᠭᠴᠢ ᠶᠢᠨ ᠬᠠᠤᠯᠢ ᠶᠣᠰᠣᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠬᠤ ᠬᠡᠷᠡᠭᠲᠡᠢ᠃      ᠲᠦᠷ ᠰᠠᠭᠤᠬᠤ ᠦᠨᠡᠮᠯᠡᠯ ᠪᠠ ᠨᠤᠲᠤᠭᠰᠢᠨ ᠰᠠᠭᠤᠬᠤ ᠦᠨᠡᠮᠯᠡᠯ ᠨᠢ ᠶᠠᠮᠠᠷ ᠢᠯᠭᠠᠭ᠎ᠠ ᠲᠠᠢ ᠪᠤᠶ︖      ᠲᠦᠷ ᠰᠠᠭᠤᠬᠤ ᠦᠨᠡᠮᠯᠡᠯ ᠨᠢ ᠭᠤᠣᠯᠳᠠᠭᠤ ᠨᠡᠭᠦᠳᠡᠯ ᠤᠨ ᠬᠥᠮᠦᠨ ᠠᠮᠠ ᠶᠢ ᠳᠠᠩᠰᠠᠯᠠᠵᠤ ᠬᠠᠮᠢᠶᠠᠷᠬᠤ ᠪᠠᠷ ᠭᠤᠤᠯᠯᠠᠨ᠎ᠠ︔ ᠭᠡᠲᠡᠯ᠎ᠡ ᠨᠤᠲᠤᠭᠰᠢᠨ ᠰᠠᠭᠤᠬᠤ ᠦᠨᠡᠮᠯᠡᠯ ᠲᠠᠢ ᠬᠦᠮᠦᠰ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠪᠠ ᠳᠦᠬᠦᠮ ᠦᠵᠡᠭᠦᠯᠬᠦ ᠶᠢ ᠡᠳ᠋ᠯᠡᠬᠦ ᠡᠷᠬᠡ ᠶᠢ ᠬᠠᠤᠯᠢ ᠲᠤᠭᠲᠠᠭᠠᠬᠤ ᠬᠡᠯᠪᠡᠷᠢ ᠪᠠᠷ ᠲᠤᠭᠲᠠᠪᠤᠷᠢᠵᠢᠭᠤᠯᠵᠤ᠂ ᠨᠡᠭᠦᠳᠡᠯ ᠤᠨ ᠬᠥᠮᠦᠨ ᠠᠮᠠ ᠶᠢᠨ ᠡᠷᠬᠡ ᠶᠢ ᠪᠠᠲᠤᠯᠠᠭ᠎ᠠ ᠲᠠᠢ ᠪᠤᠯᠭᠠᠨ᠎ᠠ ᠭᠡᠵᠦ ︽ᠨᠤᠲᠤᠭᠰᠢᠨ ᠰᠠᠭᠤᠬᠤ ᠦᠨᠡᠮᠯᠡᠯ ᠤᠨ ᠲᠦᠷ ᠬᠡᠷᠡᠭᠵᠢᠭᠦᠯᠬᠦ ᠲᠦᠷᠢᠮ︾ ᠳᠤ ᠲᠤᠳᠤᠷᠬᠠᠢ ᠲᠤᠭᠲᠠᠭᠠᠵᠠᠢ᠃      ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ ᠦᠭᠬᠦ ᠲᠦᠷ ᠰᠠᠭᠤᠬᠤ ᠦᠨᠡᠮᠯᠡᠯ ᠳᠡᠭᠡᠷ᠎ᠡ ᠲᠦᠷ ᠰᠠᠭᠤᠬᠤ ᠦᠨᠡᠮᠯᠡᠯ ᠳᠤ ᠲᠡᠮᠳᠡᠭᠯᠡᠭᠰᠡᠨ ᠴᠠᠭ ᠬᠤᠭᠤᠴᠠᠭ᠎ᠠ ᠬᠠᠤᠯᠢ ᠶᠤᠰᠤᠨ ᠤ ᠲᠣᠭᠲᠠᠪᠤᠷᠢᠲᠠᠶ ᠠᠵᠢᠯ᠂ ᠬᠠᠤᠯᠢ ᠶᠤᠰᠤᠨ ᠤ ᠲᠣᠭᠲᠠᠪᠤᠷᠢᠲᠠᠶ ᠣᠷᠣᠨ ᠰᠠᠭᠤᠴᠠ᠂ ᠵᠠᠯᠭᠠᠪᠠᠷ ᠰᠤᠷᠤᠯᠴᠠᠭᠰᠠᠨ ᠭᠤᠷᠪᠠᠨ ᠨᠥᠬᠦᠴᠡᠯ ᠤᠨ ᠨᠢᠭᠡ ᠲᠠᠢ ᠨᠢ ᠨᠡᠶᠢᠴᠡᠪᠡᠯ ᠳᠠᠷᠤᠢ ᠨᠤᠲᠤᠭᠰᠢᠨ ᠰᠠᠭᠤᠬᠤ ᠦᠨᠡᠮᠯᠡᠯ ᠭᠤᠶᠤᠴᠢᠯᠠᠨ ᠠᠪᠴᠦ ᠪᠣᠯᠤᠨ᠎ᠠ᠃ ᠬᠡᠷᠪᠡ ᠶᠡᠷᠦ ᠠᠴᠠ ᠲᠦᠷ ᠰᠠᠭᠤᠬᠤ ᠦᠨᠡᠮᠯᠡᠯ ᠬᠢᠵᠦ ᠠᠪᠤᠭᠰᠠᠨ ᠦᠭᠡᠢ ᠪᠠᠶᠢᠪᠠᠯ᠂  ᠠᠷᠠᠳ ᠢᠷᠭᠡᠨ ᠤ ᠤᠳᠤ ᠶᠢᠨ ᠰᠠᠭᠤᠭ᠎ᠠ ᠭᠠᠵᠠᠷ ᠲᠠᠭᠠᠨ ᠨᠢᠭᠡᠨᠲᠡ ᠬᠠᠭᠠᠰ ᠵᠢᠯ ᠠᠴᠠ ᠳᠡᠭᠡᠭᠰᠢ ᠰᠠᠭᠤᠭᠰᠠᠨ ᠪᠣᠳᠠᠲᠤ ᠶᠠᠪᠤᠳᠠᠯ ᠢ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠮᠠᠭᠠᠳᠯᠠᠨ ᠲᠤᠭᠲᠠᠭᠠᠭᠰᠠᠨ ᠮᠦᠷᠲᠡᠭᠡᠨ ᠬᠠᠤᠯᠢ ᠶᠤᠰᠤᠨ ᠤ ᠲᠣᠭᠲᠠᠪᠤᠷᠢᠲᠠᠶ ᠠᠵᠢᠯ ᠲᠠᠢ᠂ ᠬᠠᠤᠯᠢ ᠶᠤᠰᠤᠨ ᠤ ᠲᠣᠭᠲᠠᠪᠤᠷᠢᠲᠠᠶ ᠣᠷᠣᠨ ᠰᠠᠭᠤᠴᠠ ᠲᠠᠢ᠂ ᠵᠠᠯᠭᠠᠪᠠᠷ ᠰᠤᠷᠤᠯᠴᠠᠭᠰᠠᠨ ᠭᠤᠷᠪᠠᠨ ᠨᠥᠬᠦᠴᠡᠯ ᠤᠨ ᠨᠢᠭᠡ ᠳᠤᠨᠢ ᠨᠡᠶᠢᠴᠡᠪᠡᠯ᠂ ᠲᠣᠭᠲᠠᠭᠠᠯ ᠶᠣᠰᠣᠭᠠᠷ ᠨᠤᠲᠤᠭᠰᠢᠨ ᠰᠠᠭᠤᠬᠤ ᠦᠨᠡᠮᠯᠡᠯ ᠬᠢᠵᠦ ᠦᠭᠭᠦᠨ᠎ᠡ︾ ᠭᠡᠵᠦ ᠹᠧᠩ ᠶᠤᠸᠠᠨ ᠰᠢᠶᠠᠨ ᠢᠯᠡᠷᠬᠡᠶᠢᠯᠡᠭᠰᠡᠨ ᠪᠠᠶᠢᠨ᠎ᠠ᠃      ᠨᠤᠲᠤᠭᠰᠢᠨ ᠰᠠᠭᠤᠬᠤ ᠦᠨᠡᠮᠯᠡᠯ ᠢ ᠪᠦᠬᠦ ᠤᠷᠤᠨ ᠳᠤ ᠨᠡᠶᠢᠳᠡᠮ ᠬᠡᠷᠡᠭᠯᠡᠵᠦ ᠪᠤᠯᠤᠨ᠎ᠠ ᠤᠤ︖      ᠨᠤᠲᠤᠭᠰᠢᠨ ᠰᠠᠭᠤᠬᠤ ᠦᠨᠡᠮᠯᠡᠯ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠨᠢᠭᠡᠳᠦᠯᠲᠡᠶ ᠦᠢᠯᠡᠳᠴᠦ᠂ ᠪᠥᠬᠦ ᠣᠷᠣᠨ ᠤ ᠬᠡᠪᠴᠢᠶᠡᠨ ᠳᠣᠲᠣᠷ᠎ᠠ ᠬᠦᠴᠦᠨ ᠲᠠᠢ᠂ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠣᠯᠤᠨ᠎ᠠ᠃ ᠭᠡᠪᠡᠴᠦ ᠤᠳᠤᠬᠠᠨ ᠳᠤ ᠦᠯᠢᠭᠡᠷ ᠳᠡᠪᠲᠡᠷ ᠢ ᠬᠠᠷᠠᠬᠠᠨ ᠲᠤᠭᠲᠠᠭᠠᠭᠠᠳᠤᠢ ᠪᠠᠶᠢᠵᠤ᠂ ᠠᠩᠬ᠎ᠠ ᠠᠯᠬᠤᠮ PVC ᠺᠠᠷᠲ ᠬᠡᠷᠡᠭᠯᠡᠵᠦ᠂ ᠳᠡᠭᠡᠷ᠎ᠡ ᠨᠢ ᠦᠨᠳᠦᠰᠦᠨ ᠮᠡᠳᠡᠭᠡ ᠵᠠᠩᠭᠢ ᠤᠷᠤᠭᠤᠯᠬᠤ ᠠᠴᠠ ᠭᠠᠳᠠᠨ᠎ᠠ ᠪᠠᠰᠠ ᠳᠠᠬᠢᠨ ᠳᠠᠪᠲᠠᠨ ᠪᠠᠯᠠᠯᠤᠨ ᠪᠢᠴᠢᠵᠦ ᠪᠤᠯᠬᠤ ᠵᠤᠷᠪᠤᠰ ᠤᠷᠤᠭᠤᠯᠬᠤ ᠪᠠᠷ ᠲᠦᠯᠦᠪᠯᠡᠵᠦ ᠪᠤᠢ᠃ ᠨᠤᠲᠤᠭᠰᠢᠨ ᠰᠠᠭᠤᠬᠤ ᠦᠨᠡᠮᠯᠡᠯ ᠢ ᠠᠩᠬ᠎ᠠ ᠤᠳᠠᠭ᠎ᠠ ᠭᠤᠶᠤᠴᠢᠯᠠᠨ ᠠᠪᠬᠤ ᠳᠤ ᠦᠨᠡᠮᠯᠡᠯ ᠤᠨ ᠦᠷᠳᠡᠭ ᠤᠨ ᠵᠠᠷᠤᠳᠠᠯ ᠠᠪᠬᠤ ᠦᠭᠡᠢ᠂ ᠰᠣᠯᠢᠵᠤ ᠠᠪᠬᠤ᠂ ᠨᠥᠬᠦᠪᠥᠷᠢᠯᠡᠵᠦ ᠠᠪᠬᠤ ᠳᠤ ᠬᠦᠷᠪᠡᠯ ᠦᠷᠳᠡᠭ ᠤᠨ ᠵᠠᠷᠤᠳᠠᠯ ᠲᠤᠰᠢᠶᠠᠨ᠎ᠠ᠃ ᠨᠤᠲᠤᠭᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ᠂ ᠰᠣᠯᠢᠵᠤ ᠠᠪᠬᠤ᠂ ᠨᠥᠬᠦᠪᠥᠷᠢᠯᠡᠵᠦ ᠠᠪᠬᠤ ᠳᠤ᠂ ᠬᠦᠯᠢᠶᠡᠨ ᠠᠪᠤᠭᠰᠠᠨ ᠪᠠᠶᠢᠭᠤᠯᠤᠮᠵᠢ ᠨᠢ ᠬᠦᠯᠢᠶᠡᠨ ᠠᠪᠤᠭᠰᠠᠨ ᠲᠡᠷᠡ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠬᠢᠵᠦ ᠦᠭᠬᠦ ᠬᠡᠷᠡᠭᠲᠡᠶ᠃ ᠨᠤᠲᠤᠭᠰᠢᠨ ᠰᠠᠭᠤᠬᠤ ᠦᠨᠡᠮᠯᠡᠯ ᠲᠠᠢ ᠬᠦᠮᠦᠨᠰ ᠡᠷᠦᠬᠡ ᠠᠮᠠ ᠪᠠᠨ ᠬᠡᠷᠬᠢᠨ ᠤᠷᠤᠭᠤᠯᠬᠤ ᠪᠤᠢ︖      ᠹᠧᠩ ᠶᠤᠸᠠᠨ ᠰᠢᠶᠠᠨ ᠢᠯᠡᠷᠬᠡᠶᠢᠯᠡᠭᠰᠡᠨ ᠨᠢ᠂ ᠨᠤᠲᠤᠭᠰᠢᠨ ᠰᠠᠭᠤᠬᠤ ᠦᠨᠡᠮᠯᠡᠯ ᠲᠠᠢ ᠬᠦᠮᠦᠰ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠳᠠᠬᠢ ᠡᠷᠦᠬᠡ ᠠᠮᠠ ᠣᠷᠣᠭᠤᠯᠬᠤ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠭᠲᠠᠭᠠᠯ ᠳᠤ ᠨᠡᠶᠢᠴᠡᠭᠰᠡᠨ ᠪᠠᠶᠢᠪᠠᠯ ᠰᠠᠭᠤᠭ᠎ᠠ ᠭᠠᠵᠠᠷ ᠲᠠᠭᠠᠨ ᠪᠠᠶᠢᠩᠭᠤ ᠰᠠᠭᠤᠬᠤ ᠡᠷᠦᠬᠡ ᠠᠮᠠ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠲᠤᠭᠲᠠᠭᠠᠯ ᠳᠤ᠂ ᠬᠥᠬᠡᠬᠤᠲᠠ᠂ ᠪᠤᠭᠤᠲᠤ ᠬᠤᠲᠠ ᠶᠢ ᠭᠠᠷᠭᠠᠪᠠᠯ᠂ ᠥᠪᠡᠷ ᠤᠨ ᠦᠮᠴᠢᠯᠡᠯᠲᠤ ᠣᠷᠣᠨ ᠰᠠᠭᠤᠴᠠ ︵ᠲᠦᠷᠢᠶᠡᠰᠦᠯᠡᠭᠰᠡᠨ ᠪᠠᠭᠲᠠᠨ᠎ᠠ︶ ᠲᠠᠢ᠂ ᠬᠠᠤᠯᠢ ᠶᠤᠰᠤᠨ ᠤ ᠲᠣᠭᠲᠠᠪᠤᠷᠢᠲᠠᠶ ᠠᠵᠢᠯ ᠲᠠᠢ ᠪᠠᠶᠢᠬᠤ ᠨᠥᠬᠦᠴᠡᠯ ᠤᠨ ᠨᠢᠭᠡ ᠳᠤᠨᠢ ᠨᠡᠶᠢᠴᠡᠳᠡᠭ ᠯᠠ ᠶᠤᠮ ᠪᠣᠯ ᠳᠠᠷᠤᠢ ᠡᠷᠦᠬᠡ ᠠᠮᠠ ᠪᠠᠨ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠃      ᠬᠥᠬᠡᠬᠤᠲᠠ᠂ ᠪᠤᠭᠤᠲᠤ ᠬᠤᠳᠠ ᠶᠢᠨ ᠨᠥᠬᠦᠴᠡᠯ ᠨᠢ ᠬᠠᠷᠢᠴᠠᠩᠭᠤᠶ ᠪᠠᠷ ᠴᠢᠩᠭ᠎ᠠ᠂ ᠬᠡᠷᠪᠡ ᠲᠦᠷᠢᠶᠡᠰᠦᠯᠡᠨ ᠰᠠᠭᠤᠵᠤ ᠪᠠᠶᠢᠭ᠎ᠠ ᠭᠡᠷ ᠪᠠᠶᠢᠰᠢᠩ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠪᠠᠶᠢᠯ᠎ᠠ ᠭᠡᠳ ᠪᠠᠰᠠ ᠬᠦᠯᠦᠰᠦᠯᠡᠭᠰᠡᠨ ᠲᠠᠯ᠎ᠠ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠤᠭᠲᠠᠭᠰᠠᠨ ᠪᠦᠭᠡᠳ ᠴᠠᠭ ᠲᠤᠬᠠᠢ ᠳᠤᠨᠢ ᠲᠤᠰᠢᠶᠠᠭᠰᠠᠨ ᠬᠤᠳᠡ ᠪᠠᠯᠭᠠᠰᠤᠨ ᠤ ᠨᠡᠶᠢᠭᠡᠮ ᠤᠨ ᠳᠠᠭᠠᠳᠬᠠᠯ ᠨᠢ ᠬᠥᠬᠡᠬᠤᠲᠠ᠂ ᠪᠤᠭᠤᠲᠤ ᠬᠤᠶᠠᠷ ᠬᠤᠳᠠ ᠶᠢᠨ ᠲᠣᠭᠲᠠᠭᠠᠭᠰᠠᠨ ᠵᠢᠯ ᠬᠤᠭᠤᠴᠠᠭ᠎ᠠ ᠳᠤ ᠬᠦᠷᠦᠭᠰᠡᠨ ᠪᠠᠶᠢᠪᠠᠯ ᠡᠷᠦᠬᠡ ᠠᠮᠠ ᠪᠠᠨ ᠠᠰᠠᠭᠤᠳᠠᠯ ᠦᠭᠡᠢ ᠤᠷᠤᠭᠤᠯᠵᠤ ᠪᠤᠯᠤᠨ᠎ᠠ᠃ ᠣᠶᠢᠯᠠᠭᠠᠭᠰᠠᠨ ᠢᠶᠠᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠳᠠᠷᠠᠭᠠᠴᠢ ᠶᠢᠨ ᠠᠯᠬᠤᠮ ᠳᠤ ᠬᠠᠮᠲᠤ ᠶᠢᠨ ᠡᠷᠦᠬᠡ ᠠᠮᠠ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠤᠷᠤᠭᠤᠯᠵᠤ᠂ ᠬᠠᠮᠲᠤ ᠶᠢᠨ ᠡᠷᠥᠭᠡ ᠠᠮᠠ ᠶᠢ ᠵᠦᠢ ᠵᠣᠬᠢᠰᠲᠠᠶ ᠪᠠᠶᠢᠭᠤᠯᠵᠤ᠂ ᠡᠷᠦᠬᠡ ᠠᠮᠠ ᠤᠷᠤᠬᠤ ᠨᠥᠬᠦᠴᠡᠯ ᠳᠤ ᠨᠡᠶᠢᠴᠡᠬᠦ ᠪᠣᠯᠪᠠᠴᠤ ᠡᠷᠦᠬᠡ ᠠᠮᠠ ᠪᠠᠨ ᠪᠣᠳᠠᠲᠠᠶ ᠣᠷᠣᠨ ᠰᠠᠭᠤᠴᠠ ᠶᠢᠨ ᠬᠠᠶ᠋ᠢᠭ ᠲᠤ ᠳᠠᠩᠰᠠᠯᠠᠭᠤᠯᠵᠤ ᠳᠡᠶᠢᠯᠡᠬᠦ ᠦᠭᠡᠢ ᠬᠦᠮᠦᠰ ᠤᠨ ᠡᠷᠦᠬᠡ ᠠᠮᠠ ᠤᠷᠤᠬᠤ ᠶᠢ ᠳᠦᠬᠦᠮᠴᠢᠯᠡᠬᠦ ᠪᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ