7 ᠳ᠋ᠤᠭᠠᠷ ᠰᠠᠷ᠎ᠠ ᠶᠢᠨ 16 ᠤ ᠡᠳᠦᠷ᠂ 2016 ᠣᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠬᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ ᠤᠨ ᠠᠵᠢᠯᠯᠠᠭ᠎ᠠ | ᠵᠢᠴᠢ ᠬᠦᠬᠡᠬᠤᠲᠠ ᠶᠢᠨ ᠪᠡᠶ᠎ᠡ ᠶᠢᠨ ᠲᠠᠮᠢᠷ ᠤᠨ ᠰᠤᠳᠤᠨ ᠬᠦᠮᠦᠨ ᠤ ᠤᠷᠤᠯᠳᠤᠭᠠᠨ ᠬᠦᠬᠡᠬᠤᠲᠠ ᠶᠢᠨ ᠴᠢᠩᠭᠢᠰ | ᠬᠠᠭᠠᠨ ᠴᠡᠴᠡᠷᠯᠢᠭ ᠲᠤ ᠶᠠᠪᠤᠭᠳᠠᠪᠠ᠃ | ᠰᠢᠨᠵᠢᠯᠡᠬᠦ ᠤᠬᠠᠭᠠᠨᠴᠢ ᠪᠠᠷ ᠪᠡᠶ᠎ᠡ ᠪᠠᠨ ᠴᠢᠬᠢᠷᠠᠭᠵᠢᠭᠤᠯᠬᠤ ᠮᠡᠳᠡᠯᠭᠡ ᠶᠢ ᠳᠡᠯᠭᠡᠷᠡᠭᠦᠯᠤᠨ ᠲᠦᠬᠡᠮᠡᠯᠵᠢᠭᠦᠯᠵᠤ᠂ | ᠤᠯᠠᠨ ᠲᠦᠮᠡᠨ ᠤ ᠪᠡᠶ᠎ᠠ ᠮᠠᠬᠠᠪᠤᠳ ᠤᠨ ᠡᠷᠡᠭᠦᠯ ᠴᠢᠬᠢᠷᠠᠭ ᠪᠠ ᠰᠢᠨᠵᠢᠯᠡᠬᠦ ᠤᠬᠠᠭᠠᠨᠴᠢ ᠪᠠᠷ ᠪᠡᠶ᠎ᠠ ᠪᠠᠨ | ᠪᠤᠯᠪᠠᠰᠤᠷᠠᠭᠤᠯᠬᠤ ᠤᠬᠠᠮᠰᠠᠷ ᠢ ᠳᠡᠭᠡᠭᠰᠢᠯᠡᠭᠦᠯᠬᠦ ᠵᠤᠷᠢᠯᠭ᠎ᠠ ᠪᠠᠷ ᠡᠷᠬᠢᠯᠡᠭᠰᠡᠨ ᠰᠢᠨᠵᠢᠯᠡᠬᠦ ᠤᠬᠠᠭᠠᠨᠴᠢ ᠪᠠᠷ ᠪᠡᠶ᠎ᠠ ᠪᠠᠨ | ᠴᠢᠬᠢᠷᠠᠭᠵᠢᠭᠤᠯᠬᠤ ᠲᠠᠯ᠎ᠠ ᠨᠤᠲᠤᠭ ᠤᠨ ᠠᠶᠠᠯᠠᠯ 7 ᠳ᠋ᠤᠭᠠᠷ ᠰᠠᠷ᠎ᠠ ᠶᠢᠨ 16 ᠤ ᠡᠳᠦᠷ ᠠᠴᠠ 17 ᠤ ᠡᠳᠦᠷ | ᠪᠤᠯᠲᠠᠯ᠎ᠠ ᠬᠦᠬᠡᠬᠤᠲᠠ ᠳᠤ ᠶᠠᠪᠤᠭᠳᠠᠨ᠎ᠠ᠃ ᠲᠤᠰ ᠠᠵᠢᠯᠯᠠᠭ᠎ᠠ ᠳᠤ ᠪᠠᠶ᠎ᠠ ᠶᠢᠨ ᠲᠠᠮᠢᠷ ᠤᠨ ᠰᠤᠳᠤᠨ ᠬᠦᠮᠦᠨ ᠤ | ᠤᠷᠤᠯᠳᠤᠭᠠᠨ᠂ ᠰᠢᠨᠵᠢᠯᠡᠬᠦ ᠤᠬᠠᠭᠠᠨᠴᠢ ᠪᠠᠷ ᠪᠡᠶ᠎ᠠ ᠴᠢᠬᠢᠷᠠᠭᠵᠢᠭᠤᠯᠬᠤ ᠬᠢᠴᠢᠶᠡᠯ᠂ ᠪᠡᠶ᠎ᠠ ᠮᠠᠬᠠᠪᠤᠳ ᠤᠨ ᠰᠤᠷᠢᠯᠲᠠ | ᠪᠠᠶᠢᠴᠠᠭᠠᠯᠲᠠ᠂ ᠪᠡᠶ᠎ᠠ ᠶᠢᠨ ᠲᠠᠮᠢᠷ ᠤᠨ ᠬᠠᠤᠯᠢ ᠲᠤᠭᠳᠠᠭᠠᠯ ᠤᠨ ᠤᠬᠠᠭᠤᠯᠭ᠎ᠠ ᠪᠠ ᠪᠡᠶ᠎ᠠ ᠴᠢᠬᠢᠷᠠᠭᠵᠢᠭᠤᠯᠬᠤ | ᠮᠡᠳᠡᠯᠭᠡ ᠶᠢᠨ ᠯᠠᠪᠯᠠᠯᠲᠠ ᠵᠡᠷᠭᠡ ᠠᠭᠤᠯᠭ᠎ᠠ ᠪᠠᠭᠳᠠᠵᠤ ᠪᠤᠢ᠃ | ᠲᠤᠰ ᠡᠳᠦᠷ ᠤᠨ ᠪᠡᠶ᠎ᠠ ᠶᠢᠨ ᠲᠠᠮᠢᠷ ᠤᠨ ᠰᠤᠳᠤᠨ ᠬᠦᠮᠦᠨ ᠤ ᠤᠷᠤᠯᠳᠤᠭᠠᠨ ᠳᠤ ᠬᠠᠷᠢᠭᠤ ᠳᠤᠰᠬᠠᠯ | ᠭᠠᠷᠭᠠᠬᠤ ᠬᠤᠭᠤᠴᠠᠭ᠎ᠠ᠂ ᠡᠯᠢᠭᠡᠳᠡᠭᠡ ᠭᠠᠷ ᠲᠤᠯᠤᠯᠲᠠ᠂ ᠠᠳᠬᠤᠬᠤ ᠬᠦᠴᠦ᠂ ᠡᠭᠴᠡ ᠦᠰᠦᠷᠦᠯᠲᠡ᠂ ᠠᠭᠤᠰᠬᠢᠨ | ᠤ ᠠᠮᠢᠰᠬᠤᠯ ᠤᠨ ᠪᠠᠭᠳᠠᠭᠠᠮᠵᠢ ᠵᠡᠷᠭᠡ 5 ᠵᠦᠢᠯ ᠢᠶᠠᠷ ᠤᠷᠤᠯᠴᠠᠭᠴᠢ ᠶᠢᠨ ᠪᠡᠶ᠎ᠠ ᠮᠠᠬᠠᠪᠤᠳ ᠳᠤ ᠰᠤᠷᠢᠯᠳᠠ | ᠪᠠᠶᠢᠴᠠᠭᠠᠯᠲᠠ ᠬᠢᠵᠠᠢ᠃ ᠪᠠᠶ᠎ᠠ ᠮᠠᠬᠠᠪᠤᠳ ᠤᠨ ᠰᠤᠷᠢᠯᠳᠠ ᠪᠠᠶᠢᠴᠠᠭᠠᠯᠲᠠ ᠨᠢ ᠬᠤᠪᠢ ᠬᠦᠮᠦᠨ ᠤ ᠪᠡᠶ᠎ᠠ ᠮᠠᠬᠠᠪᠤᠳ | ᠤᠨ ᠬᠢᠷᠢ ᠲᠦᠪᠰᠢᠨ ᠳᠤ ᠴᠢᠭᠯᠡᠭᠦᠯᠦᠨ ᠬᠢᠨᠠᠨ ᠬᠡᠮᠵᠢᠵᠤ ᠦᠨᠡᠯᠡᠨᠠ᠂ ᠡᠨᠡ ᠨᠢ ᠤᠷᠤᠯᠴᠠᠭᠴᠢ ᠶᠢᠨ ᠪᠡᠶ᠎ᠡ ᠮᠠᠬᠠᠪᠤᠳ | ᠤᠨ ᠬᠡᠯᠪᠡᠷᠢ ᠵᠦᠢ ᠶᠢᠨ ᠪᠦᠲᠦᠴᠡ᠂ ᠹᠢᠽᠢᠤᠯᠤᠭᠢ ᠶᠢᠨ ᠴᠢᠳᠠᠪᠤᠷᠢ ᠪᠤᠯᠤᠨ ᠪᠡᠶ᠎ᠠ ᠮᠠᠬᠠᠪᠤᠳ ᠤᠨ ᠬᠡᠪ ᠴᠢᠨᠠᠷ ᠵᠡᠷᠭᠡ | ᠶᠡᠷᠤᠩᠬᠡᠢ ᠤᠨᠴᠠᠯᠢᠭ ᠢ ᠬᠠᠷᠠᠭᠤᠯᠵᠤ ᠳᠡᠶᠢᠯᠦᠨ᠎ᠠ᠃ ᠰᠢᠨᠵᠢᠯᠡᠬᠦ ᠤᠬᠠᠭᠠᠨᠴᠢ ᠵᠦᠪ ᠤᠨᠤᠪᠴᠢᠲᠠᠢ ᠪᠡᠶ᠎ᠠ ᠮᠠᠬᠠᠪᠤᠳ | ᠤᠨ ᠬᠢᠨᠠᠨ ᠪᠠᠶᠢᠴᠠᠭᠠᠯᠲᠠ ᠪᠠᠷ ᠳᠠᠮᠵᠢᠭᠤᠯᠵᠤ ᠤᠷᠤᠯᠴᠠᠭᠴᠢ ᠦᠪᠡᠷ ᠤᠨ ᠪᠡᠶ᠎ᠠ ᠮᠠᠬᠠᠪᠤᠳ ᠤᠨ ᠬᠢᠷᠢ | ᠲᠦᠪᠰᠢᠨ ᠢᠶᠠᠨ ᠪᠦᠬᠦ ᠲᠠᠯ᠎ᠠ ᠪᠠᠷ ᠤᠢᠢᠯᠠᠭᠠᠵᠤ ᠪᠤᠯᠤᠨ᠎ᠠ᠂ ᠲᠡᠭᠦᠨᠴᠢᠯᠡᠨ ᠪᠡᠶ᠎ᠠ ᠴᠢᠬᠢᠷᠠᠭᠵᠢᠭᠤᠯᠬᠤ ᠲᠦᠯᠦᠪᠯᠡᠭᠡ | ᠲᠤᠭᠳᠠᠭᠠᠬᠤ ᠦᠶ᠎ᠠ ᠳᠡᠭᠡᠨ ᠦᠪᠡᠷ ᠤᠨ ᠪᠡᠶ᠎ᠠ ᠶᠢᠨ ᠤᠨᠴᠠᠯᠢᠭ ᠢᠶᠠᠨ ᠦᠨᠳᠦᠰᠦᠯᠡᠵᠤ ᠪᠤᠯᠪᠠᠰᠤᠷᠠᠯ ᠬᠢᠬᠦ ᠬᠠᠷᠠᠯᠲᠠ᠂ | ᠪᠡᠶ᠎ᠠ ᠶᠢᠨ ᠲᠠᠮᠢᠷ ᠤᠨ ᠲᠦᠷᠦᠯ ᠵᠦᠢᠯ ᠪᠤᠯᠤᠨ ᠲᠤᠬᠢᠷᠠᠮᠵᠢᠲᠠᠢ ᠬᠦᠳᠡᠯᠭᠡᠭᠡᠨ ᠬᠢᠬᠦ ᠬᠦᠴᠦᠯᠡᠴᠡ ᠶᠢ ᠲᠤᠭᠳᠠᠭᠠᠵᠤ | ᠪᠤᠯᠤᠨ᠎ᠠ᠃ |