ᠥᠪᠥᠷ ᠮᠣᠩᠭᠤᠯ 54 ᠵᠢᠯ ᠤᠨ ᠲᠤᠷᠰᠢᠬᠢ ᠬᠠᠮᠤᠭ ᠤᠨ ᠬᠠᠭᠤᠷᠠᠶ ᠬᠠᠯᠠᠭᠤᠨ 10 ᠡᠳᠦᠷ ᠢ ᠦᠡᠭᠭᠡᠷᠡᠭᠡᠪᠡ
ᠨᠡᠶᠢᠲᠡᠯᠡᠭᠰᠡᠨ ᠴᠠᠭ᠄
2016/7/18
      7 ᠳ᠋ᠤᠭᠠᠷ ᠰᠠᠷ᠎ᠠ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠭᠤᠷᠠᠶ ᠬᠠᠯᠠᠭᠤᠨ ᠮᠦᠷᠲᠡᠭᠡᠨ ᠪᠣᠷᠣᠭᠠᠨ ᠪᠠᠭ᠎ᠠ ᠪᠠᠶᠢᠵᠤ᠂ ᠢᠯᠠᠩᠭᠤᠶ᠎ᠠ ᠲᠤᠰ ᠰᠠᠷ᠎ᠠ ᠶᠢᠨ ᠰᠢᠨᠡᠳ ᠢᠶᠠᠷ᠂ ᠳᠤᠮᠳᠠᠴᠢ ᠠᠭᠠᠷ ᠤᠨ ᠳᠤᠯᠠᠭᠠᠨ ᠨᠢ 1961 ᠣᠨ ᠠᠴᠠ ᠨᠠᠰᠢᠬᠢ ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠲᠤ ᠬᠦᠷᠴᠦ᠂ ᠲᠤᠨᠳᠠᠰᠤ ᠨᠢ ᠠᠳᠠᠯᠢ ᠬᠤᠭᠤᠴᠠᠭᠠᠨ ᠳᠠᠬᠢ ᠬᠠᠮᠤᠭ ᠤᠨ ᠪᠠᠭ᠎ᠠ ᠨᠢ ᠪᠤᠯᠪᠠ᠃ 7 ᠳ᠋ᠤᠭᠠᠷ ᠰᠠᠷ᠎ᠠ ᠶᠢᠨ ᠲᠦᠷᠦᠭᠦᠦ 10 ᠡᠳᠦᠷ ᠲᠤ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠤᠷᠤᠨ ᠤ ᠠᠭᠠᠷ ᠤᠨ ᠳᠤᠯᠠᠭᠠᠨ ᠤ ᠬᠡᠮᠵᠢᠶ᠎ᠡ ᠨᠢ ᠶᠡᠷᠦ ᠶᠢᠨ ᠵᠢᠯ ᠤᠨ ᠠᠳᠠᠯᠢ ᠬᠤᠭᠤᠴᠠᠭᠠᠨ ᠤ ᠬᠢ ᠠᠴᠠ 1~7.2 ᠼᠧᠯᠰ ᠥᠨᠳᠥᠷ ᠪᠠᠶᠢᠵᠤ᠂ ᠢᠯᠠᠩᠭᠤᠶ᠎ᠠ ᠰᠢᠯᠢ ᠶᠢᠨ ᠭᠤᠣᠯ ᠠᠶᠢᠮᠠᠭ ᠪᠣᠯᠤᠨ ᠲᠡᠭᠦᠨ ᠠᠴᠠ ᠵᠡᠭᠦᠨᠰᠢᠬᠢ ᠶᠡᠬᠡᠩᠬᠢ ᠬᠡᠰᠡᠭ ᠭᠠᠵᠠᠷ ᠣᠷᠣᠨ ᠨᠢ 4 ᠼᠧᠯᠰ ᠠᠴᠠ ᠳᠠᠪᠠᠭᠰᠠᠨ ᠪᠠᠶᠢᠨ᠎ᠠ᠃ ᠪᠦᠬᠦ ᠣᠷᠣᠨ ᠤ ᠠᠷᠪᠠᠨ ᠬᠤᠨᠤᠭ ᠤᠨ ᠳᠤᠮᠳᠠᠴᠢ ᠠᠭᠠᠷ ᠤᠨ ᠳᠤᠯᠠᠭᠠᠨ ᠨᠢ 24.6 ᠼᠧᠯᠰ ᠪᠠᠶᠢᠵᠤ᠂ ᠦᠡᠭᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 2.8 ᠼᠧᠯᠰ ᠦᠨᠳᠦᠷ ᠪᠠᠶᠢᠵᠤ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ  ᠬᠠᠮᠤᠭ ᠤᠨ ᠥᠨᠳᠥᠷ ᠲᠤ ᠵᠢᠭᠰᠠᠭᠠᠭᠳᠠᠪᠠ᠃ ᠬᠡᠬᠦ ᠳᠤ ᠪᠥᠬᠦ ᠣᠷᠣᠨ ᠤ ᠳᠤᠮᠳᠠᠴᠢ ᠲᠤᠨᠳᠠᠰᠤᠨ ᠤ ᠬᠡᠮᠵᠢᠶ᠎ᠡ ᠨᠢ ᠵᠥᠪᠬᠡᠨ  7.8 ᠮᠢᠯᠢᠮᠧᠲᠷ ᠪᠠᠶᠢᠵᠤ᠂ ᠦᠡᠭᠭᠡᠷᠡᠭᠰᠡᠨ ᠤ ᠠᠳᠠᠯᠢ ᠬᠤᠭᠤᠴᠠᠭ᠎ᠠ ᠬᠤᠭᠤᠴᠠᠭᠠᠨ ᠤ ᠬᠢ ᠠᠴᠠ 18.4 ᠮᠢᠯᠢᠮᠧᠲᠷ ᠳᠤᠲᠠᠭᠤ ᠪᠤᠯᠤᠭᠰᠠᠨ ᠤᠴᠢᠷ ᠠᠴᠠ ᠤᠶᠢᠷ᠎ᠠ ᠶᠢᠨ 54 ᠵᠢᠯ ᠤᠨ ᠲᠤᠷᠰᠢᠬᠢ ᠬᠠᠮᠤᠭ ᠤᠨ ᠬᠠᠭᠤᠷᠠᠶ ᠬᠠᠯᠠᠭᠤᠨ 10 ᠡᠳᠦᠷ ᠪᠤᠯᠪᠠ᠃ ᠵᠢᠱᠢᠯᠲᠡ ᠪᠠᠷ 7 ᠳ᠋ᠤᠭᠠᠷ ᠰᠠᠷ᠎ᠠ ᠶᠢᠨ ᠳᠤᠮᠳᠠᠴᠢ ᠳᠤ ᠤᠷᠤᠭᠰᠠᠨ ᠤ ᠳᠠᠷᠠᠭ᠎ᠠ ᠬᠤᠪᠢᠷᠠᠯᠲᠠ ᠭᠠᠷᠴᠤ᠂ ᠪᠦᠬᠦ ᠣᠷᠣᠨ ᠳᠤ ᠪᠤᠷᠤᠭᠠᠨ ᠡᠯᠪᠡᠭᠰᠢᠵᠤ᠂ ᠠᠭᠠᠷ ᠤᠨ ᠬᠠᠯᠠᠭᠤᠨ ᠪᠠᠭᠤᠷᠠᠵᠤ᠂ ᠪᠦᠬᠦ ᠣᠷᠣᠨ ᠤ ᠭᠠᠩ ᠬᠠᠭᠰᠠᠷᠠᠭᠠᠨ ᠤ ᠪᠠᠶᠢᠳᠠᠯ ᠢ ᠪᠦᠲᠦᠮᠵᠢᠲᠡᠶ ᠨᠠᠮᠳᠠᠭᠤᠯᠬᠤ ᠪᠤᠯᠤᠨ᠎ᠠ᠃      7 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ᠂ ᠪᠦᠬᠦ ᠣᠷᠣᠨ ᠤ ᠭᠠᠩ ᠬᠠᠭᠰᠠᠷᠭᠠᠨ ᠤ ᠲᠠᠯᠠᠪᠠᠶ ᠨᠢ 30.9 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠬᠦᠨ ᠳᠤ ᠣᠨᠴᠠ ᠬᠠᠭᠰᠠᠷᠭᠠᠨᠲᠤ ᠲᠠᠯᠠᠪᠠᠶ ᠨᠢ 4 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠦᠨᠳᠦ ᠬᠠᠭᠰᠠᠷᠭᠠᠨᠲᠤ ᠲᠠᠯᠠᠪᠠᠶ ᠨᠢ 7.7 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠤᠯᠪᠠ᠃ ᠪᠦᠬᠦ ᠣᠷᠣᠨ ᠤ ᠭᠠᠩ ᠬᠠᠭᠰᠠᠷᠭᠠᠨ ᠨᠢ ᠭᠤᠣᠯᠳᠠᠭᠤ ᠠᠯᠠᠱᠠ ᠠᠶᠢᠮᠠᠭ ᠤᠨ ᠶᠡᠬᠡᠩᠬᠢ ᠬᠡᠰᠡᠭ ᠭᠠᠵᠠᠷ ᠤᠷᠤᠨ᠂ ᠤᠷᠳᠤᠰ ᠬᠤᠳᠠ ᠶᠢᠨ ᠪᠠᠷᠠᠭᠤᠨ ᠪᠡᠶ᠎ᠡ᠂ ᠪᠠᠶᠠᠨᠨᠠᠭᠤᠷ ᠬᠤᠳᠠ ᠶᠢᠨ ᠵᠡᠭᠦᠨ ᠪᠡᠶ᠎ᠡ᠂ ᠪᠤᠭᠤᠲᠤ ᠬᠤᠲᠠ ᠶᠢᠨ ᠬᠤᠶᠢᠨ᠎ᠠ ᠪᠡᠶ᠎ᠡ ᠪᠤᠯᠤᠨ ᠪᠠᠷᠠᠭᠤᠨ ᠡᠮᠦᠨ᠎ᠡ ᠪᠡᠶ᠎ᠡ᠂ ᠤᠯᠠᠭᠠᠨᠴᠠᠪ ᠬᠤᠲᠠ ᠶᠢᠨ ᠬᠤᠶᠢᠲᠤ ᠪᠡᠶ᠎ᠡ ᠪᠤᠯᠤᠨ ᠳᠤᠮᠳᠠ ᠪᠡᠶ᠎ᠡ᠂ ᠰᠢᠯᠢ ᠶᠢᠨ ᠭᠤᠣᠯ ᠠᠶᠢᠮᠠᠭ ᠤᠨ ᠬᠡᠰᠡᠭ ᠭᠠᠵᠠᠷ ᠤᠷᠤᠨ᠂ ᠤᠯᠠᠭᠠᠨᠬᠠᠳᠠ ᠬᠤᠲᠠ ᠶᠢᠨ ᠵᠡᠭᠦᠨ ᠬᠤᠶᠢᠲᠤ ᠪᠡᠶ᠎ᠡ᠂ ᠲᠦᠩᠯᠢᠶᠣᠤ ᠬᠤᠲᠠ ᠶᠢᠨ   ᠬᠤᠶᠢᠲᠤ ᠪᠡᠶ᠎ᠡ ᠪᠤᠯᠤᠨ ᠵᠡᠭᠦᠨ ᠪᠡᠶ᠎ᠡ ᠵᠢᠴᠢ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠶᠢᠨ ᠭᠠᠵᠠᠷ ᠣᠷᠣᠨ ᠢᠶᠠᠷ ᠲᠠᠷᠬᠠᠪᠠ᠃ ᠡᠭᠦᠨ ᠤ ᠬᠠᠮᠲᠤ᠂ 16᠎ ᠤ ᠡᠳᠦᠷ ᠤᠨ 8 ᠴᠠᠭ ~ 17᠎ ᠤ ᠡᠳᠦᠷ 8 ᠴᠠᠭ ᠪᠣᠯᠲᠠᠯ᠎ᠠ᠂ ᠪᠦᠬᠦ ᠣᠷᠣᠨ ᠤ 41%᠎ ᠶᠢᠨ ᠥᠷᠲᠡᠭᠡᠨ ᠳᠤ ᠪᠤᠷᠤᠭᠠᠨ ᠤᠷᠤᠵᠤ᠂ ᠭᠤᠣᠯᠳᠠᠭᠤ ᠬᠥᠬᠡᠬᠤᠲᠠ ᠶᠢᠨ ᠡᠮᠦᠨ᠎ᠡ ᠪᠡᠶ᠎ᠡ᠂ ᠤᠯᠠᠭᠠᠨᠴᠠᠪ ᠬᠤᠳᠠ ᠶᠢᠨ ᠡᠮᠦᠨ᠎ᠡ ᠪᠡᠶ᠎ᠡ ᠪᠤᠯᠤᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠡᠮᠦᠨ᠎ᠡ ᠪᠡᠶ᠎ᠡ ᠳᠤ ᠲᠦᠪᠯᠡᠷᠡᠪᠡ᠃      ᠥᠪᠥᠷ ᠮᠣᠩᠭᠤᠯ ᠤᠨ ᠴᠠᠭ ᠠᠭᠤᠷ ᠤᠨ ᠦᠷᠲᠡᠭᠡᠨ ᠤ ᠵᠢᠱᠢᠯᠲᠡ ᠪᠠᠷ᠂ 7 ᠳ᠋ᠤᠭᠠᠷ ᠰᠠᠷ᠎ᠠ ᠶᠢᠨ 18~21᠎ ᠤ ᠡᠳᠦᠷ ᠪᠤᠯᠲᠠᠯ᠎ᠠ᠂ ᠥᠨᠳᠥᠷ ᠣᠭᠲᠠᠷᠭᠤᠶ ᠶᠢᠨ ᠪᠠᠭᠤᠷᠠᠶ ᠬᠦᠢᠲᠡᠨ ᠠᠭᠤᠷ ᠠᠮᠢᠰᠬᠤᠯ ᠵᠢᠴᠢ ᠳᠣᠣᠷ᠎ᠠ ᠳᠠᠪᠬᠤᠷᠭ᠎ᠠ ᠶᠢᠨ ᠪᠠᠷᠠᠭᠤᠨ ᠡᠮᠦᠨᠡᠬᠢ ᠳᠤᠯᠠᠭᠠᠨ ᠴᠢᠭᠢᠭᠯᠢᠭ ᠠᠭᠤᠷ ᠤᠨ ᠤᠷᠤᠰᠬᠠᠯ ᠤᠨ ᠬᠠᠮᠲᠤ ᠶᠢᠨ ᠨᠥᠯᠥᠭᠡᠯᠡᠯ ᠠᠴᠠ ᠪᠤᠯᠵᠤ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠤᠷᠤᠨ ᠳᠤ ᠪᠠᠷᠠᠭᠤᠨ ᠠᠴᠠ ᠵᠡᠭᠦᠨᠰᠢ ᠪᠠᠨ ᠨᠢᠭᠡ ᠤᠳᠠᠭ᠎ᠠ ᠪᠤᠷᠤᠭᠠᠨ ᠤᠷᠤᠬᠤ ᠪᠤᠯᠤᠨ᠎ᠠ᠃ ᠠᠯᠠᠱᠠ ᠠᠶᠢᠮᠠᠭ ᠤᠨ ᠵᠡᠭᠦᠨ ᠪᠡᠶ᠎ᠡ ᠠᠴᠠ ᠵᠡᠭᠦᠨᠰᠢ ᠶᠡᠬᠡᠩᠬᠢ ᠬᠡᠰᠡᠭ ᠭᠠᠵᠠᠷ ᠣᠷᠣᠨ ᠤ ᠬᠤᠷᠠᠮᠳᠤᠯ ᠲᠤᠨᠳᠠᠰᠤᠨ ᠤ ᠬᠡᠮᠵᠢᠶ᠎ᠡ ᠨᠢ 0.1 ~ 9.9 ᠮᠢᠯᠢᠮᠧᠲᠷ ᠪᠤᠯᠵᠤ᠂ ᠡᠭᠦᠨ ᠳᠤ ᠤᠷᠳᠤᠰ ᠬᠤᠳᠠ ᠶᠢᠨ ᠡᠮᠦᠨ᠎ᠡ ᠪᠡᠶ᠎ᠡ᠂ ᠲᠦᠩᠯᠢᠶᠣᠤ ᠬᠤᠲᠠ ᠶᠢᠨ ᠡᠮᠦᠨ᠎ᠡ ᠪᠡᠶ᠎ᠡ᠂ ᠬᠥᠯᠥᠨ ᠪᠤᠶᠢᠷ ᠬᠤᠳᠠ ᠶᠢᠨ ᠵᠡᠭᠦᠨ ᠪᠡᠶ᠎ᠡ ᠶᠢᠨ ᠬᠤᠷᠠᠮᠳᠤᠯ ᠲᠤᠨᠳᠠᠰᠤᠨ ᠤ ᠬᠡᠮᠵᠢᠶ᠎ᠡ ᠨᠢ 10 ~ 24.9 ᠮᠢᠯᠢᠮᠧᠲᠷ ᠪᠤᠯᠤᠨ᠎ᠠ᠃ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠪᠤᠷᠤᠭ᠎ᠠ ᠨᠢ ᠡᠮᠦᠨᠡᠬᠢ ᠬᠤᠭᠤᠴᠠᠭᠠᠨ ᠤ ᠭᠠᠩ ᠬᠠᠭᠰᠠᠷᠠᠭᠠᠨ ᠤ ᠪᠠᠶᠢᠳᠠᠯ ᠢ ᠪᠦᠲᠦᠮᠵᠢᠲᠡᠶ ᠨᠠᠮᠳᠠᠭᠤᠯᠵᠤ ᠳᠡᠶᠢᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号