2016 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ︽ᠪᠥᠬᠦᠨ ᠳᠤ ᠲᠤᠬᠢᠷᠠᠬᠤ ᠺᠠᠷᠲ︾ | ᠤᠨ ᠰᠢᠰᠲ᠋ᠧᠮ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠨᠡᠶᠢᠲᠡ 115.31 | ᠳ᠋ᠦᠩᠰᠢᠭᠤᠷ ᠲᠥᠭᠦᠷᠢᠭ ᠲᠠᠷᠬᠠᠭᠠᠵᠤ᠂ ᠨᠡᠶᠢᠳᠡ 11 ᠬᠦᠷᠢᠶ᠎ᠡ 128 ᠲᠦᠷᠦᠯ 166 ᠵᠦᠢᠯ ᠤᠨ ᠨᠥᠬᠦᠪᠥᠷᠢ | ᠳᠤ ᠬᠤᠯᠪᠣᠭᠳᠠᠪᠠ᠃ ᠡᠭᠦᠨ ᠳᠤ᠄ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠥᠬᠦᠪᠥᠷᠢ ᠪᠡᠯᠡ ᠮᠥᠩᠭᠦ ᠶᠢ 98.06 ᠳ᠋ᠦᠩᠰᠢᠭᠤᠷ ᠲᠥᠭᠦᠷᠢᠭ ᠲᠠᠷᠬᠠᠭᠠᠵᠤ᠂ ᠶᠡᠷᠦᠩᠬᠡᠶ ᠲᠠᠷᠬᠠᠭᠠᠬᠤ ᠲᠣᠭᠠᠨ ᠤ | 85.07 % ᠶᠢ ᠡᠵᠡᠯᠡᠵᠦ᠂ 10 ᠬᠦᠷᠢᠶ᠎ᠡ 66 ᠲᠦᠷᠦᠯ 104 ᠵᠦᠢᠯ ᠤᠨ ᠨᠥᠬᠦᠪᠥᠷᠢ ᠳᠤ ᠬᠤᠯᠪᠣᠭᠳᠠᠪᠠ︔ | ᠠᠶᠢᠮᠠᠭ ᠬᠤᠳᠠ ᠪᠣᠯᠤᠨ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ 17. | 25 ᠳ᠋ᠦᠩᠰᠢᠭᠤᠷ ᠲᠥᠭᠦᠷᠢᠭ ᠲᠠᠷᠬᠠᠭᠠᠵᠤ᠂ ᠶᠡᠷᠦᠩᠬᠡᠶ ᠲᠠᠷᠬᠠᠭᠠᠬᠤ ᠲᠣᠭᠠᠨ ᠤ 14.97 % ᠶᠢ ᠡᠵᠡᠯᠡᠵᠦ᠂ 9 | ᠬᠥᠷᠢᠶ᠎ᠡ 62 ᠲᠥᠷᠥᠯ ᠤᠨ ᠨᠥᠬᠦᠪᠥᠷᠢ ᠳᠤ ᠬᠤᠯᠪᠣᠭᠳᠠᠪᠠ᠃ ᠨᠡᠶᠢᠲᠡ 1330.13 ᠲᠦᠮᠡᠨ ᠬᠥᠮᠦᠨ | ᠤᠳᠠᠭ᠎ᠠ ᠳᠤ ᠨᠥᠬᠦᠪᠦᠷᠢ ᠥᠭᠴᠦ᠂ ︽ᠪᠥᠬᠦᠨ ᠳᠤ ᠲᠤᠬᠢᠷᠠᠬᠤ ᠺᠠᠷᠲ︾ ᠤᠨ ᠴᠠᠬᠢᠮ ᠮᠡᠳᠡᠭᠡ ᠶᠢᠨ | ᠲᠠᠪᠴᠠᠩ ᠢᠶᠠᠷ ᠳᠠᠮᠵᠢᠭᠤᠯᠤᠨ ᠨᠥᠬᠦᠪᠥᠷᠢ ᠮᠥᠩᠭᠦ ᠲᠠᠷᠬᠠᠭᠠᠵᠤ ᠴᠠᠭ ᠳᠠᠷᠤᠶᠢᠬᠠᠨ ᠲᠠᠩᠰᠠᠨ ᠳᠤ ᠤᠷᠤᠭᠰᠠᠨ ᠴᠠᠬᠢᠮ | ᠮᠡᠳᠡᠭᠡ ᠨᠢ 614.87 ᠲᠦᠮᠡᠨ ᠵᠤᠷᠪᠤᠰ ᠲᠤ ᠬᠦᠷᠪᠡ᠃ ᠣᠳᠣᠬᠠᠨ ᠳᠤ᠂ ᠠᠮᠤ ᠪᠤᠳᠠᠭ᠎ᠠ ᠲᠠᠷᠢᠭᠰᠠᠳ ᠤᠨ | ᠰᠢᠭᠤᠳ ᠨᠥᠬᠦᠪᠥᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠥᠷᠢ ᠪᠣᠯᠣᠨ | ᠲᠠᠷᠢᠮᠠᠯ ᠤᠨ ᠰᠠᠶᠢᠨ ᠦᠷ᠎ᠡ ᠶᠢᠨ ᠨᠥᠬᠦᠪᠥᠷᠢ ᠵᠡᠷᠭᠡ ᠭᠤᠷᠪᠠᠨ ᠵᠦᠢᠯ ᠤᠨ ᠨᠥᠬᠦᠪᠥᠷᠢ ᠶᠢ ᠨᠡᠶᠢᠯᠡᠭᠦᠯᠵᠦ | ᠪᠦᠷᠢᠯᠳᠦᠭᠰᠡᠨ ᠲᠠᠷᠢᠶᠠᠯᠠᠩ ᠢ ᠳᠡᠮᠵᠢᠵᠦ ᠬᠠᠮᠠᠭᠠᠯᠠᠬᠤ ᠨᠥᠬᠦᠪᠥᠷᠢ ᠶᠢᠨ 56 ᠳ᠋ᠦᠡᠭᠰᠢᠭᠤᠷ ᠲᠥᠭᠦᠷᠢᠭ ᠤᠨ | ᠶᠡᠷᠦᠩᠬᠡᠢ ᠨᠥᠬᠦᠪᠦᠷᠢ ᠠᠴᠠ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠶᠢ ᠨᠢ ᠨᠢᠭᠡᠨᠲᠡ ᠲᠠᠷᠬᠠᠭᠠᠳ | ᠵᠢᠱᠢᠯᠲᠡ ᠪᠠᠷ 8 ᠳ᠋ᠤᠭᠠᠷ ᠰᠠᠷ᠎ᠠ ᠶᠢᠨ ᠳᠤᠮᠳᠠᠴᠢ ᠠᠴᠠ ᠡᠮᠦᠨ᠎ᠡ ᠪᠦᠬᠦᠨ ᠢ ᠲᠠᠷᠬᠠᠭᠠᠵᠤ ᠳᠠᠭᠤᠰᠬᠠᠬᠤ ᠪᠣᠯᠣᠨ᠎ᠠ᠃ |