ᠥᠪᠥᠷ ᠮᠣᠩᠭᠤᠯ ᠤᠨ ᠪᠣᠷᠣᠲᠣᠬᠤᠶ ᠶᠢᠨ ᠲᠠᠯ᠎ᠠ ᠭᠠᠵᠠᠷ ᠤᠨ 135 ᠲᠦᠮᠡᠨ ᠮᠦ ᠪᠤᠭᠤᠳᠠᠢ ᠶᠢ ᠬᠤᠷᠢᠶᠠᠵᠤ ᠡᠬᠢᠯᠡᠪᠡ
ᠨᠡᠶᠢᠲᠡᠯᠡᠭᠰᠡᠨ ᠴᠠᠭ᠄
2016/7/18
     ᠤᠯᠤᠰ ᠤᠨ ᠲᠠᠸᠠᠷ ᠤᠨ ᠠᠮᠤ ᠶᠢᠨ ᠴᠢᠬᠤᠯᠠ ᠰᠠᠭᠤᠷᠢᠨ ᠭᠠᠵᠠᠷ — — ᠥᠪᠥᠷ ᠮᠣᠩᠭᠤᠯ ᠤᠨ ᠪᠠᠶᠠᠨᠨᠠᠭᠤᠷ ᠤᠨ ᠪᠣᠷᠣᠲᠣᠬᠤᠶ ᠶᠢᠨ ᠲᠠᠯ᠎ᠠ ᠭᠠᠵᠠᠷ ᠪᠤᠭᠤᠳᠠᠢ ᠪᠠᠨ ᠬᠠᠳᠤᠵᠤ ᠡᠬᠢᠯᠡᠪᠡ᠃ ᠡᠨᠡ ᠵᠢᠯ ᠤᠨ ᠪᠣᠷᠣᠲᠣᠬᠤᠶ ᠶᠢᠨ ᠲᠠᠯ᠎ᠠ ᠭᠠᠵᠠᠷ ᠲᠤ ᠲᠠᠷᠢᠭᠰᠠᠨ ᠪᠤᠭᠤᠳᠠᠢ ᠶᠢᠨ ᠲᠠᠯᠠᠪᠠᠢ 135.1 ᠲᠦᠮᠡᠨ ᠮᠥ ᠳᠤ ᠬᠦᠷᠴᠦ᠂ ᠨᠢᠳᠤᠨᠤᠨ ᠤ ᠬᠢ ᠠᠴᠠ 20 ᠲᠦᠮᠡᠨ ᠮᠦ ᠨᠡᠮᠡᠭᠳᠡᠵᠦ᠂ ᠵᠢᠱᠢᠯᠲᠡ ᠪᠠᠷ ᠪᠤᠭᠤᠳᠠᠢ ᠶᠢᠨ ᠲᠠᠯᠠᠪᠠᠢ ᠨᠢᠭᠡᠴᠢ ᠶᠢᠨ ᠤᠨᠠᠯᠲᠠ ᠨᠢ ᠨᠢᠳᠤᠨᠤᠨ ᠤ ᠬᠢ ᠲᠠᠢ ᠠᠳᠠᠯᠢᠳᠬᠠᠪᠠᠯ ᠪᠠᠭ᠎ᠠ ᠨᠡᠮᠡᠭᠳᠡᠵᠦ᠂ ᠪᠦᠬᠦ ᠭᠠᠷᠤᠯᠲᠠ ᠨᠢ 9.43 ᠳ᠋ᠦᠩᠰᠢᠭᠤᠷ ᠵᠢᠩ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.38 ᠳ᠋ᠦᠩᠰᠢᠭᠤᠷ ᠵᠢᠩ ᠨᠡᠮᠡᠭᠳᠡᠬᠦ ᠪᠣᠯᠤᠨ᠎ᠠ᠃      ᠤᠢᠢᠷ᠎ᠠ ᠶᠢᠨ ᠵᠢᠯ ᠳᠤ᠂ ᠪᠣᠷᠣᠲᠣᠬᠤᠶ ᠶᠢᠨ ᠴᠢᠨᠠᠷᠵᠢᠭᠤᠨ ᠪᠤᠭᠤᠳᠠᠶ ᠶᠢᠨ ᠲᠥᠷᠥᠯ ᠲᠡᠮᠳᠡᠭᠲᠦ ᠶᠢᠨ ᠪᠠᠶᠢᠷᠢ ᠰᠠᠭᠤᠷᠢ ᠶᠢ ᠦᠨᠡᠨ ᠬᠦ ᠪᠠᠲᠤᠯᠠᠵᠦ᠂ ᠲᠠᠷᠢᠶᠠᠴᠢᠳ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠤᠰᠠᠳᠠ᠂ ᠪᠠᠶᠠᠨᠨᠠᠭᠤᠷ ᠬᠤᠳᠠ ᠤᠯᠤᠰ ᠤᠨ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠢ ᠳᠡᠮᠵᠢᠨ ᠬᠠᠮᠠᠭᠠᠯᠠᠬᠤ ᠨᠥᠬᠦᠪᠥᠷᠢ᠂ ᠲᠠᠷᠢᠶᠠᠯᠠᠩ ᠤᠨ ᠮᠠᠰᠢᠨ ᠤ ᠨᠥᠬᠦᠪᠥᠷᠢ ᠵᠡᠷᠭᠡ ᠠᠮᠤ ᠪᠤᠳᠠᠭᠠᠨ ᠤ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠡᠷᠡ ᠴᠢᠭ ᠢᠶᠠᠷ ᠨᠢ ᠰᠠᠶᠢᠲᠤᠷ ᠨᠠᠶᠢᠳᠠᠪᠤᠷᠢᠵᠢᠭᠤᠯᠪᠠ᠃ ᠪᠤᠭᠤᠳᠠᠢ ᠶᠢᠨ ᠦᠷ᠎ᠡ ᠶᠢ ᠴᠡᠪᠡᠷᠰᠢᠭᠦᠯᠦᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠮᠤ ᠪᠤᠳᠠᠭ᠎ᠠ ᠶᠢ ᠠᠯᠠᠭᠯᠠᠨ ᠲᠡᠷᠢᠬᠤ᠂ ᠠᠮᠤ ᠪᠤᠳᠠᠭ᠎ᠠ ᠪᠣᠯᠣᠨ ᠠᠵᠤ ᠠᠬᠤᠢ ᠶᠢᠨ ᠲᠠᠷᠢᠮᠠᠯ ᠢ ᠠᠯᠠᠭᠯᠠᠨ ᠲᠠᠷᠢᠬᠤ ᠵᠡᠷᠭᠡ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠪᠣᠬᠢᠷᠲᠤᠯ ᠦᠭᠡᠢ᠂ ᠰᠧᠯᠧᠨ ᠢᠶᠠᠷ ᠪᠠᠶᠠᠯᠢᠭ᠂ ᠣᠷᠭᠠᠨᠢᠭ ᠪᠤᠭᠤᠳᠠᠢ ᠪᠠ ᠬᠠᠷ᠎ᠠ ᠪᠤᠭᠤᠳᠠᠢ ᠲᠠᠷᠢᠬᠤ ᠶᠢ ᠢᠳᠡᠪᠬᠢᠲᠡᠶ ᠬᠥᠭᠵᠢᠭᠦᠯᠪᠡ᠃ ᠪᠠᠶᠠᠨᠨᠠᠭᠤᠷ ᠤᠨ ᠬᠠᠩᠭᠢᠨ ᠬᠤᠶᠢᠲᠤ ᠬᠤᠰᠢᠭᠤ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ ᠯᠢ ᠵᠢᠶᠧ ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠴᠠᠭ ᠠᠭᠤᠷ ᠤᠨ ᠨᠥᠬᠦᠴᠡᠯ ᠪᠤᠭᠤᠳᠠᠢ ᠶᠢᠨ ᠦᠢᠯᠡᠳᠪᠦᠷᠢᠯᠡᠯ ᠳᠤ ᠠᠰᠢᠭᠲᠠᠶ᠂ ᠬᠠᠭᠤᠷᠢ ᠬᠠᠯᠠᠭᠤᠨ ᠰᠠᠯᠬᠢᠨ ᠤ ᠨᠥᠯᠥᠭᠡ ᠶᠢ ᠬᠦᠷᠲᠡᠭᠰᠡᠨ ᠦᠭᠡᠢ ᠪᠣᠯᠬᠤᠷ᠂ ᠪᠤᠭᠤᠳᠠᠢ ᠶᠢᠨ ᠬᠤᠷᠢᠶᠠᠯᠲᠠ ᠲᠣᠭᠲᠠᠭᠤᠨ ᠵᠢᠯ ᠪᠣᠯᠬᠤ ᠨᠢ ᠳᠠᠮᠵᠢᠭ ᠦᠭᠡᠢ ᠭᠡᠵᠦ ᠪᠠᠶᠢᠯ᠎ᠠ᠃      ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠪᠤᠭᠤᠳᠠᠢ ᠬᠤᠷᠢᠶᠠᠬᠤ ᠬᠤᠭᠤᠴᠠᠭ᠎ᠠ ᠪᠠᠭ᠋ᠠᠨ ᠣᠷᠣᠶᠢᠲᠠᠵᠤ᠂7 ᠳ᠋ᠤᠭᠠᠷ ᠰᠠᠷ᠎ᠠ ᠶᠢᠨ 13᠎ ᠤ ᠡᠳᠦᠷ ᠠᠴᠠ 25᠎ ᠤ ᠡᠳᠦᠷ ᠪᠣᠯᠲᠠᠯ᠎ᠠ ᠪᠣᠯ ᠪᠠᠷᠠᠭᠤᠨ ᠣᠷᠣᠨ ᠪᠤᠭᠤᠳᠠᠢ ᠬᠤᠷᠢᠶᠠᠬᠤ ᠲᠣᠬᠢᠷᠠᠮᠵᠢᠲᠠᠶ ᠬᠤᠭᠤᠴᠠᠭ᠎ᠠ ᠪᠣᠯᠣᠨ᠎ᠠ᠂ 7 ᠳ᠋ᠤᠭᠠᠷ ᠰᠠᠷ᠎ᠠ ᠶᠢᠨ 15᠎ ᠤ ᠡᠳᠦᠷ ᠠᠴᠠ 31᠎ ᠤ ᠡᠳᠦᠷ ᠪᠣᠯᠲᠠᠯ᠎ᠠ ᠪᠣᠯ ᠵᠡᠭᠦᠨ ᠣᠷᠣᠨ ᠤ ᠪᠤᠭᠤᠳᠠᠢ ᠬᠤᠷᠢᠶᠠᠬᠤ ᠲᠣᠬᠢᠷᠠᠮᠵᠢᠲᠠᠶ ᠬᠤᠭᠤᠴᠠᠭ᠎ᠠ ᠪᠣᠯᠣᠨ᠎ᠠ᠂ ᠵᠢᠱᠢᠯᠲᠡ ᠪᠠᠷ 7 ᠳ᠋ᠤᠭᠠᠷ ᠰᠠᠷ᠎ᠠ ᠶᠢᠨ ᠬᠤᠷᠢᠳ ᠢᠶᠠᠷ ᠪᠦᠬᠦ ᠬᠤᠲᠠ ᠶᠢᠨ ᠪᠤᠭᠤᠳᠠᠢ ᠬᠤᠷᠢᠶᠠᠬᠤ ᠣᠷᠭᠢᠯ ᠤᠨ ᠦᠶ᠎ᠡ ᠳᠤ ᠣᠷᠣᠨ᠎ᠠ᠃ ᠣᠳᠣᠬᠠᠨ ᠳᠤ᠂ ᠪᠠᠶᠠᠨᠨᠠᠭᠤᠷ ᠬᠤᠳᠠ 1100 ᠰᠠᠭᠤᠷᠢ ᠪᠤᠭᠤᠳᠠᠢ ᠬᠤᠷᠢᠶᠠᠬᠤ ᠬᠠᠮ ᠮᠠᠰᠢᠨ ᠢ ᠪᠡᠯᠡᠳᠬᠡᠵᠦ᠂ ᠾᠧᠨᠠᠨ᠂ ᠠᠨᠾᠦ᠋ᠢ᠂ ᠵᠢᠶᠠᠩᠰᠦ᠂ ᠾᠧᠪᠸᠢ ᠵᠡᠷᠭᠡ ᠭᠠᠵᠠᠷ ᠣᠷᠣᠨ ᠠᠴᠠ ᠪᠠᠰᠠ 500 ᠰᠠᠭᠤᠷᠢ ᠪᠤᠭᠤᠳᠠᠶ ᠬᠤᠷᠢᠶᠠᠬᠤ ᠮᠠᠰᠢᠨ ᠵᠠᠯᠭᠠᠯᠳᠤᠭ᠎ᠠ ᠪᠠᠷ ᠬᠦᠷᠦᠯᠴᠡᠨ ᠢᠷᠡᠵᠦ᠂ ᠮᠠᠰᠢᠨ ᠢᠶᠠᠷ ᠬᠤᠷᠢᠶᠠᠬᠤ ᠨᠤᠷᠮ᠎ᠠ ᠶᠢ 100%᠎ ᠪᠠᠷ ᠪᠡᠶᠡᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号