︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠶᠢᠨ ᠲᠠᠶᠢᠯᠦᠮᠵᠢ
ᠨᠡᠶᠢᠲᠡᠯᠡᠭᠰᠡᠨ ᠴᠠᠭ᠄
2016/7/18
     ᠣᠷᠴᠢᠮᠬᠠᠨ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠬᠠᠮᠲᠤᠷᠠᠨ ᠮᠡᠳᠡᠭᠳᠡᠯ ᠪᠠᠭᠤᠯᠭᠠᠵᠤ᠂ ᠤᠯᠤᠰ ᠤᠨ ᠲᠡᠰ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠠᠩᠬᠠᠳᠤᠭᠠᠷ ᠪᠦᠯᠦᠭ ᠲᠤᠷᠰᠢᠯᠲᠠ ᠬᠢᠬᠦ 50 ᠬᠤᠲᠠ ᠶᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠤᠷᠳᠤᠰ ᠬᠤᠳᠠ ᠰᠤᠩᠭᠤᠭᠳᠠᠪᠠ᠃ ᠶᠠᠭᠤ ᠶᠢ ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠭᠡᠬᠦ ᠪᠤᠢ︖ ᠲᠡᠷᠡ ᠨᠢ ᠣᠳᠣᠬᠢ ᠨᠡᠶᠢᠭᠡᠮ ᠳᠤ ᠪᠠᠰᠠ ᠶᠠᠮᠠᠷ ᠠᠴᠢ ᠬᠤᠯᠪᠣᠭᠳᠠᠯ ᠲᠠᠢ ᠪᠤᠢ︖      ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠶᠢᠨ ᠲᠠᠶᠢᠯᠦᠮᠵᠢ       ᠡᠮᠴᠢᠯᠡᠬᠦ ᠠᠰᠠᠷᠠᠬᠤ ᠶᠢ ᠤᠶᠠᠯᠳᠤᠭᠤᠯᠬᠤ ᠭᠡᠳᠡᠭ ᠪᠣᠯ ᠡᠮ ᠡᠮᠨᠡᠯᠭᠡ ᠶᠢᠨ ᠡᠬᠢ ᠪᠠᠶᠠᠯᠢᠭ ᠪᠣᠯᠣᠨ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠲᠠᠢ ᠬᠠᠷᠢᠯᠴᠠᠨ ᠤᠶᠠᠯᠳᠤᠭᠤᠯᠵᠤ᠂ ᠡᠮ ᠡᠮᠨᠡᠯᠭᠡ᠂ ᠡᠷᠡᠭᠦᠯᠵᠢᠯ᠂ ᠪᠡᠶ᠎ᠡ ᠰᠤᠪᠢᠯᠠᠭ᠎ᠠ᠂ ᠨᠠᠰᠤᠵᠢᠯ ᠤᠨ ᠠᠰᠠᠷᠠᠮᠵᠢ ᠶᠢ ᠨᠢᠭᠡ ᠴᠣᠭᠴᠠᠵᠢᠭᠤᠯᠤᠨ᠂ ᠨᠡᠶᠢᠭᠡᠮ ᠤᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠬᠤ ᠶᠠᠪᠤᠳᠠᠯ ᠪᠣᠯᠣᠨ᠎ᠠ᠃ ᠡᠮᠴᠢᠯᠡᠬᠦ ᠳᠤ ᠡᠮ ᠡᠮᠨᠡᠯᠭᠡ ᠪᠠᠷ ᠣᠨᠣᠰᠢᠯᠠᠨ ᠵᠠᠰᠠᠬᠤ᠂ ᠡᠷᠡᠭᠦᠯ ᠮᠡᠨᠳᠦ ᠶᠢᠨ ᠯᠠᠪᠯᠠᠯᠭ᠎ᠠ ᠥᠭᠬᠦ᠂ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ᠂ ᠨᠠᠰᠤᠨ ᠡᠴᠦᠰ ᠤᠨ ᠬᠠᠯᠠᠮᠵᠢᠯᠠᠯ ᠬᠢᠬᠦ ᠵᠡᠷᠭᠡ ᠦᠢᠯᠡᠴᠢᠯᠡᠭᠡ ᠪᠠᠭᠲᠠᠨ᠎ᠠ︔ ᠠᠰᠠᠷᠠᠬᠤ ᠳᠤ ᠠᠮᠢᠳᠤᠷᠠᠯ ᠤᠨ ᠠᠰᠠᠷᠠᠯ ᠬᠠᠷᠠᠭᠠᠯᠵᠠᠯ᠂ ᠣᠶᠣᠨ ᠮᠡᠳᠡᠷᠡᠯ ᠰᠡᠳᠬᠢᠴᠡ᠂ ᠰᠣᠶᠣᠯ ᠤᠨ ᠠᠵᠢᠯᠯᠠᠭ᠎ᠠ ᠵᠡᠷᠭᠡ ᠦᠢᠯᠡᠴᠢᠯᠡᠭᠡ ᠪᠠᠭᠲᠠᠨ᠎ᠠ᠃ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠣᠨᠴᠠᠯᠢᠭ ᠢ᠄ ︽ᠡᠪᠡᠳᠴᠢᠨ ᠲᠠᠢ ᠪᠣᠯ ᠡᠮᠨᠡᠭᠦᠯᠬᠦ᠂ ᠡᠪᠡᠳᠴᠢᠨ ᠦᠭᠡᠢ ᠪᠣᠯ ᠰᠣᠪᠢᠯᠠᠬᠤ︾ ᠭᠡᠵᠦ ᠬᠤᠷᠢᠶᠠᠩᠭᠤᠶᠢᠯᠠᠵᠤ ᠪᠣᠯᠤᠨ᠎ᠠ᠂ ᠳᠠᠷᠤᠶ ᠡᠮᠨᠡᠯᠭᠡ ᠶᠢᠨ ᠬᠤᠷᠢᠶ᠎ᠠ ᠪᠣᠯᠣᠨ ᠨᠠᠰᠤᠲᠠᠨ ᠢ ᠠᠰᠠᠷᠠᠬᠤ ᠬᠦᠷᠢᠶᠡᠯᠡᠩ ᠬᠤᠶᠠᠷ  ᠢ ᠨᠡᠶᠢᠯᠡᠭᠦᠯᠵᠦ᠂ ᠨᠠᠰᠤᠲᠠᠶᠢᠴᠤᠳ ᠪᠡᠶ᠎ᠡ ᠪᠠᠨ ᠰᠤᠪᠢᠯᠠᠬᠤ ᠶᠢᠨ ᠬᠠᠮᠲᠤ ᠡᠮ ᠡᠮᠨᠡᠯᠭᠡ ᠶᠢᠨ ᠪᠦᠷᠢᠨ ᠭᠦᠢᠴᠡᠳ ᠪᠠᠲᠤᠯᠠᠭ᠎ᠠ ᠬᠦᠷᠲᠡᠬᠦ ᠪᠣᠯᠭᠠᠨ᠎ᠠ᠃      ᠣᠶᠢᠯᠠᠭᠠᠭᠰᠠᠨ ᠢᠶᠠᠷ᠂ 2015 ᠣᠨ ᠤ ᠡᠴᠦᠰ ᠪᠣᠯᠬᠤ ᠳᠤ᠂ ᠮᠠᠨ ᠤ ᠤᠯᠤᠰ  ᠤᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠦᠬᠦ ᠬᠥᠮᠦᠨ ᠠᠮᠠ ᠶᠢᠨ 10.5% ᠶᠢ ᠡᠵᠡᠯᠡᠵᠦ᠂ ᠨᠢᠭᠡᠨᠲᠡ ᠤᠯᠠᠨ ᠤᠯᠤᠰ ᠤᠨ ᠨᠠᠰᠤᠵᠢᠯ ᠤᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠨ᠎ᠠ᠃ ᠵᠢᠱᠢᠯᠲᠡ ᠪᠠᠷ 2020 ᠣᠨ ᠪᠣᠯᠬᠤ ᠳᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.48 ᠳ᠋ᠦᠩᠰᠢᠭᠤᠷ ᠲᠤ ᠬᠦᠷᠴᠦ᠂ ᠪᠦᠬᠦ ᠬᠥᠮᠦᠨ ᠠᠮᠠ ᠶᠢᠨ 17.2% ᠶᠢ ᠡᠵᠡᠯᠡᠬᠦ ᠪᠣᠯᠣᠨ᠎ᠠ᠃ ᠡᠭᠦᠨ ᠤ ᠬᠠᠮᠲᠤ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠ ᠨᠠᠰᠤᠲᠠᠶᠢᠴᠤᠳ ᠦᠷᠭᠦᠯᠵᠢᠯᠡᠨ ᠨᠡᠮᠡᠭᠳᠡᠬᠦ ᠪᠦᠭᠡᠳ ᠣᠳᠣᠬᠠᠨ ᠳᠤ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ︵ᠬᠠᠭᠠᠰ ᠠᠯᠳᠠᠭᠰᠠᠨ︶ ᠨᠠᠰᠤᠲᠠᠶᠢᠴᠤᠳ ᠨᠢᠭᠡᠨᠲᠡ 4023 ᠲᠦᠮᠡ ᠳᠤ ᠬᠦᠷᠪᠡ᠃ ᠲᠡᠷᠡᠴᠢᠯᠡᠨ᠂ ᠮᠠᠨ ᠤ ᠤᠯᠤᠰ ᠤᠨ ᠲᠦᠷᠦᠯᠲᠡ ᠶᠢᠨ ᠨᠤᠷᠮ᠎ᠠ ᠦᠷᠭᠦᠯᠵᠢᠯᠡᠨ ᠪᠠᠭᠤᠷᠠᠵᠤ ᠪᠠᠶᠢᠬᠤ ᠵᠢᠴᠢ ᠠᠷᠠᠳ ᠤᠯᠠᠨ ᠤ ᠨᠠᠰᠤᠨ ᠬᠤᠲᠤᠭ ᠦᠷᠭᠦᠯᠵᠢᠯᠡᠨ ᠳᠡᠭᠡᠭᠰᠢᠯᠡᠭᠰᠡᠨ ᠠᠴᠠ ᠮᠠᠨ ᠤ ᠤᠯᠤᠰ ᠤᠨ ᠨᠠᠰᠤᠵᠢᠯᠲᠠ ᠶᠢᠨ ᠠᠬᠢᠴᠠ ᠤᠯᠠᠮ ᠨᠢᠭᠡ ᠠᠯᠬᠤᠮ ᠲᠦᠷᠭᠡᠳᠬᠡᠵᠦ᠂ ᠨᠠᠰᠤᠵᠢᠯᠲᠠ ᠶᠢᠨ ᠠᠬᠢᠴᠠ ᠲᠥᠷᠭᠡᠨ ᠪᠣᠯᠣᠭᠰᠠ ᠠᠴᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠴᠦ ᠯᠤᠲᠤ ᠶᠡᠭᠡ ᠬᠡᠷᠡᠭᠴᠡᠭᠡ ᠲᠠᠢ ᠪᠣᠯᠣᠭᠰᠠᠨ ᠪᠠᠶᠢᠨ᠎ᠠ᠃        ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ  ᠨᠢ ᠬᠦᠭᠵᠢᠯᠲᠡ ᠶᠢᠨ ᠭᠤᠣᠯᠳᠠᠯᠭ᠎ᠠ ᠪᠣᠯᠪᠠ      ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ 7 ᠰᠠᠷ᠎ᠠ ᠶᠢᠨ 6 ᠤ ᠡᠳᠦᠷ ︽ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠤᠶᠠᠯᠳᠤᠯ ᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢ ᠵᠢᠷᠤᠮ ᠲᠠᠢ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ ᠭᠡᠵᠦ ᠳᠤᠷᠠᠳᠪᠠ᠃      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠦᠷᠢᠶᠡᠨ ᠳᠤ᠂  ︽ᠲᠥᠯᠥᠪᠵᠢᠭᠦᠯᠭᠡ︾ ᠳᠤ  ᠭᠡᠷ ᠲᠡᠭᠡᠨ ᠰᠠᠭᠤᠵᠤ ᠠᠰᠠᠷᠠᠭᠤᠯᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠢᠨ᠎ᠡ ᠪᠠᠷ ᠪᠠᠶᠢᠭᠤᠯᠬᠤ ᠬᠤᠲᠠ ᠲᠣᠭᠤᠷᠢᠭ ᠪᠣᠯᠣᠨ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ︵ᠪᠠᠭ᠎ᠠ︶ ᠲᠣᠭᠤᠷᠢᠭ ᠲᠤ ᠱᠠᠭᠠᠷᠳᠠᠯᠭ᠎ᠠ ᠶᠣᠰᠣᠭᠠᠷ ᠨᠡᠶᠢᠭᠡᠮ ᠲᠣᠭᠤᠷᠢᠭ ᠤᠨ ᠡᠳᠦᠷ ᠲᠣᠲᠣᠮ ᠤᠨ ᠬᠠᠷᠠᠭᠠᠯᠵᠠᠯ ᠤᠨ ᠪᠠᠶᠢᠭᠤᠯᠤᠮᠵᠢ ᠶᠢ ᠢᠵᠢ ᠪᠦᠷᠢᠳᠦᠭᠦᠯᠦᠨ ᠪᠠᠶᠢᠭᠤᠯᠬᠤ ᠶᠢᠨ ᠬᠠᠮᠲᠤ ᠣᠷᠣᠨ ᠰᠠᠭᠤᠴᠠ ᠯᠤᠭ᠎ᠠ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠥᠳᠥᠭᠡᠨ ᠪᠠᠶᠢᠭᠤᠯᠤᠨ᠂ ᠵᠡᠷᠭᠡ  ᠳᠤᠨᠢ ᠰᠢᠯᠭᠠᠨ ᠠᠪᠴᠤ᠂ ᠵᠡᠷᠭᠡ   ᠳᠤᠨᠢ ᠲᠤᠰᠢᠶᠠᠨ ᠥᠭᠴᠦ ᠬᠡᠷᠡᠭᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠬᠠᠪᠰᠤᠷᠤᠯ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠬᠦ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠬᠦᠴᠦᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠬᠢᠯᠡᠬᠦ ᠶᠢ ᠨᠢ ᠢᠳᠡᠪᠬᠢᠲᠡᠢ ᠳᠡᠮᠵᠢᠬᠦ ᠬᠡᠷᠡᠭᠲᠡᠢ᠃ ᠲᠤᠰᠠᠯᠠᠮᠵᠢ ᠶᠢᠨ ᠪᠡᠯᠡ ᠣᠷᠣᠭᠤᠯᠬᠤ᠂ ᠳᠠᠮ ᠬᠦᠦ ᠲᠠᠢ ᠵᠢᠭᠡᠯᠡᠯᠭᠡ ᠥᠭᠬᠦ᠂ ᠡᠵᠡᠩᠨᠡᠯᠲᠡ ᠶᠢᠨ ᠨᠥᠬᠦᠪᠥᠷᠢ ᠥᠭᠬᠦ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠤᠨ ᠬᠦᠴᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠡᠷᠬᠢᠯᠡᠬᠦ ᠶᠢ ᠨᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃       ᠡᠮᠴᠢᠯᠡᠬᠦ ᠠᠰᠠᠷᠠᠬᠤ ᠶᠢ ᠤᠶᠠᠯᠳᠤᠭᠤᠯᠬᠤ ᠶᠢ ᠬᠦᠭᠵᠢᠭᠦᠯᠬᠦ ᠲᠠᠯ᠎ᠠ ᠪᠠᠷ᠂ ︽ᠲᠥᠯᠥᠪᠵᠢᠭᠦᠯᠭᠡ︾ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠳᠡᠮᠵᠢᠬᠦ ᠬᠡᠷᠡᠭᠲᠡᠢ᠃ ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠭᠤᠣᠯᠳᠠᠯᠭ᠎ᠠ ᠲᠠᠢ ᠬᠥᠭᠵᠢᠭᠦᠯᠵᠦ᠂  ᠠᠰᠠᠷᠠᠯ ᠤᠨ ᠬᠡᠯᠪᠡᠷᠢ ᠲᠠᠢ᠂ ᠡᠮᠴᠢᠯᠡᠨ ᠰᠣᠪᠢᠯᠠᠬᠤ ᠬᠡᠯᠪᠡᠷᠢ ᠲᠠᠢ ᠨᠠᠰᠤᠵᠢᠯ ᠤᠨ ᠠᠰᠠᠷᠠᠮᠵᠢ ᠶᠢᠨ ᠣᠷᠣ ᠶᠢ ᠨᠡᠮᠡᠭᠳᠡᠭᠦᠯᠵᠦ᠂ ᠨᠠᠰᠤᠵᠢᠯ ᠤ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠳᠡᠭᠡᠭᠰᠢᠯᠡᠭᠦᠯᠬᠦ ᠬᠡᠷᠡᠭᠲᠡᠢ᠃ 2020 ᠣᠨ ᠪᠣᠯᠬᠤ ᠳᠤ ᠮᠢᠩᠭᠠᠨ ᠨᠠᠰᠤᠲᠠᠶᠢᠴᠤᠳ ᠪᠦᠷᠢ ᠨᠠᠰᠤᠵᠢᠯ ᠤᠨ ᠠᠰᠠᠷᠠᠮᠵᠢ ᠶᠢᠨ 35-40 ᠣᠷᠣ ᠲᠠᠢ ᠪᠣᠯᠭᠠᠵᠤ᠂ ᠡᠭᠦᠨ ᠳᠤ ᠰᠤᠪᠢᠯᠠᠭ᠎ᠠ ᠶᠢᠨ ᠬᠡᠯᠪᠡᠷᠢᠲᠦ ᠣᠷᠣ ᠶᠢᠨ ᠬᠠᠷᠢᠴᠠᠯ ᠢ 30% ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠭᠡᠵᠦ ᠳᠤᠷᠠᠳᠪᠠ᠃      ᠥᠪᠥᠷ ᠮᠣᠩᠭᠤᠯ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠠᠵᠢᠯ ᠢ ᠬᠡᠷᠬᠢᠨ ᠠᠬᠢᠭᠤᠯᠬᠤ ᠪᠠᠷ ᠪᠠᠶᠢᠭ᠎ᠠ ᠪᠤᠢ︖      2015 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2015﹈ 14 ᠳ᠋ᠦ᠋ᠭᠡᠷ ᠲᠣᠭᠠᠲᠤ︶ ᠢ ᠲᠣᠭᠲᠠᠭᠠᠪᠠ᠃ ᠡᠭᠦᠨ ᠳᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠮᠠᠰᠢ ᠣᠯᠠᠨ ᠠᠭᠤᠯᠭ᠎ᠠ ᠬᠤᠯᠪᠣᠭᠳᠠᠵᠤ ᠪᠠᠶᠢᠭ᠎ᠠ ᠶᠤᠮ᠃      ︽ᠬᠡᠷᠡᠭᠵᠢᠭᠦᠯᠬᠦ ᠰᠠᠨᠠᠯ︾ ᠨᠢ ᠭᠤᠣᠯᠳᠠᠯᠭ᠎ᠠ ᠶᠢ ᠬᠦᠭᠵᠢᠭᠦᠯᠬᠦ ᠲᠠᠯ᠎ᠠ ᠪᠠᠷ ᠳᠣᠣᠷᠠᠬᠢ ᠮᠡᠲᠦ ᠳᠤᠷᠠᠳᠴᠠᠢ᠄      ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠤ᠂  ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮ ᠡᠮᠨᠡᠯᠭᠡ ᠡᠷᠡᠭᠦᠯ ᠬᠠᠮᠠᠭᠠᠯᠠᠯ  ᠤᠨ ᠦᠢᠯᠡᠴᠢᠯᠡᠭᠡᠨ  ᠳᠤ ᠦᠵᠡᠭᠦᠯᠬᠦ ᠲᠦᠰᠢᠭ ᠲᠤᠯᠭᠠᠭᠤᠷᠢ ᠶᠢᠨ ᠦᠢᠯᠡᠳᠦᠯ ᠢ ᠴᠢᠩᠭᠠᠳᠬᠠᠵᠤ᠂ ᠨᠥᠬᠦᠴᠡᠯ ᠲᠠᠢ ᠨᠠᠰᠤᠵᠢᠯ  ᠤᠨ ᠠᠰᠠᠷᠠᠮᠵᠢ ᠶᠢᠨ ᠪᠠᠶᠢᠭᠤᠯᠤᠮᠵᠢ ᠨᠢ ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠨᠢ ᠳᠡᠮᠵᠢᠵᠦ᠂ ᠨᠥᠬᠦᠴᠡᠯ ᠲᠠᠢ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠥᠲᠡᠭᠦᠰ ᠤᠨ ᠡᠪᠡᠳᠴᠢᠨ ᠤ ᠰᠠᠯᠠᠭ᠎ᠠ ᠪᠠᠶᠢᠭᠤᠯᠵᠤ᠂ ᠨᠠᠰᠤᠲᠠᠶᠢᠴᠤᠳ ᠤᠨ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠵᠠᠰᠠᠬᠤ ᠪᠠ ᠡᠷᠡᠭᠦᠯᠵᠢᠭᠦᠯᠬᠦ ᠦᠢᠯᠡᠴᠢᠯᠡᠭᠡ ᠥᠷᠨᠢᠭᠦᠯᠬᠦ ᠶᠢ ᠨᠢ ᠳᠡᠮᠵᠢᠬᠦ ᠪᠠ ᠢᠯᠠᠩᠭᠤᠶ᠎ᠠ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠯᠤᠭ᠎ᠠ ᠬᠠᠮᠲᠤᠷᠠᠯᠴᠠᠭᠤᠯᠬᠤ ᠶᠢ ᠳᠡᠮᠵᠢᠵᠦ᠂ ᠡᠬᠢ ᠪᠠᠶᠠᠯᠢᠭ ᠢ ᠬᠠᠮᠲᠤᠪᠠᠷ  ᠬᠦᠷᠲᠡᠵᠦ᠂  ᠡᠮᠴᠢᠯᠡᠬᠦ ᠠᠰᠠᠷᠠᠬᠤ ᠶᠢ ᠤᠶᠠᠯᠳᠤᠭᠤᠯᠬᠤ ᠬᠡᠷᠡᠭᠲᠡᠢ᠃      ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮ ᠡᠮᠨᠡᠯᠭᠡ ᠶᠢᠨ ᠪᠠᠶᠢᠭᠤᠯᠤᠮᠵᠢ ᠶᠢᠨ ᠤᠷᠢᠳᠴᠢᠯᠠᠨ ᠪᠣᠯᠵᠣᠵᠤ ᠡᠮᠴᠢᠯᠡᠭᠦᠯᠬᠦ ᠰᠢᠭᠤᠳ ᠨᠡᠪᠲᠡᠷᠡᠬᠦ ᠵᠠᠮ ᠨᠡᠭᠡᠭᠡᠬᠦ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠪᠣᠯᠤᠨ ᠨᠠᠰᠤᠲᠠᠶᠢᠴᠤᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ᠂ ᠡᠷᠡᠭᠦᠯᠵᠢᠯ ᠤᠨ ᠰᠤᠪᠢᠯᠠᠯᠲᠠ ᠶᠢᠨ ᠪᠠᠶᠢᠭᠤᠯᠤᠮᠵᠢ ᠵᠡᠷᠭᠡ  ᠨᠢ ᠬᠡᠪᠴᠢᠶ᠎ᠡ ᠪᠠᠷ ᠲᠣᠬᠢᠷᠠᠮᠵᠢᠲᠠᠶ᠂ ᠴᠢᠳᠠᠪᠬᠢ ᠪᠠᠨ ᠬᠠᠷᠢᠯᠴᠠᠨ  ᠨᠥᠬᠦᠪᠦᠷᠢᠯᠡᠬᠦ ᠪᠦᠭᠡᠳ ᠠᠮᠤᠷ ᠲᠦᠪᠰᠢᠨ ᠳᠥᠭᠦᠮ ᠳᠥᠲᠡ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃      ᠨᠡᠶᠢᠭᠡᠮ ᠲᠣᠭᠤᠷᠢᠭ ᠤᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠭᠵᠢᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠰᠤᠲᠠᠶ ᠬᠥᠮᠦᠨ ᠤ ᠭᠡᠷ ᠪᠦᠯᠢ ᠯᠦᠭᠡ ᠡᠮᠨᠡᠯᠭᠡ ᠶᠢᠨ ᠪᠣᠯᠵᠤᠭ᠎ᠠ ᠲᠣᠭᠲᠠᠬᠤ ᠦᠢᠯᠡᠴᠢᠯᠡᠭᠡᠨ ᠤ ᠬᠠᠷᠢᠴᠠᠭ᠎ᠠ ᠶᠢ ᠪᠠᠶᠢᠭᠤᠯᠵᠤ᠂ ᠨᠡᠶᠢᠭᠡᠮ ᠲᠣᠭᠤᠷᠢᠭ ᠠᠴᠠ ᠨᠠᠰᠤᠲᠠᠶᠢᠴᠤᠳ ᠲᠤ ᠦᠵᠡᠭᠦᠯᠬᠦ ᠡᠳᠦᠷ ᠲᠤᠳᠤᠮ ᠤᠨ ᠰᠤᠪᠢᠯᠠᠭ᠎ᠠ᠂ ᠤᠵᠢᠭ ᠡᠪᠡᠳᠴᠢᠨ ᠤ ᠬᠠᠮᠢᠶᠠᠷᠤᠯᠲᠠ᠂ ᠡᠷᠡᠭᠦᠯᠵᠢᠯ᠂ ᠡᠷᠡᠭᠦᠯ ᠮᠡᠨᠳᠦ ᠶᠢᠨ ᠬᠥᠮᠦᠵᠢᠯ ᠪᠣᠯᠣᠨ ᠵᠥᠪᠯᠡᠯᠭᠡ ᠥᠭᠬᠦ᠂ ᠮᠣᠩᠭᠤᠯ ᠬᠢᠲᠠᠳ ᠡᠮ ᠡᠮᠨᠡᠯᠭᠡ ᠶᠢᠨ ᠡᠷᠡᠭᠦᠯ ᠮᠡᠨᠳᠤ ᠶᠢ ᠬᠠᠮᠠᠭᠠᠯᠠᠬᠤ ᠵᠡᠷᠭᠡ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ ᠨᠢ ᠰᠣᠪᠢᠯᠠᠭ᠎ᠠ ᠶᠢᠨ ᠦᠢᠯᠡᠴᠢᠯᠡᠭᠡ ᠪᠠᠨ ᠰᠠᠭᠤᠭᠠᠯᠢ ᠠᠷᠠᠳ ᠤᠨ ᠭᠡᠷ ᠲᠤ ᠬᠦᠷᠲᠡᠯ᠎ᠡ ᠥᠷᠭᠡᠳᠴᠦ ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠪᠠᠨ ᠨᠠᠰᠤᠲᠠᠶᠢᠴᠤᠳ ᠲᠤ ᠭᠡᠷ ᠲᠤᠨᠢ ᠬᠦᠷᠴᠦ ᠲᠣᠭᠤᠷᠢᠨ ᠡᠮᠨᠡᠬᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠵᠢᠴᠢ ᠡᠷᠡᠭᠦᠯᠵᠢᠯ ᠤᠨ ᠯᠠᠪᠯᠠᠯᠭ᠎ᠠ ᠥᠭᠬᠦ ᠵᠡᠷᠭᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠬᠤ ᠬᠡᠷᠡᠭᠲᠡᠶ᠃      ᠥᠪᠥᠷ ᠮᠣᠩᠭᠤᠯ ᠤᠨ ᠠᠩᠬᠠᠳᠠᠭᠴᠢ ᠨᠠᠰᠤᠲᠠᠶᠢᠴᠤᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ ᠪᠠᠶᠢᠨ᠎ᠠ      ᠥᠪᠥᠷ ᠮᠣᠩᠭᠤᠯ ᠤᠨ ᠠᠩᠬᠠᠳᠠᠭᠴᠢ ᠨᠠᠰᠤᠲᠠᠶᠢᠴᠤᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ —— ᠥᠪᠥᠷ ᠮᠣᠩᠭᠤᠯ ᠤᠨ ᠵᠡᠭᠦᠨ ᠬᠤᠲᠠ ᠶᠢᠨ ᠡᠮᠨᠡᠯᠭᠡ ᠶᠢᠨ ᠬᠤᠷᠢᠶᠠᠨ ᠤ ᠲᠥᠷᠥᠯ ᠵᠦᠢᠯ   ᠨᠢ ᠬᠦᠬᠡᠬᠤᠲᠠ ᠶᠢᠨ ᠴᠢᠩᠭᠢᠰ ᠬᠠᠭᠠᠨ ᠵᠡᠭᠦᠨ ᠵᠡᠭᠡᠯᠢ ᠶᠢᠨ ᠬᠤᠶᠢᠲᠤ ᠲᠠᠯ᠎ᠠ ᠳᠤ ᠪᠠᠶᠢᠷᠢᠯᠠᠵᠤ᠂ 118 ᠮᠥ ᠭᠠᠵᠠᠷ ᠡᠵᠡᠯᠡᠨ᠂ ᠪᠠᠷᠢᠯᠭ᠎ᠠ ᠶᠢᠨ ᠲᠠᠯᠠᠪᠠᠢ ᠨᠢ 9.8 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠡᠭᠦᠳᠡᠨ ᠡᠮᠨᠡᠯᠭᠡ ᠶᠢᠨ ᠠᠰᠠᠷ᠂ ᠡᠮᠨᠡᠯᠭᠡ ᠳᠤ ᠰᠠᠭᠤᠬᠤ ᠠᠰᠠᠷ᠂ ᠡᠮᠨᠡᠯᠭᠡ ᠶᠢᠨ ᠮᠡᠷᠭᠡᠵᠢᠯ ᠤᠨ ᠠᠰᠠᠷ ᠵᠡᠷᠭᠡ  ᠪᠡᠯᠡᠳᠬᠡᠮᠵᠢ ᠶᠢ ᠪᠠᠶᠢᠭᠤᠯᠵᠤ᠂ ᠡᠮᠴᠢᠯᠡᠭᠡ ᠡᠷᠡᠭᠦᠯᠵᠢᠯ᠂ ᠨᠠᠰᠤᠲᠠᠶᠢᠴᠤᠳ ᠢ ᠠᠰᠠᠷᠠᠨ ᠰᠤᠪᠢᠯᠠᠬᠤ᠂ ᠡᠷᠳᠡᠮ  ᠰᠢᠨᠵᠢᠯᠡᠭᠡ ᠵᠢᠭᠠᠨ ᠰᠤᠷᠭᠠᠯᠲᠠ᠂ ᠪᠡᠶ᠎ᠡ ᠶᠢᠨ ᠲᠠᠮᠢᠷ ᠤᠨ ᠴᠢᠬᠢᠷᠠᠭᠵᠢᠭᠤᠯᠤᠯ ᠢ ᠨᠢᠭᠡ ᠴᠣᠭᠴᠠᠵᠢᠭᠤᠯᠤᠭᠰᠠᠨ ᠥᠪᠥᠷ ᠮᠣᠩᠭᠤᠯ ᠤᠨ ᠠᠩᠬᠠᠳᠠᠭᠴᠢ ᠠᠷᠠᠳ ᠠᠴᠠ ᠡᠵᠡᠩᠨᠡᠭᠰᠡᠨ ᠠᠰᠢᠭ ᠬᠤᠨᠵᠢᠪᠣᠷᠢ ᠶᠢᠨ ᠪᠤᠰᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠣᠯᠣᠨ᠎ᠠ᠃       ᠲᠥᠷᠥᠯ ᠵᠦᠢᠯ ᠨᠢ ᠦᠨᠳᠦᠰᠦᠲᠡᠨ ᠤ ᠣᠷᠣᠨ ᠪᠦᠰᠡ ᠶᠢᠨ ᠣᠨᠴᠠᠯᠢᠭ ᠢ ᠵᠣᠬᠢᠴᠠᠭᠤᠯᠵᠤ᠂  ᠮᠣᠩᠭᠤᠯ᠂ ᠬᠢᠲᠠᠳ᠂ ᠧᠦ᠋ᠷᠣᠫᠠ ᠡᠮᠨᠡᠯᠭᠡ ᠶᠢᠨ ᠡᠮᠴᠢᠯᠡᠭᠡᠨ ᠤ ᠣᠨᠴᠠᠯᠢᠭ ᠢ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠡᠪᠡᠳᠴᠢᠨ ᠢ ᠰᠡᠷᠭᠡᠶᠢᠯᠡᠬᠦ᠂ ᠡᠪᠡᠳᠴᠢᠨ ᠢ ᠵᠠᠰᠠᠬᠤ᠂ ᠤᠵᠢᠭ ᠡᠪᠡᠳᠴᠢᠨ ᠢ ᠡᠷᠡᠭᠦᠯᠵᠢᠭᠦᠯᠦᠨ ᠡᠮᠴᠢᠯᠡᠬᠦ ᠪᠠᠷ ᠭᠤᠣᠯ ᠰᠢᠵᠢᠮ ᠪᠣᠯᠭᠠᠵᠤ᠂ ᠨᠠᠰᠤᠲᠠᠶᠢᠴᠤᠳ ᠤᠨ ᠵᠢᠷᠦᠬᠡ ᠲᠠᠷᠢᠬᠢᠨ ᠤ ᠴᠢᠰᠤᠨ ᠰᠤᠳᠠᠯ᠂ ᠰᠢᠬᠢᠷ ᠰᠢᠵᠢᠩ ᠡᠪᠡᠳᠴᠢᠨ ᠵᠡᠷᠭᠡ ᠨᠠᠰᠤᠲᠠᠶᠢᠴᠤᠳ ᠲᠤ ᠣᠨᠴᠠ ᠪᠠᠶᠢᠳᠠᠭ ᠡᠪᠡᠳᠴᠢᠨ ᠤ ᠰᠢᠨᠵᠢᠯᠡᠭᠡ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠪᠠ᠃ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠤᠨ ᠡᠮ ᠡᠮᠨᠡᠯᠭᠡ ᠶᠢᠨ ᠠᠵᠢᠯ ᠲᠦᠷᠦᠯ ᠤᠨ ᠥᠲᠡᠭᠦᠰ  ᠤᠨ ᠡᠪᠡᠳᠴᠢᠨ ᠤ ᠲᠤᠰᠬᠠᠶ ᠮᠡᠷᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠦᠭᠡᠢ ᠪᠠᠶᠢᠭᠰᠠᠨ ᠢ ᠨᠥᠬᠦᠪᠦᠷᠢᠯᠡᠬᠦ ᠪᠣᠯᠣᠨ᠎ᠠ᠃      ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ      ︽ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ︾ ︽ᠴᠢᠩᠳᠣᠤ ᠶᠢᠨ ᠲᠤᠷᠰᠢᠯᠭ᠎ᠠ︾᠃ ᠱᠠᠨᠳᠦ᠋ᠩ ᠮᠤᠵᠢ ᠶᠢᠨ ᠴᠢᠩᠳᠣᠤ ᠬᠤᠳᠠ ᠪᠣᠯ ᠤᠯᠤᠰ ᠤᠨ ᠳᠣᠲᠣᠭᠠᠳᠤ ᠶᠢᠨ ᠬᠠᠮᠤᠭ ᠤᠨ ᠲᠦᠷᠦᠭᠦᠨ ᠤ ︽ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ︾ ᠲᠤᠷᠰᠢᠯᠲᠠ ᠶᠢᠨ ᠴᠢᠭ᠋᠂ ᠤᠶᠠᠯᠳᠤᠭᠤᠯᠤᠭᠰᠠᠨ ᠬᠡᠮᠵᠢᠶ᠎ᠡ ᠨᠢ ᠬᠠᠮᠤᠭ ᠤᠨ ᠶᠡᠭᠡ ᠬᠤᠳᠠ ᠶᠤᠮ᠂ ᠴᠢᠩᠳᠣᠤ ᠬᠤᠳᠠ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ ᠲᠤᠰ ᠬᠤᠲᠠ ᠶᠢᠨ ᠡᠷᠦᠬᠡ ᠠᠮᠠ ᠲᠠᠢ 60 ᠨᠠᠰᠤᠨ ᠠᠴᠠ ᠳᠡᠭᠡᠭᠰᠢᠬᠢ ︽ᠭᠤᠷᠪᠠ ᠦᠬᠡᠢ︾᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠠᠰᠤᠲᠠᠶᠢᠴᠤᠳ ᠲᠤ ᠭᠡᠷ ᠲᠡᠭᠡᠨ ᠰᠠᠭᠤᠵᠤ ᠠᠰᠠᠷᠠᠭᠤᠯᠬᠤ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠬᠤᠶᠠᠷ᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠡᠯᠪᠡᠷᠢ ᠶᠢ ᠨᠢ ᠬᠤᠪᠢᠷᠠᠭᠤᠯᠤᠨ ᠨᠠᠰᠤᠲᠠᠶᠢᠴᠤᠳ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠦᠷᠢᠶᠡᠯᠡᠩ ᠪᠣᠯᠭᠠᠭᠰᠠᠨ ᠪᠤᠶᠤ ᠨᠠᠰᠤᠲᠠᠶᠢᠴᠤᠳ ᠢ ᠲᠤᠰᠬᠠᠶᠢᠯᠠᠨ ᠰᠣᠪᠢᠯᠠᠬᠤ ᠡᠪᠡᠳᠴᠢᠲᠡᠨ ᠤ ᠥᠷᠥᠭᠡ ᠪᠠᠶᠢᠭᠤᠯᠬᠤ ᠶᠢ ᠵᠣᠷᠢᠭᠵᠢᠭᠤᠯᠤᠨ᠂ ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠡᠮᠨᠡᠨ ᠰᠣᠪᠢᠯᠠᠬᠤ ᠦᠢᠯᠡᠴᠢᠯᠡᠭᠡ ᠬᠠᠩᠭᠠᠵᠠᠢ᠃ ᠡᠭᠦᠨ ᠠᠴᠠ ᠭᠠᠳᠠᠨ᠎ᠠ᠂ ᠴᠢᠩᠳᠣᠤ ᠬᠤᠳᠠ ᠠᠩᠬᠠᠳᠠᠭᠴᠢ ᠪᠦᠯᠦᠭ ᠰᠣᠪᠢᠯᠠᠯᠲᠠ ᠶᠢᠨ ᠳᠠᠭᠠᠳᠬᠠᠯ ᠤᠨ ᠲᠦᠷᠢᠮ ᠢ ᠪᠠᠶᠢᠭᠤᠯᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯᠣᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠢ ᠴᠦᠮ ᠵᠠᠷᠤᠳᠠᠯ ᠥᠭᠬᠦ ᠬᠡᠪᠴᠢᠶᠡᠨ ᠳᠤ ᠣᠷᠣᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠪᠦᠷᠢᠨ ᠪᠦᠷᠭᠦᠭᠦᠯᠵᠦ᠂ ᠪᠠᠷᠤᠭ 803 ᠲᠦᠮᠡᠨ  ᠬᠥᠮᠥᠨ ᠳᠠᠭᠠᠳᠬᠠᠯ ᠳᠤ ᠣᠷᠣᠯᠴᠠᠨ᠂ ᠪᠡᠯᠡ ᠮᠥᠩᠭᠦ ᠨᠢ ᠴᠥᠮ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠠᠴᠠ ᠢᠷᠡᠯᠳᠡ ᠲᠠᠢ ᠪᠣᠯᠵᠠᠢ᠃      ᠭᠠᠨᠰᠦ ᠮᠤᠵᠢ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠲᠤᠰᠬᠠᠶ ᠮᠡᠷᠭᠡᠵᠢᠯᠲᠡᠳ ᠤᠨ ᠬᠥᠮᠥᠷᠭᠡ ᠶᠢ  ᠪᠠᠶᠢᠭᠤᠯᠵᠠᠢ᠃ ᠣᠶᠢᠷ᠎ᠠ ᠳᠤ᠂ ᠭᠠᠨᠰᠦ ᠮᠤᠵᠢ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠮᠤᠵᠢ ᠶᠢᠨ ᠠᠷᠠᠳ ᠤᠨ ᠶᠠᠪᠤᠳᠠᠯ ᠤᠨ ᠲᠢᠩᠬᠢᠮ ᠮᠡᠳᠡᠭᠳᠡᠯ ᠭᠠᠷᠭᠠᠨ᠂ ᠭᠠᠨᠰᠦ ᠮᠤᠵᠢ ᠶᠢᠨ ᠮᠣᠵᠢ ᠶᠢᠨ ᠱᠠᠲᠤᠨ ᠤ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠲᠤᠰᠬᠠᠶ ᠮᠡᠷᠭᠡᠵᠢᠯᠲᠡᠳ ᠤᠨ ᠬᠥᠮᠥᠷᠭᠡ  ᠪᠠᠶᠢᠭᠤᠯᠵᠤ ᠪᠦᠬᠦ ᠮᠤᠵᠢ ᠶᠢᠨ ᠬᠡᠪᠴᠢᠶᠡᠨ ᠳᠤ ᠮᠤᠵᠢ ᠶᠢᠨ ᠱᠠᠲᠤᠨ ᠤ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠲᠤᠰᠬᠠᠶ ᠮᠡᠷᠭᠡᠵᠢᠯᠲᠡᠳ ᠤᠨ ᠬᠥᠮᠥᠷᠭᠡ ᠶᠢᠨ ᠪᠦᠷᠢᠯᠳᠦᠬᠦᠨ ᠢ ᠰᠢᠯᠢᠨ ᠰᠤᠩᠭᠤᠵᠤ᠂ ᠲᠤᠰᠬᠠᠶ ᠮᠡᠷᠭᠡᠵᠢᠯᠲᠡᠳ ᠤᠨ ᠬᠥᠮᠥᠷᠭᠡ ᠶᠢᠨ ᠪᠦᠷᠢᠯᠳᠦᠬᠦᠨ  ᠨᠢ ᠲᠣᠬᠢᠷᠠᠭᠤᠯᠤᠯᠲᠠ ᠶᠢ ᠰᠠᠶᠢᠨ ᠳᠤᠷ᠎ᠠ ᠠᠴᠠ ᠪᠠᠨ ᠳᠠᠭᠠᠵᠤ᠂ ᠬᠤᠯᠪᠣᠭᠳᠠᠯ ᠪᠦᠬᠦᠢ ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠪᠠᠭᠰᠢ ᠨᠠᠷ ᠤᠨ ᠪᠣᠯᠪᠠᠰᠤᠷᠠᠭᠤᠯᠤᠯ᠂ ᠰᠡᠳᠦᠪ ᠤᠨ ᠰᠤᠳᠤᠯᠤᠯ᠂ ᠲᠦᠷᠦ ᠶᠢᠨ ᠪᠤᠳᠤᠯᠭ᠎ᠠ ᠲᠣᠭᠲᠠᠭᠠᠬᠤ᠂ ᠲᠦᠷᠦᠯ ᠵᠦᠢᠯ ᠤᠨ ᠨᠤᠲᠠᠯᠠᠯᠲᠠ᠂ ᠲᠥᠯᠥᠪᠵᠢᠭᠦᠯᠭᠡ ᠵᠢᠷᠤᠵᠤ ᠲᠥᠯᠥᠪᠯᠡᠬᠦ᠂ ᠲᠦᠷᠢᠮ ᠲᠣᠭᠲᠠᠭᠠᠯ ᠨᠠᠶᠢᠷᠠᠭᠤᠯᠤᠨ ᠪᠢᠴᠢᠬᠦ᠂ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠤᠨ ᠡᠭᠦᠷᠭᠡ ᠶᠢ ᠡᠭᠦᠷᠭᠡᠯᠡᠵᠦ ᠴᠢᠳᠠᠭᠰᠠᠨ ᠪᠠᠶᠢᠬᠤ ᠬᠡᠷᠡᠭᠲᠡᠢ ᠭᠡᠵᠦ ᠱᠠᠭᠠᠷᠳᠠᠵᠠᠢ᠃      ᠲᠠᠶᠢᠶᠤᠸᠠᠨ ︽ᠢᠨᠲ᠋ᠧᠷ ᠰᠦᠯᠵᠢᠶ᠎ᠡ +︾  ᠭᠡᠷ ᠲᠡᠭᠡᠨ ᠡᠮᠴᠢᠯᠡᠭᠦᠯᠵᠦ ᠠᠰᠠᠷᠠᠭᠤᠯᠬᠤ ᠶᠢ ᠤᠶᠠᠯᠳᠤᠭᠤᠯᠤᠭᠰᠠᠨ ᠵᠠᠭᠪᠤᠷᠰᠢᠯ ᠢ ᠲᠦᠯᠬᠢᠨ ᠠᠬᠢᠭᠤᠯᠵᠠᠢ᠃ ᠲᠠᠶᠢᠶᠤᠸᠠᠨ ᠬᠤᠲᠠ ᠶᠢᠨ ᠶᠢᠰᠦᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠪᠤᠳᠠᠳᠤ ᠴᠣᠭᠴᠠ ᠪᠣᠯᠭᠠᠨ᠂ ︽ᠭᠡᠷ ᠲᠤᠨᠢ ᠬᠦᠷᠴᠦ ᠰᠣᠪᠢᠯᠠᠬᠤ︾ ᠰᠢᠯᠵᠢᠮᠡᠯ ᠡᠮ ᠡᠮᠨᠡᠯᠭᠡ ᠶᠢᠨ 020 ᠲᠠᠪᠴᠠᠩ ᠪᠠᠶᠢᠭᠤᠯᠵᠤ᠂  ᠭᠡᠷ ᠪᠦᠯᠢ ᠶᠢᠨ ᠡᠮᠨᠡᠯᠭᠡ ᠶᠢᠨ ᠰᠠᠯᠠᠭ᠎ᠠ ᠪᠠᠶᠢᠭᠤᠯᠤᠨ᠂ ᠦᠢᠯᠡᠴᠢᠯᠡᠭᠡᠨ  ᠤ ᠲᠥᠷᠥᠯ ᠵᠦᠢᠯ᠂ ᠴᠤᠪᠤᠷᠠᠯ᠂ ᠣᠷᠣᠨ ᠪᠦᠰᠡ ᠶᠢ ᠲᠤᠲᠤᠷᠬᠠᠶᠢᠯᠠᠵᠤ᠂ ᠨᠡᠶᠢᠭᠡᠮ ᠲᠣᠭᠤᠷᠢᠭ ᠤᠨ ᠬᠥᠳᠡᠯᠵᠦ ᠪᠠᠷᠢᠬᠤ ᠳᠤ ᠳᠥᠭᠦᠮ ᠦᠭᠡᠢ ᠭᠡᠷ ᠲᠡᠭᠡᠨ ᠠᠰᠠᠷᠠᠨ ᠰᠣᠪᠢᠯᠠᠭᠤᠯᠵᠤ ᠪᠠᠶᠢᠭ᠎ᠠ ᠨᠠᠰᠤᠲᠠᠶᠢᠴᠤᠳ ᠲᠤ ᠪᠣᠯᠵᠤᠭ᠎ᠠ ᠲᠣᠭᠲᠠᠨ ᠭᠡᠷ ᠲᠤᠨᠢ ᠬᠦᠷᠴᠦ ᠡᠮᠴᠢᠯᠡᠨ ᠰᠤᠪᠢᠯᠠᠬᠤ ᠦᠢᠯᠡᠴᠢᠯᠡᠭᠡ ᠬᠠᠩᠭᠠᠳᠠᠭ᠃      ᠢᠷᠡᠭᠡᠳᠦᠶ ᠶᠢᠨ ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠳᠤ ᠲᠦᠷᠪᠡᠨ ᠵᠦᠢᠯ ᠤᠨ ᠬᠡᠯᠪᠡᠷᠢ ᠣᠷᠣᠰᠢᠵᠤ ᠮᠡᠳᠡᠨ᠎ᠡ     ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠬᠥᠭᠵᠢᠯᠲᠡ ᠶᠢᠨ ᠵᠤᠷᠭᠠᠨ ᠤ ᠭᠡᠷ ᠪᠦᠯᠢ ᠶᠢᠨ ᠬᠥᠭᠵᠢᠯᠲᠡ ᠶᠢ ᠵᠢᠯᠣᠭᠤᠳᠬᠤ ᠭᠠᠵᠠᠷ ᠤᠨ ᠳᠠᠷᠤᠭ᠎ᠠ ᠴᠠᠢ ᠹᠸᠢ 2015 ᠣᠨ ᠳᠤ ᠪᠣᠯᠣᠭᠰᠠᠨ ᠴᠢᠩᠬᠤᠸᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠳᠡᠭᠡᠳᠦ ᠳᠡᠰ ᠤᠨ ᠶᠠᠷᠢᠶᠠᠨ ᠤ ᠲᠠᠪᠴᠠᠩ ᠤᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠪᠣᠯ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠬᠤ ᠨᠢᠭᠡᠨ ᠥᠨᠢ ᠤᠳᠠᠭᠠᠨ ᠤ ᠠᠷᠭ᠎ᠠ ᠪᠣᠯᠣᠨ᠎ᠠ᠃ ᠢᠷᠡᠭᠡᠳᠦᠶ ᠶᠢᠨ ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠳᠤ ᠲᠦᠷᠪᠡᠨ ᠵᠦᠢᠯ ᠤᠨ ᠬᠡᠯᠪᠡᠷᠢ ᠣᠷᠣᠰᠢᠵᠤ ᠮᠡᠳᠡᠨ᠎ᠡ᠄      1 . ᠤᠤᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠬᠤ᠃ ᠤᠳᠤ ᠪᠠᠶᠢᠭ᠎ᠠ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠦᠢᠯᠡᠴᠢᠯᠡᠭᠡᠨ ᠤ ᠲᠥᠪ ᠨᠢ ᠨᠥᠬᠦᠴᠡᠯ ᠲᠠᠢ ᠯᠡ ᠶᠤᠮ ᠪᠣᠯ ᠳᠠᠷᠤᠶ ᠨᠠᠰᠤᠵᠢᠯ  ᠤᠨ ᠠᠰᠠᠷᠠᠮᠵᠢ ᠶᠢᠨ ᠦᠢᠯᠡᠴᠢᠯᠡᠭᠡ ᠨᠡᠭᠡᠭᠡᠨ ᠡᠷᠬᠢᠯᠡᠵᠦ ᠪᠣᠯᠤᠨ᠎ᠠ᠃ ᠣᠳᠣᠬᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠲᠠᠢ ᠤᠶᠠᠯᠳᠤᠭᠤᠯᠤᠨ᠂ ᠤᠤᠯ ᠤᠨ ᠡᠮᠨᠡᠯᠭᠡ ᠶᠢᠨ ᠪᠠᠶᠢᠭᠤᠯᠤᠮᠵᠢ ᠶᠢ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠤᠶᠤ ᠰᠣᠪᠢᠯᠠᠯᠲᠠ ᠶᠢᠨ ᠡᠮᠨᠡᠯᠭᠡ ᠶᠢᠨ ᠬᠤᠷᠢᠶ᠎ᠠ ᠪᠣᠯᠭᠠᠨ ᠬᠤᠪᠢᠷᠠᠭᠤᠯᠵᠤ᠂ ᠣᠷᠴᠢᠨ ᠲᠣᠭᠤᠷᠢᠨ ᠤ ᠨᠡᠶᠢᠭᠡᠮ ᠲᠣᠭᠤᠷᠢᠭ ᠲᠤ ᠶᠡᠷᠦᠩᠬᠡᠶᠢᠯᠡᠭᠰᠡᠨ᠂ ᠦᠷᠭᠦᠯᠵᠢᠯᠡᠭᠰᠡᠨ ᠨᠠᠰᠤᠵᠢᠯ ᠤᠨ ᠠᠰᠠᠷᠠᠮᠵᠢ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠵᠤ ᠪᠣᠯᠣᠨ᠎ᠠ᠃      2 . ᠤᠤᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮ ᠨᠡᠮᠡᠵᠦ ᠪᠣᠯᠬᠤ᠃ ᠮᠠᠨ ᠤ ᠤᠯᠤᠰ ᠤᠨ ᠣᠯᠠᠩᠬᠢ ᠨᠠᠰᠤᠵᠢᠯ ᠤᠨ ᠠᠰᠠᠷᠠᠮᠵᠢ  ᠶᠢᠨ ᠪᠠᠶᠢᠭᠤᠯᠤᠮᠵᠢ ᠨᠢ ᠣᠳᠣᠬᠠᠨ ᠳᠤ ᠡᠮᠴᠢᠯᠡᠭᠡᠨ ᠤ ᠬᠢᠷᠢ ᠬᠡᠮ ᠦᠭᠡᠢ ᠪᠠᠶᠢᠵᠤ᠂ 2014 ᠣᠨ ᠳᠤ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠠᠴᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮᠨᠡᠯᠭᠡ ᠶᠢᠨ ᠲᠠᠰᠤᠭ᠂ ᠰᠤᠪᠢᠯᠠᠬᠤ ᠥᠷᠲᠡᠭᠡ ᠶᠢᠨ ᠦᠨᠳᠦᠰᠦᠨ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠵᠠᠢ᠃ ᠨᠢᠭᠡ ᠡᠮᠴᠢ᠂ ᠨᠢᠭᠡ ᠰᠤᠪᠢᠯᠠᠭᠴᠢ ᠲᠠᠢ ᠶᠤᠮ ᠪᠣᠯ ᠡᠮᠨᠡᠯᠭᠡ ᠶᠢᠨ ᠲᠠᠰᠤᠭ ᠭᠤᠶᠤᠴᠢᠯᠠᠵᠤ ᠪᠣᠯᠣᠨ᠎ᠠ ᠭᠡᠵᠦ ᠪᠠᠷᠢᠮᠵᠢᠶ᠎ᠠ ᠶᠢ ᠨᠢ ᠶᠡᠬᠡᠪᠡᠷ ᠪᠠᠭᠤᠷᠠᠭᠤᠯᠪᠠ᠃ ᠨᠥᠬᠦᠴᠡᠯ ᠲᠠᠢ ᠨᠠᠰᠤᠵᠢᠯ  ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠲᠤᠰᠬᠠᠶ ᠰᠠᠯᠠᠭᠠᠨ ᠤ ᠡᠮᠨᠡᠯᠭᠡ ᠶᠢᠨ ᠬᠤᠷᠢᠶ᠎ᠠ᠂ ᠰᠣᠪᠢᠯᠠᠯᠲᠠ ᠶᠢᠨ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠵᠡᠷᠭᠡ ᠲᠤᠰᠬᠠᠶ ᠮᠡᠷᠭᠡᠵᠢᠯ ᠤᠨ ᠡᠮ ᠡᠮᠨᠡᠯᠭᠡ ᠶᠢᠨ ᠪᠠᠶᠢᠭᠤᠯᠤᠮᠵᠢ ᠪᠠᠶᠢᠭᠤᠯᠬᠤ ᠶᠢ ᠨᠢ ᠪᠠᠰᠠ ᠵᠣᠷᠢᠭᠵᠢᠭᠤᠯᠤᠨ᠎ᠠ᠃      3 . ᠡᠮ ᠡᠮᠨᠡᠯᠭᠡ ᠶᠢᠨ ᠪᠠᠶᠢᠭᠤᠯᠤᠮᠵᠢ ᠨᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠯᠤᠭ᠎ᠠ ᠵᠥᠪᠳᠡᠯᠴᠡᠨ ᠬᠠᠮᠵᠢᠯᠴᠠᠬᠤ᠃ ᠡᠶᠢᠮᠦ ᠪᠠᠶᠢᠳᠠᠯ ᠨᠢ ᠤᠳᠤ ᠨᠡᠯᠢᠶᠡᠳ ᠲᠦᠭᠡᠮᠡᠯ ᠣᠷᠣᠰᠢᠵᠤ ᠪᠠᠶᠢᠨ᠎ᠠ᠂ ᠮᠠᠰᠢ ᠤᠯᠠᠨ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠭᠠᠵᠠᠷ ᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠣᠶᠢᠷᠠᠯᠴᠠᠭ᠎ᠠ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤᠨ ᠲᠥᠪ  ᠨᠢ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠲᠣᠭᠤᠷᠢᠨ ᠡᠮᠨᠡᠵᠦ᠂ ᠪᠠᠴᠢᠮ ᠪᠠᠶᠢᠳᠠᠯ ᠲᠤᠯᠭᠠᠷᠠᠭᠰᠠᠨ ᠦᠶ᠎ᠡ ᠳᠤ ᠴᠤ ᠴᠠᠭ ᠲᠤᠬᠠᠶ ᠳᠤᠨᠢ ᠰᠢᠢᠳᠪᠦᠷᠢᠯᠡᠨ᠂ ᠴᠠᠭ ᠲᠤᠬᠠᠶ ᠳᠤᠨᠢ ᠰᠢᠯᠵᠢᠭᠦᠯᠦᠨ ᠡᠮᠨᠡᠭᠦᠯᠵᠦ ᠪᠠᠶᠢᠨ᠎ᠠ᠃ ᠣᠳᠣᠬᠠᠨ ᠳᠤ ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠨᠢᠭᠡ ᠣᠷᠣ ᠣᠯᠬᠤ ᠨᠢ ᠲᠤᠩ ᠪᠡᠷᠬᠡ ᠪᠠᠶᠢᠵᠤ᠂ ᠣᠯᠠᠩᠬᠢ ᠭᠠᠵᠠᠷ ᠲᠤ ᠴᠢᠨᠠᠭᠰᠢᠯᠠᠪᠠᠯ ᠬᠡᠳᠦᠨ ᠵᠠᠭᠤᠨ ᠬᠥᠮᠦᠨ ᠮᠦᠷᠯᠡᠨ ᠬᠦᠯᠢᠶᠡᠵᠦ ᠪᠠᠶᠢᠬᠤ ᠲᠤᠯᠠ᠂ ᠡᠶᠢᠮᠦᠷᠬᠦ ᠵᠠᠭᠪᠤᠷᠰᠢᠯ ᠬᠡᠷᠡᠵᠢᠭᠦᠯᠬᠦ ᠢ ᠴᠦ ᠤᠯᠤᠰ ᠠᠴᠠ ᠣᠨᠴᠣᠭᠤᠶᠢᠯᠠᠨ ᠵᠣᠷᠢᠭᠵᠢᠭᠤᠯᠵᠤ ᠪᠠᠶᠢᠭ᠎ᠠ ᠶᠤᠮ᠃      4 . ᠡᠮᠴᠢᠯᠡᠬᠦ ᠠᠰᠠᠷᠠᠬᠤ ᠶᠢ ᠤᠶᠠᠯᠳᠤᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠭᠡᠷ ᠪᠦᠯᠢ ᠲᠤ ᠣᠷᠣᠭᠤᠯᠬᠤ᠃ ᠡᠨᠡ ᠨᠢ ᠭᠤᠣᠯᠳᠠᠭᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠳᠤ ᠲᠦᠰᠢᠭᠯᠡᠨ᠂ ᠭᠡᠷ ᠪᠦᠯᠢ ᠶᠢᠨ ᠡᠮᠴᠢ ᠶᠢᠨ ᠵᠠᠭᠪᠤᠷᠰᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠭᠡᠷ ᠲᠤᠨᠢ ᠬᠦᠷᠴᠦ ᠦᠢᠯᠡᠴᠢᠯᠡᠭᠡ  ᠬᠠᠩᠭᠠᠬᠤ ᠪᠣᠯᠤᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ