ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠬᠤᠷᠠᠯ 7 ᠳ᠋ᠤᠭᠠᠷ ᠰᠠᠷ᠎ᠠ ᠶᠢᠨ 26᠎ ᠤ ᠡᠳᠦᠷ ᠬᠤᠷᠠᠯᠳᠤᠨ᠎ᠠ
ᠨᠡᠶᠢᠲᠡᠯᠡᠭᠰᠡᠨ ᠴᠠᠭ᠄
2016/7/19
     7 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ 71 ᠳ᠋ᠤᠭᠠᠷ ᠣᠳᠠᠭ᠎ᠠ ᠶᠢᠨ ᠡᠷᠭᠢᠯᠡᠭᠴᠢᠳ ᠤᠨ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠲᠦᠷᠪᠡᠳᠤᠭᠡᠷ ᠬᠤᠷᠠᠯ ᠢ 7 ᠳ᠋ᠤᠭᠠᠷ ᠰᠠᠷ᠎ᠠ ᠶᠢᠨ 26᠎ ᠤ ᠡᠳᠦᠷ ᠠᠴᠠ 29᠎ ᠤ ᠡᠳᠦᠷ ᠪᠤᠯᠳᠠᠯ᠎ᠠ ᠬᠦᠬᠡᠬᠤᠳᠠ ᠳᠤ ᠬᠤᠷᠠᠯᠳᠤᠭᠤᠯᠬᠤ ᠪᠠᠷ ᠳᠣᠭᠳᠠᠪᠠ᠃      ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠲᠦᠷᠪᠡᠳᠤᠭᠡᠷ ᠬᠤᠷᠠᠯ ᠤᠨ ᠰᠠᠨᠠᠭᠤᠯᠭ᠎ᠠ ᠶᠢᠨ ᠵᠦᠪᠯᠡᠭᠦ ᠵᠦᠢᠯ ᠪᠤᠯ᠄ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠯᠦᠨ ᠨᠠᠭᠤᠷ ᠤᠨ ᠤᠯᠤᠰ ᠎ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠦᠷᠢᠮ ︵ᠲᠦᠰᠦᠯ ᠳᠤ ᠵᠠᠰᠠᠪᠤᠷᠢ ᠤᠷᠤᠭᠤᠯᠤᠬᠰᠠᠨ ᠨᠤᠤᠷᠠᠭ︶︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠎ ᠤᠨ ᠲᠦᠷᠢᠮ ︵ᠲᠦᠰᠦᠯ ᠳᠤ ᠵᠠᠰᠠᠪᠤᠷᠢ ᠤᠷᠤᠭᠤᠯᠤᠬᠰᠠᠨ ᠨᠤᠤᠷᠠᠭ︶︾᠂ ︽ᠲᠤᠯᠤᠳᠤᠭᠠᠷ ᠲᠠᠪᠤᠨ ᠵᠢᠯ ᠤᠨ ᠬᠠᠤᠯᠢᠵᠢᠯ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠬᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ ︵ᠲᠦᠰᠦᠯ︶︾᠎ ᠶᠢ ᠬᠢᠨᠠᠨ ᠵᠦᠪᠯᠡᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠲᠤᠰᠢᠶᠠᠬᠰᠠᠨ 2 ᠳ᠋ᠤᠭᠠᠷ ᠳᠣᠭᠠᠳᠣ᠂ 4 ᠳ᠋ᠤᠭᠡᠷ ᠳᠣᠭᠠᠳᠣ ᠰᠠᠨᠠᠯ ᠵᠦᠪᠯᠡᠯᠭᠡ ᠶᠢ ᠰᠢᠢᠳᠪᠤᠷᠢᠯᠡᠭᠦ ᠰᠠᠨᠠᠯ ᠤᠨ ᠳᠣᠬᠠᠢ ᠮᠡᠳᠡᠭᠦᠯᠦᠯᠳᠡ ︵ᠲᠦᠰᠦᠯ︶᠎ ᠶᠢ ᠬᠢᠨᠠᠨ ᠵᠦᠪᠯᠡᠨ᠎ᠡ︔ 2016 ᠣᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠠ ᠶᠢᠨ ᠲᠦᠯᠦᠪᠯᠡᠭᠡ ᠶᠢ ᠲᠡᠭᠡᠷ᠎ᠠ ᠬᠠᠭᠠᠰ ᠵᠢᠯ ᠳᠤ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠎ ᠤ ᠡᠳ᠋ ᠤᠨ ᠵᠠᠰᠠᠬ ᠤᠨ ᠲᠦᠰᠦᠪ  ᠤᠨ ᠭᠦᠢᠴᠡᠳᠭᠡᠯ ᠪᠠ 2016 ᠣᠨ ᠤ ᠲᠡᠭᠡᠷ᠎ᠡ ᠬᠠᠭᠠᠰ ᠵᠢᠯ ᠳᠤ ᠪᠦᠭᠦ ᠤᠷᠤᠨ ᠤ ᠲᠦᠰᠦᠪ ᠢ ᠭᠦᠢᠴᠡᠳᠭᠡᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ 2015 ᠣᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠲᠤᠬᠠᠢ ᠮᠡᠳᠡᠭᠦᠯᠦᠯᠳᠡ᠂ ︽ᠨᠢᠭᠡ ᠪᠦᠰᠠ ᠨᠢᠭᠡ ᠵᠠᠮ︾ ᠪᠠ ︽ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠨᠭ᠍ᠬᠢᠯ︾᠎ ᠤᠨ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ ᠦᠪᠤᠷ ᠮᠤᠩᠭᠤᠯ ᠤᠨ ᠤᠮᠠᠷᠠᠰᠢ ᠨᠡᠭᠡᠭᠡᠯᠳᠡ ᠶᠢ ᠲᠦᠷᠭᠡᠳᠭᠡᠨ ᠠᠬᠢᠭᠤᠯᠬᠤ ᠲᠤᠬᠠᠢ ᠮᠡᠳᠡᠭᠦᠯᠦᠯᠳᠡ᠂ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠭᠦ ᠰᠢᠢᠳᠪᠤᠷᠢ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ ᠮᠠᠨ ᠤ ᠤᠷᠤᠨ ᠤ ᠲᠦᠯᠦᠪᠯᠡᠭᠡᠳᠤ ᠦᠷᠡᠵᠢᠯ ᠤᠨ ᠤᠨᠴᠠᠭᠠᠢ ᠭᠡᠷ ᠪᠦᠯᠢ ᠶᠢ ᠨᠢᠭᠡ ᠣᠳᠠᠭ᠎ᠠ ᠶᠢᠨ ᠴᠢᠨᠠᠷᠳᠠᠢ ᠬᠠᠪᠰᠤᠷᠤᠨ ᠲᠡᠮᠵᠢᠭᠦ ᠪᠡᠯᠡ ᠮᠦᠡᠭᠭᠦ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠲᠤᠬᠠᠢ ᠮᠡᠳᠡᠭᠦᠯᠦᠯᠳᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠭᠦ ᠬᠠᠤᠯᠢ︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢᠳᠠᠨ ᠤ ᠬᠢᠵᠢᠭ ᠢ ᠰᠡᠷᠭᠡᠶᠢᠯᠡᠭᠦ ᠲᠦᠷᠢᠮ︾᠎ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ ᠪᠦᠬᠦ ᠤᠷᠤᠨ ᠤ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠳᠡ ᠵᠡᠷᠭᠡ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠮᠡᠳᠡᠭᠦᠯᠦᠯᠳᠡ ᠨᠦᠭᠦᠳ ᠢ ᠰᠤᠨᠤᠰᠤᠨ ᠬᠢᠨᠠᠨ ᠵᠦᠪᠯᠡᠨ᠎ᠠ︔ ᠪᠦᠭᠦ ᠤᠷᠤᠨ ᠤ ᠲᠦᠯᠦᠪᠯᠡᠭᠡᠳᠤ ᠦᠷᠡᠵᠢᠯ ᠤᠨ ᠤᠨᠴᠠᠭᠠᠢ ᠭᠡᠷ ᠪᠦᠯᠢ ᠶᠢ ᠨᠢᠭᠡ ᠣᠳᠠᠭ᠎ᠠ ᠶᠢᠨ ᠴᠢᠨᠠᠷᠳᠠᠢ ᠬᠠᠪᠰᠤᠷᠤᠨ ᠲᠡᠮᠵᠢᠭᠦ ᠪᠡᠯᠡ ᠮᠦᠡᠭᠭᠦ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠳᠤ ᠠᠵᠢᠯ ᠤᠨ ᠦᠨᠡᠯᠡᠯᠳᠡ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠎ ᠤ ᠠᠮᠢᠳᠠᠨ ᠤ ᠬᠢᠵᠢᠭ ᠢ ᠰᠡᠷᠭᠡᠶᠢᠯᠡᠭᠦ ᠬᠠᠤᠯᠢ︾ ᠪᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢᠳᠠᠨ ᠤ ᠬᠢᠵᠢᠭ ᠢ ᠰᠡᠷᠭᠡᠶᠢᠯᠡᠭᠦ ᠲᠦᠷᠢᠮ︾᠎ ᠢ ᠳᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠢ ᠲᠤᠰᠬᠠᠢ ᠰᠡᠳᠦᠪ ᠢᠶᠠᠷ ᠠᠰᠠᠭᠤᠨ ᠯᠠᠪᠯᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号