ᠥᠪᠥᠷ ᠮᠣᠩᠭᠤᠯ ᠤᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ 26887 ᠰᠤᠷᠤᠭᠴᠢ ᠡᠯᠰᠡᠵᠦ  ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠢᠨ 19᠎ ᠤ ᠡᠳᠦᠷ ᠠᠴᠠ ᠡᠬᠢᠯᠡᠵᠦ ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠨ᠎ᠠ
ᠨᠡᠶᠢᠲᠡᠯᠡᠭᠰᠡᠨ ᠴᠠᠭ᠄
2016/7/19
     2016 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠠᠵᠢᠯ ᠳᠠᠭᠤᠰᠴᠦ᠂  ᠨᠡᠶᠢᠲᠡ 26887 ᠰᠤᠷᠤᠭᠴᠢ ᠡᠯᠰᠡᠵᠡᠢ᠃         ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠠᠵᠢᠯ 4 ᠡᠳᠦᠷ ᠶᠠᠪᠤᠭᠳᠠᠵᠤ᠂ ᠣᠷᠣᠨ ᠤ ᠭᠠᠳᠠᠨᠠᠬᠢ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠭᠡᠷ ᠡᠷᠡᠮᠡᠯᠵᠡᠯ ᠢᠶᠠᠷ ᠡᠯᠰᠡᠭᠳᠡᠭᠰᠡᠳ ᠤᠨ ᠨᠣᠷᠮ᠎ᠠ 98.75%᠎ ᠳᠤ ᠬᠦᠷᠴᠦ᠂ ᠨᠢᠳᠤᠨᠤᠨ ᠤ ᠬᠢ ᠲᠠᠢ ᠦᠨᠳᠦᠰᠦᠨ ᠳᠡᠭᠡᠨ ᠠᠳᠠᠯᠢ ᠪᠣᠯᠪᠠ᠃  ᠣᠳᠣ ᠪᠣᠯᠲᠠᠯ᠎ᠠ᠂ ᠮᠠᠨ ᠤ ᠣᠷᠣᠨ ᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠨᠢᠭᠡᠨᠲᠡ 41615 ᠰᠢᠨ᠎ᠡ ᠰᠤᠷᠤᠭᠴᠢ ᠡᠯᠰᠡᠪᠡ᠃ ᠡᠨᠡ ᠵᠢᠯ ᠤᠨ ᠰᠤᠷᠤᠭᠴᠢ ᠡᠯᠰᠡᠬᠦ ᠠᠵᠢᠯ ᠨᠢ ︽ᠨᠡᠷᠡᠨ ᠭᠡᠷᠡᠯᠲᠦ ᠡᠯᠰᠡᠯᠲᠡ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠰᠤᠷᠭᠠᠭᠤᠯᠢ ᠬᠠᠷᠢᠭᠤᠴᠠᠵᠤ᠂ ᠰᠤᠷᠤᠭᠴᠢ ᠡᠯᠰᠡᠬᠦ ᠠᠯᠪᠠᠨ ᠭᠡᠷ ᠬᠢᠨᠠᠯᠲᠠ ᠲᠠᠯᠪᠢᠬᠤ︾ ᠵᠠᠷᠴᠢᠮ ᠢᠶᠠᠷ ᠳᠦᠷᠢᠮᠵᠢᠭᠦᠨ ᠪᠦᠭᠡᠳ ᠡᠮᠬᠢ ᠵᠢᠷᠤᠮ ᠲᠠᠢ ᠶᠠᠪᠤᠭᠳᠠᠵᠠᠢ᠃ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠡᠯᠰᠡᠵᠦ ᠳᠠᠭᠤᠰᠤᠭᠰᠠᠨ ᠤ ᠳᠠᠷᠠᠭ᠎ᠠ ᠵᠢᠩᠬᠢᠨᠢ ᠠᠩᠭᠢ ᠶᠢᠨ ᠬᠤᠶᠠᠳᠤᠭᠠᠷ ᠪᠦᠯᠦᠭ᠂ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠡᠷᠡᠮᠡᠯᠵᠡᠯ ᠢᠶᠠᠨ ᠲᠠᠭᠯᠠᠬᠤ ᠠᠵᠢᠯ ᠢ ᠵᠠᠯᠭᠠᠭᠠᠪᠡᠷ ᠡᠬᠢᠯᠡᠭᠦᠯᠦᠨ᠎ᠡ᠃       ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠬᠢᠨ 19᠎ ᠤ ᠡᠳᠦᠷ ᠠᠴᠠ ᠡᠬᠢᠯᠡᠵᠦ ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠨ᠎ᠠ      2016 ᠣᠨ ᠤ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠯᠲᠡ ᠶᠢᠨ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠷᠡᠮᠡᠯᠵᠡᠯ ᠢᠶᠠᠨ ᠰᠦᠯᠵᠢᠶᠡᠨ ᠳᠡᠭᠡᠷ᠎ᠡ  ᠲᠠᠭᠯᠠᠬᠤ ᠠᠵᠢᠯ 7 ᠳ᠋ᠤᠭᠠᠷ ᠰᠠᠷ᠎ᠠ ᠶᠢᠨ 19᠎ ᠤ ᠡᠳᠦᠷ ᠠᠴᠠ ᠡᠬᠢᠯᠡᠨ᠎ᠡ᠃ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠬᠤ ᠳᠤ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ᠂  ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠲᠥᠯᠥᠪᠯᠡᠭᠡ ᠲᠠᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠤᠨ ᠡᠯ᠎ᠡ ᠮᠡᠷᠭᠡᠵᠢᠯ ᠤᠨ ᠲᠥᠷᠥᠯ ᠢᠶᠠᠷ ᠢᠶᠠᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠭᠰᠡᠳ ᠢ ᠡᠯᠰᠡᠬᠦ ᠪᠠᠭᠲᠠᠨ᠎ᠠ᠃19᠎ ᠤ ᠡᠳᠦᠷ ᠤᠨ 8 ᠴᠠᠭ ᠠᠴᠠ ᠡᠬᠢᠯᠡᠨ ᠡᠷᠡᠮᠡᠯᠵᠡᠯ ᠢᠶᠠᠨ ᠲᠠᠭᠯᠠᠵᠤ︔ 18 ᠴᠠᠭ ᠲᠤ ᠲᠦᠷ ᠵᠠᠪᠰᠠᠷᠯᠠᠨ᠎ᠠ᠃ 9 ᠴᠠᠭ ᠲᠤ ᠰᠢᠯᠭᠠᠭᠤᠯᠤᠭᠴᠢᠳ ᠲᠤᠰ ᠡᠳᠦᠷ ᠤᠨ ᠰᠦᠯᠵᠢᠶᠡᠨ ᠳᠡᠭᠡᠷ᠎ᠡ ᠠᠴᠠ ᠠᠩᠬᠠᠳᠠᠬᠢ ᠡᠷᠡᠮᠡᠯᠵᠡᠯ ᠢᠶᠠᠨ ᠲᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠯᠠᠪᠯᠠᠨ ᠦᠵᠡᠵᠦ ᠪᠣᠯᠣᠨ᠎ᠠ᠂ ᠲᠤᠰ ᠡᠳᠦᠷ ᠤᠨ 18 ᠴᠠᠭ  ᠠᠴᠠ ᠡᠮᠦᠨ᠎ᠡ᠂ ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠨᠢᠭᠡ ᠴᠠᠭ ᠳᠤ ᠨᠢᠭᠡ ᠤᠳᠠᠭ᠎ᠠ ᠨᠡᠶᠢᠲᠡᠯᠡᠵᠦ᠂ ᠰᠢᠯᠭᠠᠭᠤᠯᠤᠭᠴᠢᠳ ᠮᠡᠳᠡᠭᠡ ᠵᠠᠩᠭᠢ ᠶᠢ ᠦᠨᠳᠦᠰᠦᠯᠡᠨ ᠡᠷᠡᠮᠡᠯᠵᠡᠯ ᠢᠶᠠᠨ ᠰᠠᠨᠠᠭᠠᠨ ᠳᠤ ᠨᠡᠶᠢᠴᠡᠬᠦ ᠪᠣᠯᠲᠠᠯ᠎ᠠ ᠴᠠᠭ ᠲᠤᠬᠠᠶ ᠳᠤᠨᠢ ᠵᠠᠰᠠᠪᠤᠷᠢ ᠣᠷᠣᠭᠤᠯᠵᠤ ᠪᠣᠯᠣᠨ᠎ᠠ  ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号