ᠥᠪᠥᠷ ᠮᠣᠩᠭᠤᠯ ︽ᠭᠤᠷᠪᠠᠨ ᠰᠦᠯᠵᠢᠶ᠎ᠡ ᠶᠢᠨ ᠠᠭᠤᠰᠤᠯᠴᠠᠯ︾᠎ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2016/7/19
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠰᠦᠯᠵᠢᠶ᠎ᠠ ᠶᠢᠨ ᠠᠭᠤᠰᠤᠯᠴᠠᠯ ᠢ ᠳᠡᠯᠭᠡᠷᠡᠭᠦᠯᠦᠨ ᠬᠡᠷᠡᠭᠵᠢᠭᠦᠯᠬᠦ ᠲᠦᠰᠦᠯ︾᠎ ᠢ ᠨᠡᠶᠢᠲᠡᠯᠡᠵᠦ᠂ ᠴᠠᠭᠢᠯᠭᠠᠨ ᠬᠤᠯᠪᠤᠭ᠎ᠠ ᠶᠢᠨ ᠰᠦᠯᠵᠢᠶ᠎ᠠ᠂ ᠷᠠᠳᠢᠣ᠋ ᠲᠧᠯᠧᠢᠰ ᠤᠨ ᠰᠦᠯᠵᠢᠶ᠎ᠠ᠂ ᠢᠨᠲ᠋ᠧᠷ ᠰᠦᠯᠵᠢᠶ᠎ᠠ ︽ᠭᠤᠷᠪᠠᠨ ᠰᠦᠯᠵᠢᠶ᠎ᠡ ᠶᠢᠨ ᠠᠭᠤᠰᠤᠯᠴᠠᠯ︾᠎ ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠮᠡᠳᠡᠭᠡ ᠵᠠᠩᠬᠢ ᠶᠢᠨ ᠰᠦᠯᠵᠢᠶ᠎ᠠ ᠶᠢᠨ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠬᠤ ᠪᠠ ᠡᠬᠢ ᠪᠠᠶᠠᠯᠢᠭ ᠢ ᠬᠠᠮᠳᠤᠪᠡᠷ ᠡᠳ᠋ᠯᠡᠬᠦ ᠶᠢ ᠲᠦᠯᠬᠢᠨ ᠠᠬᠢᠭᠤᠯᠬᠤ ᠪᠠᠷ ᠳᠠᠮᠵᠢᠨ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠭᠡᠵᠦ ᠪᠣᠢ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠰᠦᠯᠵᠢᠶ᠎ᠠ ᠶᠢᠨ ᠠᠭᠤᠰᠤᠯᠴᠠᠯ ᠢ ᠳᠡᠯᠭᠡᠷᠡᠭᠦᠯᠦᠨ ᠬᠡᠷᠡᠭᠵᠢᠭᠦᠯᠬᠦ ᠲᠦᠰᠦᠯ︾᠎ ᠳᠤ ᠲᠠᠪᠤᠨ ᠵᠦᠢᠯ ᠤᠨ ᠠᠵᠢᠯ ᠤᠨ ᠡᠭᠦᠷᠭᠡ ᠲᠣᠭᠲᠠᠭᠠᠵᠠᠢ᠃ ᠨᠢᠭᠡ ᠳᠤ ᠲᠤᠬᠠᠶᠢᠯᠠᠭᠰᠠᠨ ᠠᠵᠢᠯ ᠢ ᠬᠤᠣᠰ ᠴᠢᠭᠯᠡᠯ ᠢᠶᠠᠷ ᠥᠷᠨᠢᠭᠦᠯᠬᠦ ᠶᠢ ᠬᠢᠨᠠᠨ ᠵᠥᠪᠰᠢᠶᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠡᠷᠬᠡ ᠮᠡᠳᠡᠯ ᠢᠶᠠᠨ ᠵᠢᠷᠤᠮᠯᠠᠵᠤ᠂ ︽ᠨᠢᠭᠡ ᠪᠣᠯᠪᠠᠰᠤᠷᠠᠪᠠᠯ ᠨᠢᠭᠡ ᠶᠢ ᠵᠥᠪᠰᠢᠶᠡᠷᠡᠬᠦ︾ ᠵᠠᠷᠴᠢᠮ ᠶᠤᠰᠤᠭᠠᠷ᠂ ᠷᠠᠳᠢᠣ᠋ ᠲᠧᠯᠸᠢᠰ᠂ ᠴᠠᠬᠢᠯᠭᠠᠨ ᠬᠤᠯᠪᠣᠭ᠎ᠠ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠭᠤᠶᠤᠴᠢᠯᠠᠯ ᠢ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠨ᠎ᠡ᠃ ᠷᠠᠳᠢᠣ᠋ ᠲᠧᠯᠸᠢᠰ ᠤᠨ ᠠᠵᠤ ᠠᠬᠤᠶᠢᠯᠠᠯ ᠨᠢ ᠴᠠᠬᠢᠯᠭᠠᠨ ᠬᠤᠯᠪᠣᠭᠠᠨ ᠤ ᠬᠢᠨᠠᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠠᠶᠤᠯ ᠦᠭᠡᠢ ᠨᠥᠬᠦᠴᠡᠯ ᠢ ᠬᠠᠩᠭᠠᠭᠰᠠᠨ ᠤᠷᠢᠳᠠᠯ ᠳᠣᠣᠷ᠎ᠠ ᠤᠲᠠᠰᠤᠲᠤ ᠲᠧᠯᠸᠢᠰ ᠤᠨ ᠰᠦᠯᠵᠢᠶ᠎ᠡ ᠪᠠᠷ ᠰᠠᠭᠤᠷᠢᠯᠠᠭᠰᠠᠨ ᠢᠨᠲ᠋ᠧᠷ ᠰᠦᠯᠵᠢᠶ᠎ᠡ ᠳᠤ ᠵᠠᠯᠭᠠᠬᠤ ᠠᠵᠢᠯ ᠂ ᠢᠨᠲ᠋ᠧᠷ ᠰᠦᠯᠵᠢᠶᠡᠨ ᠤ ᠳ᠋ᠠᠶᠢᠲ᠋ᠠ ᠳᠠᠮᠵᠢᠭᠤᠯᠤᠨ ᠬᠦᠷᠭᠡᠬᠦ ᠨᠡᠮᠡᠭᠳᠡᠯ ᠦᠷᠲᠡᠭ ᠤᠨ ᠠᠵᠢᠯ ᠂ ᠤᠯᠤᠰ ᠤᠨ ᠳᠣᠲᠣᠭᠠᠳᠤ ᠶᠢᠨ ᠰᠦᠯᠵᠢᠶᠡᠨ ᠳᠡᠭᠡᠷᠡᠬᠢ IP ᠳ᠋ᠢᠶᠠᠩᠬᠤᠸᠠ ᠶᠢᠨ ᠠᠵᠢᠯ᠂ ᠴᠠᠬᠢᠯᠭᠠᠨ ᠬᠤᠯᠪᠣᠭᠠᠨ ᠤ ᠨᠡᠮᠡᠭᠳᠡᠯ ᠥᠷᠲᠡᠭ ᠤᠨ ᠠᠵᠢᠯ᠂ ᠴᠠᠬᠢᠯᠭᠠᠨ ᠬᠤᠯᠪᠣᠭᠠᠨ ᠤ ᠨᠡᠮᠡᠭᠳᠡᠯ ᠥᠷᠲᠡᠭ ᠤᠨ ᠬᠠᠮᠢᠶᠠᠷᠤᠯᠲᠠ ᠶᠢᠨ ᠰᠠᠭᠤᠷᠢ ᠠᠵᠢᠯ ᠢ ᠡᠵᠡᠩᠨᠡᠬᠦ ᠪᠠᠷ ᠭᠤᠶᠤᠴᠢᠯᠠᠵᠤ ᠪᠣᠯᠣᠨ᠎ᠠ᠃ ᠨᠥᠬᠦᠴᠡᠯ ᠳᠤ ᠨᠡᠶᠢᠴᠡᠬᠦ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠣᠷ᠎ᠠ᠂ ᠴᠠᠭ ᠤᠨ ᠪᠠᠶᠢᠳᠠᠯ ᠤᠯᠤᠰ ᠲᠦᠷᠦ ᠶᠢᠨ ᠲᠤᠬᠠᠢ ᠫᠷᠤᠭ᠍ᠷᠠᠮ ᠠᠴᠠ ᠭᠠᠳᠠᠨᠠᠬᠢ ᠷᠠᠳᠢᠣ᠋ ᠨᠡᠪᠲᠡᠷᠡᠭᠦᠯᠭᠡ ᠲᠧᠯᠸᠢᠰ ᠤᠨ ᠫᠷᠤᠭ᠍ᠷᠠᠮ ᠦᠢᠯᠡᠳᠴᠦ᠂ ᠰᠦᠯᠵᠢᠶᠡᠨ ᠳᠡᠭᠡᠷ᠎ᠡ ᠦᠵᠡᠵᠦ ᠰᠣᠨᠣᠰᠬᠤ ᠫᠷᠤᠭ᠍ᠷᠠᠮ ᠤᠨ ᠳᠣᠬᠢᠶ᠎ᠠ ᠶᠢ ᠳᠠᠮᠵᠢᠭᠤᠯᠬᠤ᠂ ᠴᠠᠭ ᠤᠨ ᠪᠠᠶᠢᠳᠠᠯ ᠤᠯᠤᠰ ᠲᠦᠷᠦ ᠶᠢᠨ ᠲᠣᠬᠠᠢ ᠫᠷᠤᠭ᠍ᠷᠠᠮ ᠢ ᠳᠠᠮᠵᠢᠭᠤᠯᠬᠤ ᠳᠤ ᠦᠢᠯᠡᠴᠢᠯᠡᠬᠦ᠂ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶ᠎ᠠ ᠶᠢᠨ ᠬᠡᠯᠪᠡᠷᠢᠰᠢᠭᠰᠡᠨ ᠵᠦᠢᠯ ᠠᠴᠠ ᠪᠣᠰᠣᠳ ᠤᠯᠠᠨ ᠨᠡᠶᠢᠲᠡ ᠶᠢᠨ ᠢᠨᠲ᠋ᠧᠷ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡ᠂ ᠬᠠᠷᠢᠯᠴᠠᠨ ᠡᠬᠡᠯᠵᠢᠯᠡᠬᠦ ᠮᠠᠶ᠋ᠢᠭ ᠤᠨ ᠰᠦᠯᠵᠢᠶᠡᠨ ᠲᠧᠯᠧᠢᠰ ︵IPTV︶᠎ ᠶᠢᠨ ᠳᠠᠮᠵᠢᠭᠤᠯᠭ᠎ᠠ᠂ ᠭᠠᠷ ᠤᠳᠠᠰᠤᠨ ᠲᠧᠯᠧᠢᠰ ᠢ ᠲᠦᠭᠡᠭᠡᠨ ᠳᠠᠷᠬᠠᠭᠠᠬᠤ ᠦᠢᠯᠡᠴᠢᠯᠡᠭᠡ ᠵᠡᠷᠬᠡ ᠶᠢ ᠦᠢᠯᠡᠳᠦᠨ ᠬᠢᠵᠦ ᠪᠣᠯᠣᠨ᠎ᠠ᠃ ᠬᠤᠶᠠᠷ ᠲᠤ ᠲᠤᠬᠠᠶᠢᠯᠠᠭᠰᠠᠨ ᠠᠵᠢᠯ ᠤᠨ ᠠᠭᠤᠰᠤᠯᠴᠠᠯ ᠤᠨ ᠬᠡᠷᠡᠭᠯᠡᠭᠡᠨ ᠤ ᠳᠡᠯᠭᠡᠷᠡᠭᠦᠯᠦᠯᠲᠡ ᠶᠢ ᠲᠦᠷᠭᠡᠳᠬᠡᠨ᠎ᠡ᠃ ᠬᠠᠮᠢᠶ᠎ᠠ ᠪᠦᠬᠦᠢ ᠠᠵᠤ ᠠᠬᠤᠶᠢᠯᠠᠯ IPTV᠎ ᠶᠢ ᠲᠦᠷᠭᠡᠨ ᠥᠷᠨᠢᠭᠦᠯᠬᠦ᠂ ᠭᠠᠷ ᠤᠳᠠᠰᠤᠨ ᠲᠧᠯᠧᠢᠰ᠂ ᠤᠲᠠᠰᠤᠲᠤ ᠲᠧᠯᠸᠢᠰ ᠤᠨ ᠰᠦᠯᠵᠢᠶᠡᠨ ᠤ ᠥᠷᠭᠡᠨ ᠪᠦᠰᠡ ᠶᠢᠨ ᠦᠢᠯᠡᠴᠢᠯᠡᠭᠡ ᠵᠢᠴᠢ ᠪᠤᠰᠤᠳ ᠠᠭᠤᠰᠤᠯᠴᠠᠯ ᠤᠨ ᠴᠢᠨᠠᠷᠲᠠᠢ ᠲᠤᠬᠠᠶᠢᠯᠠᠭᠰᠠᠨ ᠠᠵᠢᠯ ᠢ ᠲᠦᠯᠬᠢᠨ ᠠᠬᠢᠭᠤᠯᠤᠨ᠎ᠠ᠃ ᠭᠤᠷᠪᠠ ᠳᠤ ᠰᠦᠯᠵᠢᠶᠡᠨ ᠤ ᠮᠡᠳᠡᠭᠡ ᠵᠠᠩᠭᠢ ᠶᠢᠨ ᠠᠶᠤᠯ ᠦᠭᠡᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠢᠯᠡ᠂ ᠲᠣᠳᠣᠷᠬᠠᠢ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢᠶᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠡᠵᠡᠩᠨᠡᠯᠲᠡ ᠪᠠᠨ ᠵᠢᠷᠤᠮᠵᠢᠭᠤᠯᠵᠤ᠂ ᠠᠵᠢᠯ ᠲᠥᠷᠥᠯ ᠤᠨ ᠡᠮᠬᠢ ᠲᠢᠭᠯᠢᠮ ᠢ ᠰᠠᠶᠢᠲᠤᠷ ᠬᠠᠮᠠᠭᠠᠯᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠤᠪᠴᠢᠶ᠎ᠠ ᠥᠪᠥᠷ ᠮᠣᠩᠭᠤᠯ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠤᠲᠤᠭᠠᠳᠤ ᠶᠢ ᠬᠠᠮᠠᠭᠠᠯᠠᠬᠤ ᠲᠢᠩᠬᠢᠮ ᠵᠡᠷᠭᠡ ᠰᠠᠯᠠᠭ᠎ᠠ ᠮᠥᠴᠢᠷ ᠢᠨᠲ᠋ᠧᠷ ᠰᠦᠯᠵᠢᠶ᠎ᠡ ᠪᠠ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠴᠢᠮᠡᠭᠡ ᠬᠤᠯᠪᠣᠭᠠᠨ ᠎ ᠤ ᠠᠵᠢᠯ ᠲᠥᠷᠥᠯ ᠤᠨ ᠡᠵᠡᠩᠨᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠲᠠᠪᠴᠠᠩ ᠪᠠ ᠢᠨᠲ᠋ᠧᠷ ᠰᠦᠯᠵᠢᠶᠡᠨ ᠤ ᠬᠥᠳᠥᠯᠦᠯ ᠪᠠᠶᠢᠳᠠᠯ ᠤᠨ ᠵᠠᠳᠠᠯᠤᠯᠲᠠ ᠶᠢᠨ ᠰᠢᠰᠲ᠋ᠧᠮ ᠢ ᠪᠦᠷᠢᠨ ᠠᠰᠢᠭᠯᠠᠵᠤ ᠢᠨᠲ᠋ᠧᠷ ᠰᠦᠯᠵᠢᠶ᠎ᠡ ᠪᠠ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠳᠥᠷᠪᠡ ᠳᠤ ᠴᠢᠮᠡᠭᠡ ᠬᠤᠯᠪᠣᠭᠠᠨ ᠤ ᠰᠦᠯᠵᠢᠶ᠎ᠡ ᠪᠠ ᠷᠠᠳᠢᠣ᠋ ᠲᠧᠯᠸᠢᠰ ᠰᠦᠯᠵᠢᠶ᠎ᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠴᠢᠮᠡᠭᠡ ᠬᠤᠯᠪᠣᠭᠠᠨ ᠤ ᠭᠡᠷᠡᠯᠯᠢᠭ ᠰᠢᠷᠬᠡᠭ ᠤᠨ ᠳᠡᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠨ᠎ᠡ᠃ ᠥᠪᠥᠷ ᠮᠣᠩᠭᠤᠯ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠤᠪᠴᠢᠶ᠎ᠠ ᠰᠢᠨ᠎ᠡ ᠪᠠᠷ ᠪᠦᠲᠦᠭᠡᠨ ᠪᠠᠶᠢᠭᠤᠯᠤᠭᠰᠠᠨ ᠣᠷᠣᠨ ᠰᠠᠭᠤᠴᠠ ᠶᠢᠨ ᠲᠤᠭᠤᠷᠢᠭ ᠪᠠ ᠣᠷᠣᠨ ᠰᠠᠭᠤᠴᠠ ᠭᠡᠷᠡᠯᠯᠢᠭ ᠰᠢᠷᠬᠡᠭ ᠢ ᠣᠷᠣᠭᠤᠯᠬᠤ ᠤᠯᠤᠰ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠵᠤ᠂ ︽ᠭᠡᠷᠡᠯᠯᠢᠭ ᠰᠢᠷᠬᠡᠭ ᠤᠨ ᠰᠦᠯᠵᠢᠶ᠎ᠡ ᠶᠢ ᠪᠦᠬᠦ ᠬᠤᠲᠠ︾᠎ ᠳᠤ ᠨᠡᠪᠲᠡᠷᠡᠭᠦᠯᠵᠦ᠂ ᠭᠡᠷᠡᠯᠯᠢᠭ ᠰᠢᠷᠬᠡᠭ ᠢ ᠭᠠᠴᠠᠭ᠎ᠠ ᠲᠣᠰᠬᠤᠨ ᠳᠤ ᠠᠭᠠᠵᠢᠮ ᠢᠶᠠᠷ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠬᠥᠬᠡᠬᠤᠲᠠ᠂ ᠣᠷᠳᠣᠰ ᠬᠤᠲᠠ ᠶᠢᠨ ︽ᠥᠷᠭᠡᠨ ᠪᠦᠰᠡᠲᠦ ᠳᠤᠮᠳᠠᠳᠤ ᠤᠯᠤᠰ︾᠎ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠶᠢ ᠳᠡᠯᠭᠡᠷᠡᠭᠦᠯᠵᠦ᠂ ᠪᠤᠰᠤᠳ ᠠᠶᠢᠮᠠᠭ ᠬᠤᠳᠠ ᠶᠢᠨ ︽ᠥᠷᠭᠡᠨ ᠪᠦᠰᠡᠲᠦ ᠳᠤᠮᠳᠠᠳᠤ ᠤᠯᠤᠰ︾᠎ ᠤᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠬᠠᠷᠠᠯᠲᠠ ᠲᠣᠭᠲᠠᠭᠠᠨ ᠢᠳᠡᠪᠬᠢᠲᠡᠢ ᠮᠡᠳᠡᠭᠦᠯᠬᠦ ᠶᠢ ᠴᠦ ᠳᠡᠮᠵᠢᠨ᠎ᠠ᠃ ᠲᠠᠪᠤ ᠳᠤ ᠭᠤᠷᠪᠠᠨ ᠰᠦᠯᠵᠢᠶ᠎ᠡ ᠶᠢᠨ ᠠᠭᠤᠰᠤᠯᠴᠠᠯ ᠤᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ ᠤᠨ ᠭᠤᠷᠪᠠᠨ ᠰᠦᠯᠵᠢᠶ᠎ᠡ ᠶᠢᠨ ᠠᠭᠤᠰᠤᠯᠴᠠᠯ ᠤᠨ ᠠᠰᠢᠭᠲᠠᠶ ᠨᠥᠬᠦᠴᠡᠯ ᠢ ᠭᠦᠢᠴᠡᠳ ᠠᠰᠢᠭᠯᠠᠬᠤ ᠶᠢ ᠵᠣᠷᠢᠭᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠪᠡᠷᠢ ᠪᠠᠶᠢᠳᠠᠯ ᠪᠠ ᠳᠡᠯᠭᠡᠷᠡᠭᠦᠯᠬᠦ ᠵᠠᠭᠪᠤᠷ ᠤᠨ ᠰᠢᠨ᠎ᠡ ᠶᠢ ᠡᠭᠦᠳᠴᠦ᠂ IPTV᠂ ᠭᠠᠷ ᠤᠲᠠᠰᠤᠨ ᠤ ᠲᠧᠯᠸᠢᠰ᠂ ᠤᠲᠠᠰᠤᠲᠤ ᠲᠧᠯᠸᠢᠰ ᠤᠨ ᠰᠦᠯᠵᠢᠶᠡᠨ ᠤ ᠥᠷᠭᠡᠨ ᠪᠦᠰᠡ ᠶᠢᠨ ᠦᠢᠯᠡᠴᠢᠯᠡᠭᠡ ᠵᠢᠴᠢ ᠪᠤᠰᠤᠳ ᠠᠭᠤᠰᠤᠯᠴᠠᠯ ᠤᠨ ᠴᠢᠨᠠᠷᠲᠠᠢ ᠲᠤᠬᠠᠶᠢᠯᠠᠭᠰᠠᠨ ᠠᠵᠢᠯ ᠢ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ᠂ ᠲᠣᠣᠷ ᠰᠦᠯᠵᠢᠶᠡᠨ ᠤ ᠪᠡᠯᠡᠳᠬᠡᠮᠵᠢ᠂ ᠰᠢᠯᠵᠢᠮᠡᠯ ᠦᠵᠦᠭᠦᠷ᠂ ᠵᠥᠭᠡᠯᠡᠨ ᠲᠤᠨᠤᠭ ᠪᠣᠯᠤᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠭᠤᠷᠪᠠᠨ ᠰᠦᠯᠵᠢᠶ᠎ᠡ ᠶᠢᠨ ᠠᠭᠤᠰᠤᠯᠴᠠᠯ ᠤᠨ ᠲᠤᠬᠠᠶᠢᠯᠠᠭᠰᠠᠨ ᠠᠵᠢᠯ ᠢ ᠳᠡᠯᠭᠡᠷᠡᠭᠦᠯᠦᠨ ᠬᠡᠷᠡᠭᠯᠡᠬᠦ ᠲᠣᠭᠤᠷᠢᠨ ᠳᠤ᠂ ︵ICT︶ ᠮᠡᠳᠡᠭᠡ ᠵᠠᠩᠭᠢ ᠶᠢᠨ ᠴᠢᠮᠡᠭᠡ ᠬᠤᠯᠪᠣᠭᠠᠨ ᠤ ᠮᠡᠷᠭᠡᠵᠢᠯ ᠤᠨ ᠠᠵᠤ ᠠᠬᠤᠶᠢᠯᠠᠯ ᠪᠣᠯᠤᠨ ᠰᠣᠶᠣᠯ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠦᠷᠭᠡᠳᠬᠡᠵᠦ᠂ ᠲᠣᠭᠠᠴᠢᠯᠠᠭᠰᠠᠨ ᠬᠡᠪᠯᠡᠯ᠂ ᠬᠠᠷᠢᠯᠴᠠᠨ ᠦᠢᠯᠡᠳᠦᠯᠴᠡᠬᠦ ᠰᠢᠨ᠎ᠡ ᠵᠠᠭᠤᠴᠢᠯᠠᠭᠤᠷ᠂ ᠰᠢᠯᠵᠢᠮᠡᠯ ᠤᠯᠠᠨ ᠵᠦᠢᠯ ᠤᠨ ᠵᠠᠭᠤᠴᠢᠯᠠᠭᠤᠷ᠂ ᠺᠠᠷᠲ᠋ᠣᠨ ᠱᠤᠭ ᠵᠢᠷᠤᠭ ᠤᠨ ᠲᠣᠭᠯᠠᠭᠠᠮ ᠵᠡᠷᠭᠡ ᠰᠢᠨ᠎ᠡ ᠪᠠᠷ ᠪᠤᠢ ᠪᠣᠯᠤᠭᠰᠠᠨ ᠰᠣᠶᠣᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号