ᠥᠪᠥᠷ ᠵᠠᠰᠠᠭ ᠠᠯᠪᠠᠨ ᠲᠠᠷᠬᠠᠭᠠᠭᠰᠠᠨ ﹇2016﹈ 2 ᠳ᠋ᠤᠭᠠᠷ ᠲᠤᠭᠠᠳᠤ | 1 ᠳ᠋ᠤᠭᠡᠷ ᠰᠡᠷ᠎ᠠ ᠶᠢᠨ 7 ᠤ ᠡᠳᠣᠷ | | ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢ ᠳᠦᠷᠭᠡᠳᠭᠡᠬᠦ ᠲᠣᠬᠠᠢ | ᠳᠦᠷᠦ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠥᠭᠤᠳᠬᠤ ᠰᠠᠨᠠᠯ︾ ︵ᠳᠦᠷᠦ ᠠᠯᠪᠡᠨ | ᠲᠠᠷᠬᠠᠭᠠᠠᠠᠰᠠᠨ ﹇2015﹈ 68 ᠳ᠋ᠤᠭᠠᠷ ᠲᠣᠭᠠᠳᠣ︶ ᠤᠨ ᠵᠤᠷᠢᠭ ᠰᠠᠨᠠᠭ᠎ᠠ ᠶᠢ ᠲᠣᠣᠱᠯᠠᠭᠤᠯᠥᠨ | ᠨᠡᠶᠢᠳᠡᠪᠦᠷᠢᠵᠢᠭᠤᠯᠵᠦ᠂ ᠮᠠᠨ ᠤ ᠣᠷᠣᠨ ᠤ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠢ ᠳᠦᠷᠭᠡᠳᠭᠡᠨ | ᠬᠦᠭᠵᠢᠬᠦᠯᠬᠦ ᠶᠢ ᠠᠬᠢᠭᠤᠯᠥᠨ᠂ ᠪᠤᠳᠡᠳᠣ ᠴᠣᠠᠠᠴᠠ ᠶᠢᠨ ᠠᠵᠦ ᠠᠬᠤᠢ ᠶᠢᠨ ᠬᠦᠭᠵᠢᠯᠳᠡ ᠳᠤ ᠦᠢᠯᠡᠴᠢᠯᠡᠬᠦ᠂ ᠠᠵᠦ | ᠠᠬᠤᠢ ᠶᠢᠨ ᠲᠣᠠᠠᠳᠠᠭᠤᠨ ᠨᠡᠮᠡᠭᠳᠡᠯ ᠪᠠ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠠᠬᠢᠭᠤᠯᠬᠤ ᠳᠠᠬᠢ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠶᠢᠨ ᠦᠢᠯᠡᠳᠣᠯ ᠢ ᠨᠡᠩ ᠰᠠᠶᠢᠨ ᠪᠠᠳᠡᠷᠡᠭᠤᠯᠬᠤ ᠶᠢᠨ ᠲᠣᠰᠠᠳᠡ᠂ | ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠦᠭᠡ ᠲᠣᠣᠷᠡᠬᠢ | ᠮᠡᠳᠣ ᠰᠠᠨᠠᠯ ᠢ ᠲᠣᠷᠡᠳᠪᠡ᠃ | ᠨᠢᠭᠡ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢ ᠳᠦᠷᠭᠡᠳᠭᠡᠬᠦ ᠶᠢᠨ | ᠴᠢᠬᠤᠯᠡ ᠠᠴᠢ ᠬᠤᠯᠪᠤᠠᠠᠳᠡᠯ ᠢ ᠬᠦᠢᠴᠡᠳ ᠳᠡᠨᠢᠬᠤ ᠭᠡᠷᠡᠭᠳᠡᠢ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠨᠢ ᠪᠡᠯᠡ ᠲᠣᠬᠢᠷᠡᠭᠤᠯᠬᠤ ᠪᠠ ᠡᠳ᠋ ᠪᠤᠳᠡᠰ ᠲᠣᠬᠢᠷᠡᠭᠤᠯᠬᠤ᠂ | ᠠᠷᠡᠯᠵᠢᠶ᠎ᠠ ᠪᠠ ᠮᠡᠷᠭᠡᠵᠢᠯ ᠤᠨ ᠦᠢᠯᠡᠴᠢᠯᠡᠭᠡᠨ ᠢ ᠨᠢᠭᠡ ᠴᠣᠠᠠᠴᠠᠵᠢᠭᠤᠯᠥᠠᠠᠰᠠᠨ ᠣᠳᠣ ᠦᠶ᠎ᠠ ᠶᠢᠨ ᠠᠷᠡᠯᠵᠢᠶᠡᠨ ᠤ | ᠠᠷᠭ᠎ᠠ ᠮᠠᠶ᠋ᠢᠭ ᠪᠤᠯᠥᠨ᠎ᠠ᠂ ᠳᠡᠷᠡ ᠨᠢ ᠪᠤᠳᠡᠳᠣ ᠴᠣᠠᠠᠴᠠ ᠶᠢᠨ ᠠᠵᠦ ᠠᠬᠤᠢ ᠳᠤ ᠰᠢᠭᠤᠳ ᠦᠢᠯᠡᠴᠢᠯᠡᠵᠦ᠂ ᠪᠤᠳᠡᠳᠣ | ᠴᠣᠠᠠᠴᠠ ᠶᠢᠨ ᠠᠵᠦ ᠠᠬᠤᠢ ᠯᠤᠭ᠎ᠠ ᠬᠠᠮᠤᠭ ᠠᠴᠠ ᠨᠢᠠᠠᠳᠡ ᠬᠤᠯᠪᠤᠯᠳᠣᠠᠠᠰᠠᠨ ᠪᠡᠯᠡ ᠲᠣᠬᠢᠷᠡᠭᠤᠯᠬᠤ ᠠᠷᠭ᠎ᠠ ᠪᠠᠷᠢᠯ | ᠪᠤᠯᠥᠨ᠎ᠠ᠂ ᠠᠵᠦ ᠦᠢᠯᠡᠰ ᠤᠨ ᠰᠢᠨ᠎ᠠ ᠶᠢ ᠡᠬᠦᠳᠴᠥ ᠳᠡᠰ ᠳᠡᠪᠰᠢᠬᠦ ᠶᠢ ᠠᠬᠢᠭᠤᠯᠬᠤ᠂ ᠲᠣᠮᠳᠡ ᠵᠢᠵᠢᠭ ᠪᠢᠴᠢᠯ | ᠠᠵᠦ ᠠᠬᠤᠶᠢᠯᠠᠯ ᠤᠨ ᠪᠡᠯᠡ ᠲᠣᠬᠢᠷᠡᠭᠤᠯᠬᠤ ᠵᠠᠮ ᠮᠦᠷ ᠢ ᠦᠷᠭᠡᠳᠭᠡᠬᠦ᠂ ᠰᠢᠨ᠎ᠠ ᠪᠠᠷ ᠪᠤᠢ ᠪᠤᠯᠥᠠᠠᠰᠠᠨ ᠠᠵᠦ | ᠦᠢᠯᠡᠰ ᠤᠨ ᠬᠦᠭᠵᠢᠯᠳᠡ ᠶᠢ ᠳᠡᠶᠢᠴᠢᠯᠬᠠᠥ ᠪᠠ ᠠᠵᠦ ᠠᠬᠤᠢ ᠶᠢᠨ ᠪᠦᠳᠦᠴᠡ ᠶᠢ ᠲᠣᠬᠢᠷᠡᠭᠤᠯᠬᠤ ᠶᠢ ᠠᠬᠢᠭᠤᠯᠬᠤ | ᠵᠡᠷᠭᠡ ᠳᠡᠯ᠎ᠠ ᠪᠠᠷ ᠴᠢᠬᠤᠯᠡ ᠦᠢᠯᠡᠳᠣᠯ ᠲᠠᠢ ᠪᠠᠶᠢᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠨᠢ | ᠨᠢᠭᠡᠨᠳᠡ ᠮᠠᠨ ᠤ ᠣᠯᠥᠰ ᠤᠨ ᠣᠳᠣ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠰᠢᠨ᠎ᠠ ᠪᠠᠷ ᠪᠤᠢ ᠪᠤᠯᠥᠠᠠᠰᠠᠨ | ᠬᠦᠷᠢᠶ᠎ᠠ ᠴᠡᠷᠠᠭ᠎ᠠ ᠪᠤᠯᠥᠨ ᠴᠢᠬᠤᠯᠡ ᠪᠦᠷᠢᠯᠳᠦᠬᠦᠨ ᠭᠡᠰᠡᠭ ᠪᠤᠯᠥᠠᠠᠰᠠᠨ ᠪᠠᠶᠢᠨ᠎ᠠ᠃ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠦᠢᠯᠡᠰ ᠢ ᠳᠦᠷᠭᠡᠳᠭᠡᠨ ᠬᠦᠭᠵᠢᠬᠦᠯᠵᠦ᠂ ᠳᠡᠬᠦᠨ ᠤ ᠦᠪᠡᠷᠮᠢᠴᠡ ᠴᠢᠳᠡᠪᠬᠢ ᠪᠠ ᠳᠡᠪᠡᠭᠤᠯᠢᠭ ᠢ | ᠪᠡᠳᠡᠷᠡᠭᠤᠯᠬᠤ ᠨᠢ᠂ ᠮᠠᠨ ᠤ ᠣᠷᠣᠨ ᠤ ᠬᠠᠮᠢᠶ᠎ᠠ ᠪᠦᠬᠦᠢ ᠠᠵᠢᠯ ᠳᠦᠷᠦᠯ ᠤᠨ ᠪᠡᠯᠡ ᠣᠷᠣᠭᠤᠯᠥᠯᠳᠡ᠂ | ᠦᠢᠯᠡᠳᠪᠦᠷᠢᠯᠡᠯ ᠪᠠ ᠭᠡᠷᠡᠭᠯᠡᠭᠡ ᠶᠢ ᠪᠦᠳᠦᠮᠵᠢᠳᠡᠢ ᠦᠷᠭᠡᠳᠭᠡᠵᠦ᠂ ᠠᠷᠡᠳ ᠤᠨ ᠲᠤᠮᠳᠠᠬᠢ ᠬᠦᠷᠦᠩᠭᠡ ᠶᠢᠨ ᠪᠤᠳᠡᠳᠣ | ᠴᠣᠠᠠᠴᠠ ᠶᠢᠨ ᠠᠵᠦ ᠠᠬᠤᠢ ᠳᠤ ᠦᠢᠯᠡᠴᠢᠯᠡᠬᠦ ᠶᠢ ᠳᠡᠶᠢᠴᠢᠯᠡᠨ᠂ ᠠᠵᠦ ᠠᠬᠤᠶᠢᠯᠠᠯ ᠢ ᠬᠠᠪᠰᠣᠷᠣᠨ ᠤᠯᠠᠨ | ᠤᠯᠤᠰ ᠲᠠᠬᠢ ᠵᠠᠬ᠎ᠠ ᠳᠡᠯᠭᠡᠬᠦᠷ ᠢ ᠦᠷᠭᠡᠳᠭᠡᠵᠦ᠂ ᠣᠳᠣ ᠦᠶ᠎ᠠ ᠶᠢᠨ ᠦᠢᠯᠡᠴᠢᠯᠡᠭᠡᠨ ᠤ ᠬᠦᠭᠵᠢᠯᠳᠡ ᠶᠢ | ᠳᠡᠶᠢᠴᠢᠯᠡᠵᠦ᠂ ᠲᠣᠮᠳᠡ ᠵᠢᠵᠢᠭ ᠪᠢᠴᠢᠯ ᠠᠵᠦ ᠠᠬᠤᠶᠢᠯᠠᠯ ᠤᠨ ᠪᠡᠯᠡ ᠲᠣᠬᠢᠷᠡᠭᠤᠯᠬᠤ ᠶᠢ ᠳᠡᠮᠵᠢᠵᠦ᠂ ᠵᠢᠴᠢ | ᠲᠣᠨᠣᠠᠠᠯᠠᠯ ᠦᠢᠯᠡᠳᠬᠦ ᠦᠢᠯᠡᠰ ᠤᠨ ᠬᠦᠭᠵᠢᠯᠳᠡ ᠪᠠ ᠠᠵᠦ ᠠᠬᠤᠶᠢᠯᠠᠯ ᠤᠨ ᠮᠡᠷᠭᠡᠵᠢᠯ ᠤᠨ ᠳᠡᠰ ᠳᠡᠪᠰᠢᠬᠦᠯᠥᠨ | ᠦᠭᠡᠷᠡᠴᠢᠯᠡᠬᠦ ᠶᠢ ᠠᠬᠢᠭᠤᠯᠬᠤ ᠵᠡᠷᠭᠡ ᠳᠤ ᠲᠦᠢᠯ ᠤᠨ ᠴᠢᠬᠤᠯᠡ ᠠᠴᠢ ᠬᠤᠯᠪᠤᠠᠠᠳᠡᠯ ᠲᠠᠢ ᠶᠣᠮ᠃ ᠡᠯ᠎ᠠ ᠭᠠᠵᠡᠷ | ᠣᠷᠣᠨ᠂ ᠡᠯ᠎ᠠ ᠰᠠᠯᠠᠭ᠎ᠠ ᠮᠦᠴᠢᠷ ᠤᠳ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠢ ᠳᠦᠷᠭᠡᠳᠭᠡᠨ | ᠬᠦᠭᠵᠢᠬᠦᠯᠬᠦ ᠶᠢᠨ ᠴᠢᠬᠤᠯᠡ ᠴᠢᠨᠡᠷ ᠢ ᠬᠦᠢᠴᠡᠳ ᠳᠡᠨᠢᠵᠦ᠂ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ | ᠴᠢᠩᠭᠠᠳᠬᠠᠨ᠂ ᠠᠵᠢᠯ ᠤᠨ ᠲᠣᠠᠠᠳᠡᠴᠠ ᠪᠠᠨ ᠪᠦᠷᠢᠨᠰᠢᠬᠦᠯᠵᠦ᠂ ᠪᠦᠳᠦᠮᠵᠢᠳᠡᠢ ᠠᠷᠭ᠎ᠠ ᠭᠡᠮᠵᠢᠶ᠎ᠠ ᠲᠣᠠᠠᠳᠠᠭᠠᠨ᠂ | ᠵᠤᠬᠢᠴᠠᠭᠤᠯᠥᠨ ᠬᠤᠯᠪᠤᠭᠠᠯᠠᠨ ᠬᠦᠳᠡᠯᠦᠯᠴᠡᠬᠦ ᠶᠢ ᠴᠢᠩᠭᠠᠷᠡᠭᠤᠯᠵᠦ᠂ ᠮᠠᠨ ᠤ ᠣᠷᠣᠨ ᠤ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠦᠢᠯᠡᠰ ᠤᠨ ᠳᠦᠷᠭᠡᠨ ᠬᠦᠭᠵᠢᠯᠳᠡ ᠶᠢ ᠠᠬᠢᠭᠤᠯᠬᠤ ᠭᠡᠷᠡᠭᠳᠡᠢ᠃ | ᠬᠤᠶᠡᠷ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢ ᠳᠦᠷᠭᠡᠳᠭᠡᠬᠦ ᠶᠢᠨ | ᠭᠤᠤᠯᠳᠡᠯᠭ᠎ᠠ ᠲᠠᠢ ᠡᠬᠦᠷᠭᠡ ᠶᠢ ᠲᠣᠳᠣᠷᠬᠠᠶᠢᠯᠬᠠᠥ ᠭᠡᠷᠡᠭᠳᠡᠢ | ︵ᠨᠢᠭᠡ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠵᠠᠬ᠎ᠠ ᠳᠡᠯᠭᠡᠬᠦᠷ ᠤᠨ ᠭᠤᠤᠯ ᠴᠣᠠᠠᠴᠠ ᠶᠢ | ᠪᠤᠶᠢᠵᠢᠭᠤᠯᠥᠨ᠎ᠠ᠃ ᠬᠢᠯᠢ ᠶᠢᠨ ᠳᠣᠳᠣᠷ᠎ᠠ ᠭᠠᠳᠠᠨᠠᠬᠢ ᠡᠯ᠎ᠠ ᠳᠦᠷᠦᠯ ᠤᠨ ᠪᠡᠯᠡ ᠣᠷᠣᠭᠤᠯᠬᠤ ᠬᠤᠳᠠᠯᠳᠣᠭᠠᠴᠢᠨ ᠢ | ᠳᠡᠳᠡᠵᠦ ᠮᠠᠨ ᠤ ᠣᠷᠣᠨ ᠳᠤ ᠢᠷᠡᠬᠦᠯᠥᠨ ᠭᠠᠳᠠᠭᠠᠳᠣ ᠶᠢᠨ ᠬᠤᠳᠠᠯᠳᠣᠭᠠᠴᠢᠨ ᠤ ᠪᠡᠯᠡ ᠣᠷᠣᠭᠤᠯᠥᠨ ᠪᠡᠯᠡ | ᠲᠣᠬᠢᠷᠡᠭᠤᠯᠵᠦ ᠳᠦᠷᠢᠶᠡᠰᠦᠯᠡᠬᠦ ᠺᠤᠮᠫᠠᠨᠢ ᠪᠠᠶᠢᠭᠤᠯᠬᠤ᠂ ᠳᠣᠳᠣᠭᠠᠳᠣ ᠠᠷᠡᠯᠵᠢᠶ᠎ᠡ ᠶᠢᠨ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠺᠤᠮᠫᠠᠨᠢ ᠶᠢᠨ ᠲᠣᠷᠰᠢᠯᠳᠡ ᠬᠢᠬᠦ ᠶᠢ ᠵᠣᠷᠢᠠᠠᠵᠢᠭᠤᠯᠥᠨ᠎ᠠ᠃ ᠪᠡᠶ᠎ᠠ ᠪᠠᠨ ᠳᠠᠭᠠᠭᠠᠠᠠᠰᠠᠨ ᠭᠤᠷᠪᠠᠳᠡᠬᠢ | ᠡᠳᠡᠭᠡᠳ ᠤᠨ ᠦᠢᠯᠡᠴᠢᠯᠡᠭᠡᠨ ᠤ ᠪᠠᠶᠢᠭᠤᠯᠥᠮᠵᠢ ᠶᠢᠨ ᠪᠡᠯᠡ ᠣᠷᠣᠭᠤᠯᠵᠦ ᠪᠠᠶᠢᠭᠠᠳ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠺᠤᠮᠫᠠᠨᠢ ᠪᠠᠶᠢᠭᠤᠯᠬᠤ ᠶᠢ ᠳᠡᠮᠵᠢᠨ᠎ᠠ᠃ ᠡᠯ᠎ᠠ ᠳᠦᠷᠦᠯ ᠤᠨ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠺᠤᠮᠫᠠᠨᠢ ᠶᠢᠨ ᠣᠷᠣᠨ ᠤ ᠲᠣᠳᠣᠷ᠎ᠠ ᠰᠠᠯᠪᠤᠷᠢ ᠪᠠᠶᠢᠭᠤᠯᠥᠮᠵᠢ᠂ ᠲᠣᠰᠬᠠᠢ ᠬᠤᠪᠢᠶᠡᠷᠢ ᠺᠤᠮᠫᠠᠨᠢ ᠪᠠ | ᠣᠨᠴᠠ ᠳᠦᠷᠦᠯ ᠵᠦᠢᠯ ᠤᠨ ᠺᠤᠮᠫᠠᠨᠢ ︵spv︶ ᠪᠠᠶᠢᠭᠤᠯᠬᠤ ᠶᠢ ᠳᠡᠮᠵᠢᠨ᠎ᠠ᠃ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠨᠢᠷᠦᠭᠤᠪᠴᠢ ᠺᠤᠮᠫᠠᠨᠢ ᠶᠢᠨ ᠭᠤᠤᠯᠯᠬᠠᠥ ᠦᠷᠢᠰᠦᠯᠳᠦᠬᠦ ᠬᠦᠴᠣᠨ ᠢᠶᠠᠨ ᠳᠡᠭᠡᠭᠰᠢᠯᠡᠬᠦᠯᠬᠦ ᠶᠢ | ᠳᠡᠮᠵᠢᠵᠦ᠂ ᠮᠠᠨ ᠤ ᠣᠷᠣᠨ ᠳᠤ ᠨᠢᠭᠡᠨᠳᠡ ᠨᠣᠳᠣᠠᠠᠰᠢᠠᠠᠰᠠᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ | ᠳᠤ᠂ ᠲᠡᠳᠡᠨ ᠤ ᠭᠡᠪᠴᠢᠶ᠎ᠠ ᠪᠠᠨ ᠦᠷᠭᠡᠳᠭᠡᠨ᠂ ᠲᠣᠬᠠᠶᠢᠯᠬᠠᠰᠠᠨ ᠠᠵᠢᠯ ᠢᠶᠠᠨ ᠦᠷᠭᠡᠳᠭᠡᠨ ᠬᠦᠭᠵᠢᠬᠦᠯᠵᠦ᠂ | ᠪᠤᠵᠠᠭᠠᠶᠢᠷᠡᠭᠤᠯᠥᠨ ᠬᠦᠴᠦᠷᠭᠡᠭᠵᠢᠬᠦ ᠶᠢ ᠳᠡᠮᠵᠢᠨ᠎ᠠ᠃ ᠣᠷᠣᠨ ᠤ ᠲᠣᠳᠣᠷᠡᠬᠢ ᠳᠡᠷᠭᠡ ᠬᠦᠰᠭᠡ ᠦᠢᠯᠡᠳᠬᠦ᠂ | ᠪᠡᠷᠢᠯᠭ᠎ᠠ ᠶᠢᠨ ᠮᠠᠰᠢᠨ ᠮᠧᠬᠠᠨᠢᠭ᠂ ᠨᠡᠬᠦᠷᠡᠰᠥᠨ ᠠᠭᠤᠷᠬᠠᠢ ᠶᠢᠨ ᠮᠠᠰᠢᠨ ᠮᠧᠬᠠᠨᠢᠭ᠂ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠳᠦᠬᠦᠭᠡᠷᠦᠮᠵᠢ᠂ ᠰᠢᠨ᠎ᠠ ᠡᠨᠧᠷᠬᠢ ᠶᠢᠨ ᠲᠣᠨᠣᠠᠠᠯᠠᠯ ᠵᠡᠷᠭᠡ ᠳᠡᠪᠡᠭᠤᠯᠢᠭ ᠠᠵᠦ ᠦᠢᠯᠡᠰ ᠤᠨ | ᠤᠷᠴᠢᠨ ᠪᠠᠶᠢᠳᠡᠯ ᠲᠠᠢ ᠲᠣᠮᠥ ᠭᠡᠯᠪᠡᠷᠢ ᠶᠢᠨ ᠠᠵᠦ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠪᠠᠶᠢᠭᠤᠯᠬᠤ ᠶᠢ ᠵᠤᠷᠢᠠᠠᠵᠢᠭᠤᠯᠵᠦ᠂ ᠦᠢᠯᠡᠳᠪᠦᠷᠢ ᠶᠢᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠶᠢ ᠬᠦᠭᠵᠢᠬᠦᠯᠦᠨ᠎ᠠ᠃ ᠠᠵᠦ ᠦᠢᠯᠡᠳᠪᠦᠷᠢ ᠶᠢᠨ ᠦᠢᠯᠡᠳᠬᠦ᠂ ᠲᠣᠮᠥ ᠭᠡᠯᠪᠡᠷᠢ ᠶᠢᠨ ᠪᠠᠷᠢᠯᠭ᠎ᠠ᠂ ᠰᠠᠭᠤᠷᠢ | ᠪᠦᠳᠦᠭᠡᠨ ᠪᠠᠶᠢᠭᠤᠯᠥᠯᠳᠡ ᠵᠡᠷᠭᠡ ᠠᠵᠦ ᠦᠢᠯᠡᠰ ᠤᠨ ᠤᠷᠴᠢᠨ ᠪᠠᠶᠢᠳᠡᠯ ᠲᠠᠢ ᠲᠣᠮᠥ ᠭᠡᠯᠪᠡᠷᠢ ᠶᠢᠨ ᠠᠵᠦ ᠠᠬᠤᠶᠢᠯᠠᠯ | ᠪᠠ ᠦᠢᠯᠡᠴᠢᠯᠡᠭᠡᠨ ᠤ ᠡᠵᠡᠩᠨᠡᠯᠳᠡ ᠶᠢᠨ ᠬᠤᠳᠠᠯᠳᠤᠭᠠᠴᠢᠨ᠂ ᠡᠯ᠎ᠠ ᠳᠦᠷᠦᠯ ᠤᠨ ᠪᠡᠯᠡ ᠣᠷᠣᠭᠤᠯᠥᠯᠳᠡ ᠶᠢᠨ | ᠪᠠᠶᠢᠭᠤᠯᠥᠮᠵᠢ ᠵᠡᠷᠭᠡ ᠦᠢᠯᠡᠳᠪᠦᠷᠢ ᠶᠢᠨ ᠪᠤᠰᠣ ᠪᠠᠶᠢᠭᠤᠯᠥᠮᠵᠢ ᠶᠢᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠠᠵᠢᠯ ᠳᠦᠷᠦᠯ ᠳᠤ ᠣᠷᠣᠬᠤ ᠶᠢ ᠳᠡᠮᠵᠢᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠬᠠᠮᠢᠶ᠎ᠠ ᠪᠦᠬᠦᠢ | ᠵᠠᠭᠤᠴᠢ ᠦᠢᠯᠡᠴᠢᠯᠡᠭᠡᠨ ᠤ ᠪᠠᠶᠢᠭᠤᠯᠥᠮᠵᠢ ᠪᠠᠶᠢᠭᠤᠯᠬᠤ ᠶᠢ ᠲᠠᠮᠵᠢᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠦᠢᠯᠡᠰ ᠤᠨ ᠲᠣᠬᠠᠶᠢᠯᠬᠠᠰᠠᠨ ᠠᠵᠢᠯ ᠳᠤ ᠲᠤᠰᠬᠠᠢ ᠯᠠᠪᠯᠠᠯᠭ᠎ᠠ᠂ ᠮᠡᠷᠭᠡᠵᠢᠯ ᠤᠨ ᠦᠢᠯᠡᠴᠢᠯᠡᠭᠡ᠂ ᠦᠨᠡᠯᠡᠨ ᠵᠢᠱᠢᠵᠦ | ᠬᠢᠨᠡᠨ ᠲᠣᠠᠠᠳᠠᠭᠠᠬᠤ᠂ ᠡᠳ᠋ ᠬᠦᠷᠦᠩᠭᠡ ᠬᠠᠮᠢᠶᠡᠷᠬᠤ᠂ ᠡᠳ᠋ ᠬᠦᠷᠦᠩᠭᠡ ᠰᠢᠢᠳᠪᠦᠷᠢᠯᠡᠨ ᠲᠤᠬᠢᠷᠡᠭᠤᠯᠬᠤ ᠵᠡᠷᠭᠡ | ᠳᠦᠬᠦᠷᠵᠢᠭᠰᠡᠨ ᠦᠢᠯᠡᠴᠢᠯᠡᠭᠡᠨ ᠬᠠᠩᠭᠠᠨ᠎ᠠ᠃ ᠪᠤᠭᠤᠮᠳᠡ ᠶᠢᠨ ᠣᠨᠴᠤᠭᠤᠢ ᠬᠢᠨᠡᠨ ᠬᠠᠮᠢᠶᠠᠷᠬᠤ ᠣᠷᠣᠨ ᠪᠦᠰᠡ ᠳᠤ | ᠡᠯ᠎ᠠ ᠳᠦᠷᠦᠯ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠪᠠᠶᠢᠭᠤᠯᠥᠮᠵᠢ ᠶᠢᠨ ᠳᠦᠪᠯᠡᠷᠡᠨ ᠬᠦᠭᠵᠢᠬᠦ ᠶᠢ | ᠬᠦᠳᠦᠯᠥᠨ ᠵᠢᠯᠥᠭᠤᠳᠣᠨ᠎ᠠ᠃ | ︵ᠬᠤᠶᠡᠷ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠡᠵᠡᠩᠨᠠᠯᠳᠡ ᠶᠢᠨ ᠪᠠᠶᠢᠳᠡᠯ ᠲᠠᠢ ᠬᠦᠭᠵᠢᠯᠳᠡ ᠶᠢᠨ | ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠶᠢ ᠲᠣᠳᠣᠷᠬᠠᠶᠢᠯᠠᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠶᠢᠨ ᠠᠭᠠᠷ ᠤᠨ ᠳᠡᠭᠡᠭᠡᠪᠦᠷᠢ᠂ ᠮᠠᠰᠢᠨ ᠳᠡᠷᠭᠡᠨ ᠤ ᠳᠡᠭᠡᠭᠡᠪᠦᠷᠢ ᠵᠡᠷᠭᠡ ᠵᠠᠮ ᠬᠠᠷᠢᠯᠴᠠᠭ᠎ᠠ ᠶᠢᠨ | ᠳᠡᠭᠡᠭᠡᠪᠦᠷᠢ ᠶᠢᠨ ᠦᠢᠯᠡᠰ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠴᠢᠯᠡᠭᠡᠨ ᠬᠦᠭᠵᠢᠬᠦᠯᠬᠦ ᠶᠢ | ᠵᠤᠷᠢᠠᠠᠵᠢᠭᠤᠯᠵᠦ᠂ ᠪᠤᠭᠤᠮᠳᠡ ᠶᠢᠨ ᠬᠢᠨᠡᠨ ᠬᠠᠮᠢᠶᠠᠷᠬᠤ ᠲᠤᠭᠤᠷᠢᠭ ᠲᠤ ᠨᠢᠰᠭᠡᠯ ᠤᠨ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠦᠢᠯᠡᠴᠢᠯᠡᠭᠡᠨ ᠤ ᠠᠵᠢᠯ ᠢ ᠰᠦᠪᠡᠭᠴᠢᠯᠡᠨ᠂ ᠨᠡᠶᠢᠳᠡ ᠶᠢᠨ ᠮᠠᠰᠢᠨ ᠳᠡᠷᠭᠡ᠂ ᠳᠦᠷᠢᠶᠡᠰᠦᠨ ᠮᠠᠰᠢᠨ | ᠳᠡᠷᠭᠡ᠂ ᠠᠯᠪᠠᠨ ᠶᠠᠪᠤᠳᠡᠯ ᠳᠤ ᠭᠡᠷᠡᠭᠯᠡᠬᠦ ᠮᠠᠰᠢᠨ ᠳᠡᠷᠭᠡ ᠵᠡᠷᠭᠡ ᠬᠦᠷᠢᠶ᠎ᠠ ᠴᠡᠷᠠᠭ᠎ᠠ ᠳᠤ ᠰᠢᠨ᠎ᠠ ᠡᠨᠧᠷᠬᠢ ᠶᠢᠨ ᠮᠠᠰᠢᠨ | ᠳᠡᠷᠭᠡ ᠵᠢᠴᠢ ᠴᠠᠬᠢᠯᠭᠠᠨ ᠴᠠᠨᠡᠭᠯᠡᠬᠦ ᠳᠦᠬᠦᠷᠵᠢᠭᠰᠡᠨ ᠪᠡᠯᠡᠳᠭᠡᠮᠵᠢ ᠶᠢᠨ ᠲᠣᠬᠠᠶᠢᠯᠬᠠᠰᠠᠨ ᠠᠵᠢᠯ ᠢ ᠬᠦᠭᠵᠢᠬᠦᠯᠵᠦ᠂ | ᠣᠯᠠᠮᠵᠢᠯᠠᠯᠳᠣ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠬᠦᠷᠢᠶ᠎ᠠ ᠴᠡᠷᠠᠭ᠎ᠠ ᠳᠤ ᠪᠠᠷᠢᠯᠭ᠎ᠠ ᠶᠢᠨ ᠮᠠᠰᠢᠨ | ᠮᠧᠬᠠᠨᠢᠭ ᠤᠨ ᠲᠣᠬᠠᠶᠢᠯᠬᠠᠰᠠᠨ ᠠᠵᠢᠯ ᠢ ᠪᠤᠵᠠᠭᠠᠶᠢᠷᠡᠭᠤᠯᠥᠨ ᠬᠦᠴᠦᠷᠭᠡᠭᠵᠢᠬᠦᠯᠬᠦ ᠶᠢ ᠨᠢ ᠵᠤᠷᠢᠠᠠᠵᠢᠭᠤᠯᠥᠨ᠎ᠠ᠃ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠰᠢᠨ᠎ᠠ ᠨᠢᠭᠡ ᠦᠶ᠎ᠠ ᠶᠢᠨ ᠮᠡᠳᠡᠭᠡ ᠵᠠᠩᠬᠢ ᠶᠢᠨ ᠮᠡᠷᠭᠡᠵᠢᠯ᠂ | ᠳᠡᠭᠡᠳᠣ ᠳᠡᠰ ᠤᠨ ᠲᠣᠨᠣᠠᠠᠯᠠᠯ ᠦᠢᠯᠡᠳᠬᠦ᠂ ᠴᠡᠪᠡᠷ ᠡᠨᠧᠷᠬᠢ᠂ ᠡᠨᠧᠷᠬᠢ ᠠᠷᠪᠢᠯᠡᠨ ᠣᠷᠴᠢᠨ ᠲᠤᠭᠤᠷᠢᠨ ᠢ | ᠬᠠᠮᠠᠭᠠᠯᠬᠠᠥ ᠪᠠ ᠠᠮᠢᠳᠣ ᠪᠤᠳᠡᠰ ᠵᠡᠷᠭᠡ ᠪᠠᠶᠢᠯᠳᠣᠬᠤ ᠪᠤᠳᠣᠯᠭ᠎ᠠ ᠶᠢᠨ ᠴᠢᠨᠡᠷᠳᠡᠢ ᠰᠢᠨ᠎ᠠ ᠪᠠᠷ ᠪᠤᠢ ᠪᠤᠯᠥᠠᠠᠰᠠᠨ ᠠᠵᠦ | ᠦᠢᠯᠡᠰ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠴᠢᠯᠡᠭᠡᠨ ᠢ ᠦᠷᠭᠡᠳᠭᠡᠨ ᠬᠦᠭᠵᠢᠬᠦᠯᠬᠦ ᠶᠢ ᠨᠢ | ᠵᠤᠷᠢᠠᠠᠵᠢᠭᠤᠯᠥᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠬᠤᠳᠡ ᠬᠦᠳᠡᠭᠡ ᠶᠢᠨ | ᠨᠡᠶᠢᠳᠡ ᠶᠢᠨ ᠭᠡᠷᠡᠭᠯᠡᠭᠡᠨ ᠤ ᠠᠵᠢᠯ ᠦᠢᠯᠡᠰ᠂ ᠪᠤᠵᠡᠷ ᠣᠰᠣ ᠬᠤᠭ ᠨᠣᠪᠰᠢ ᠶᠢ ᠰᠢᠢᠳᠪᠦᠷᠢᠯᠡᠬᠦ᠂ ᠣᠷᠴᠢᠨ | ᠲᠤᠭᠤᠷᠢᠨ ᠢ ᠵᠠᠰᠬᠠᠥ᠂ ᠷᠡᠳᠢᠤ᠋ ᠨᠡᠪᠳᠡᠷᠡᠬᠦᠯᠭᠡ ᠴᠢᠮᠡᠭᠡ ᠬᠤᠯᠪᠤᠭ᠎ᠠ᠂ ᠳᠡᠷᠢᠶᠡᠨ ᠭᠠᠵᠡᠷ ᠤᠨ ᠣᠰᠣᠨ ᠠᠰᠢᠠᠠᠯᠠᠯᠳᠡ | ᠵᠡᠷᠭᠡ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠳᠤ ᠣᠷᠣᠯᠴᠬᠠᠥ ᠶᠢ ᠵᠤᠷᠢᠠᠠᠵᠢᠭᠤᠯᠥᠨ᠎ᠠ᠃ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠳᠡᠵᠢᠭᠡᠨ ᠦᠷᠡᠵᠢᠬᠦᠯᠬᠦ ᠲᠣᠮᠥ ᠡᠷᠦᠭᠡ᠂ ᠲᠠᠷᠢᠵᠦ ᠵᠠᠶᠢᠯᠠᠬᠤ | ᠲᠤᠮᠤ ᠡᠷᠦᠬᠡ᠂ ᠭᠡᠷ ᠪᠦᠯᠢ ᠶᠢᠨ ᠳᠡᠷᠢᠶᠡᠯᠡᠩ ᠮᠠᠯᠵᠢᠯ ᠤᠨ ᠳᠡᠯᠡᠪᠡᠢ᠂ ᠳᠡᠷᠢᠶᠡᠯᠡᠩ ᠤᠨ ᠬᠤᠷᠰᠢᠶ᠎ᠠ ᠵᠡᠷᠭᠡ ᠰᠢᠨ᠎ᠠ | ᠭᠡᠯᠪᠡᠷᠢ ᠶᠢᠨ ᠳᠡᠷᠢᠶᠡᠯᠡᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠣᠠᠠᠴᠠ ᠳᠤ ᠬᠠᠨᠳᠣᠭᠤᠯᠥᠠᠠᠰᠠᠨ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠲᠣᠬᠠᠶᠢᠯᠬᠠᠰᠠᠨ ᠠᠵᠢᠯ ᠢ ᠢᠳᠡᠪᠬᠢᠳᠡᠢ ᠦᠷᠨᠢᠬᠦᠯᠵᠦ᠂ ᠳᠡᠷᠢᠶᠡᠯᠡᠩ ᠮᠠᠯ ᠠᠵᠦ | ᠠᠬᠤᠢ ᠶᠢᠨ ᠲᠣᠮᠥ ᠭᠡᠯᠪᠡᠷᠢ ᠶᠢᠨ ᠮᠠᠰᠢᠨ ᠮᠧᠬᠠᠨᠢᠭ᠂ ᠦᠢᠯᠡᠳᠪᠦᠷᠢᠯᠡᠯ ᠤᠨ ᠳᠦᠬᠦᠭᠡᠷᠦᠮᠵᠢ᠂ ᠡᠳ᠋ᠰᠢᠬᠦᠯᠬᠦ | ᠳᠦᠬᠦᠭᠡᠷᠦᠮᠵᠢ ᠬᠤᠳᠠᠯᠳᠣᠨ ᠠᠪᠴᠥ ᠰᠢᠨᠡᠳᠭᠡᠬᠦ ᠪᠡᠯᠡ ᠮᠦᠡᠭᠬᠦ ᠬᠦᠷᠦᠯᠴᠡᠬᠦ ᠦᠭᠡᠢ ᠠᠰᠠᠭᠤᠳᠡᠯ ᠢ | ᠰᠢᠢᠳᠪᠦᠷᠢᠯᠡᠬᠦ ᠶᠢ ᠨᠢ ᠵᠣᠷᠢᠠᠠᠵᠢᠭᠤᠯᠥᠨ᠎ᠠ᠃ ᠰᠠᠭᠤᠭᠠᠯᠢ ᠠᠷᠡᠳ ᠤᠨ ᠭᠡᠷ ᠪᠦᠯᠢ ᠶᠢᠨ ᠭᠡᠷᠡᠭᠯᠡᠭᠡ ᠶᠢᠨ ᠡᠳ᠋ ᠪᠤᠯᠥᠨ | ᠰᠣᠶᠣᠯ ᠤᠨ ᠠᠵᠦ ᠦᠢᠯᠡᠰ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠵᠠᠬ᠎ᠠ ᠳᠡᠯᠭᠡᠬᠦᠷ ᠢ ᠯᠠᠪᠳᠠᠭᠤᠨ ᠢᠶᠠᠷ | ᠬᠦᠭᠵᠢᠬᠦᠯᠵᠦ᠂ ᠭᠡᠷ ᠪᠦᠯᠢ ᠶᠢᠨ ᠭᠡᠷᠡᠭᠯᠡᠬᠦ ᠮᠠᠰᠢᠨ ᠳᠡᠷᠭᠡ᠂ ᠭᠡᠷ ᠪᠦᠯᠢ ᠶᠢᠨ ᠭᠡᠷᠡᠭᠯᠡᠬᠦ ᠮᠡᠳᠡᠭᠡ ᠵᠠᠩᠬᠢ ᠶᠢᠨ | ᠳᠦᠬᠦᠭᠡᠷᠦᠮᠵᠢ᠂ ᠪᠦᠭᠡᠯᠢᠭ ᠭᠡᠷᠡᠭᠯᠡᠭᠡ ᠶᠢᠨ ᠡᠳ᠋᠂ ᠰᠣᠶᠣᠯ ᠤᠨ ᠪᠦᠳᠦᠬᠡᠭᠳᠡᠬᠦᠨ ᠵᠡᠷᠭᠡ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠲᠣᠬᠠᠶᠢᠯᠬᠠᠰᠠᠨ ᠠᠵᠢᠯ ᠢ ᠬᠦᠭᠵᠢᠬᠦᠯᠵᠦ᠂ ᠭᠡᠷᠡᠭᠯᠡᠭᠡ ᠶᠢ ᠦᠷᠭᠡᠳᠭᠡᠨ᠎ᠠ᠃ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠲᠣᠮᠳᠡ ᠵᠢᠵᠢᠭ ᠪᠢᠴᠢᠯ ᠠᠵᠦ ᠠᠬᠤᠶᠢᠯᠠᠯ ᠤᠨ ᠣᠨᠴᠠᠯᠢᠭ ᠲᠤ | ᠲᠣᠬᠢᠷᠬᠠᠰᠠᠨ ᠦᠢᠯᠡᠳᠬᠦᠨ ᠪᠠ ᠦᠢᠯᠡᠴᠢᠯᠡᠭᠡᠨ ᠬᠠᠩᠭᠠᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠭᠡᠯᠪᠡᠷᠢ᠂ | ᠰᠢᠨ᠎ᠠ ᠶᠢ ᠡᠬᠦᠳᠬᠦ ᠭᠡᠯᠪᠡᠷᠢ ᠪᠠ ᠠᠲᠠᠯ ᠦᠢᠯᠡᠰ ᠴᠣᠠᠠᠴᠠᠯᠬᠠᠥ ᠭᠡᠯᠪᠡᠷᠢ ᠶᠢᠨ ᠲᠣᠮᠳᠡ ᠵᠢᠵᠢᠭ ᠪᠢᠴᠢᠯ ᠠᠵᠦ | ᠠᠬᠤᠶᠢᠯᠠᠯ ᠳᠤ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠴᠢᠯᠡᠭᠡᠨ ᠬᠠᠩᠭᠠᠬᠤ ᠶᠢ ᠵᠤᠷᠢᠠᠠᠵᠢᠭᠤᠯᠥᠨ᠎ᠠ᠃ | ᠬᠤᠪᠢᠨ ᠤ ᠠᠲᠠᠯ ᠦᠢᠯᠡᠰ ᠴᠣᠠᠠᠴᠠᠯᠬᠠᠴᠢ ᠳᠤ ᠬᠠᠨᠳᠣᠭᠤᠯᠥᠠᠠᠰᠠᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠦᠢᠯᠡᠴᠢᠯᠡᠭᠡᠨ ᠢ ᠬᠦᠭᠵᠢᠬᠦᠯᠬᠦ ᠶᠢ ᠰᠦᠪᠡᠭᠴᠢᠯᠠᠨ᠎ᠠ᠃ | ︵ᠭᠤᠷᠪᠡ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠶᠢᠨ ᠰᠢᠨ᠎ᠠ ᠶᠢ ᠡᠬᠦᠳᠣᠨ ᠬᠦᠭᠵᠢᠬᠦᠯᠬᠦ ᠶᠢ | ᠳᠡᠮᠵᠢᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠬᠢᠭᠡᠳ ᠢᠨᠲ᠋ᠧᠷ ᠰᠦᠯᠵᠢᠶ᠎ᠠ ᠶᠢᠨ ᠠᠭᠤᠰᠣᠯᠴᠠᠨ | ᠬᠦᠭᠵᠢᠬᠦ ᠶᠢ ᠳᠡᠮᠵᠢᠵᠦ᠂ ᠪᠠᠩᠬᠢ᠂ ᠳᠠᠭᠠᠳᠬᠠᠯ᠂ ᠢᠳᠡᠭᠡᠮᠵᠢ᠂ ᠰᠠᠭᠤᠷᠢ ᠮᠦᠡᠭᠬᠦ ᠵᠡᠷᠭᠡ ᠮᠦᠡᠭᠬᠦᠨ ᠬᠦᠢᠯᠭᠡᠭᠡᠨ ᠤ | ᠪᠠᠶᠢᠭᠤᠯᠥᠮᠵᠢ ᠶᠢᠨ ᠬᠠᠮᠳᠣᠷᠡᠯᠴᠠᠭ᠎ᠠ ᠶᠢ ᠴᠢᠩᠭᠠᠳᠬᠠᠨ᠂ ᠣᠷᠳᠣ ᠬᠤᠭᠤᠴᠠᠭ᠎ᠠ ᠳᠦᠷᠢᠶᠡᠰᠦᠯᠡᠨ ᠣᠬᠤᠷ | ᠬᠤᠭᠤᠴᠠᠭ᠎ᠠ ᠵᠢᠭᠡᠯᠡᠬᠦᠯᠬᠦ᠂ ᠳᠦᠷᠢᠶᠡᠰᠦᠯᠡᠯ ᠢ ᠪᠠᠳᠣᠯᠡᠵᠤ ᠬᠠᠮᠢᠶᠡᠷᠬᠤ᠂ ᠳᠦᠷᠢᠶᠡᠰᠦᠯᠡᠯ ᠤᠨ ᠢᠳᠡᠭᠡᠮᠵᠢ᠂ | ᠳᠦᠷᠢᠶᠡᠰᠦᠯᠡᠯ ᠤᠨ ᠳᠠᠭᠠᠳᠬᠠᠯ᠂ ᠳᠦᠷᠢᠶᠡᠰᠦᠯᠡᠯ ᠤᠨ ᠳᠠᠭᠠᠭᠠᠯᠳᠡ ᠵᠡᠷᠭᠡ ᠰᠢᠨ᠎ᠠ ᠡᠬᠦᠳᠦᠯᠳᠡ ᠶᠢᠨ ᠭᠡᠯᠪᠡᠷᠢ ᠶᠢᠨ | ᠨᠡᠷᠡᠳᠬᠦᠨ ᠢ ᠨᠡᠭᠡᠭᠡᠨ ᠬᠦᠭᠵᠢᠬᠦᠯᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠮᠦᠡᠭᠬᠦᠨ | ᠬᠦᠢᠯᠭᠡᠭᠡᠨ ᠤ ᠦᠢᠯᠡᠴᠢᠯᠡᠭᠡᠨ ᠤ ᠴᠢᠳᠡᠪᠬᠢ ᠶᠢ ᠴᠢᠩᠭᠠᠷᠡᠭᠤᠯᠥᠨ᠎ᠠ᠃ ᠢᠨᠲ᠋ᠧᠷ ᠰᠦᠯᠵᠢᠶ᠎ᠠ᠂ ᠪᠤᠳᠠᠰᠯᠢᠭ | ᠬᠤᠯᠪᠤᠭᠠᠳᠤ ᠰᠦᠯᠵᠢᠶ᠎ᠠ᠂ ᠲᠣᠮᠥ ᠲᠤᠭ᠎ᠠ ᠪᠡᠷᠢᠮᠳᠡ᠂ ᠡᠬᠦᠯᠡᠨ ᠪᠤᠳᠣᠯᠳᠡ ᠵᠡᠷᠭᠡ ᠣᠳᠣ ᠦᠶ᠎ᠠ ᠶᠢᠨ ᠰᠢᠨᠵᠢᠯᠡᠬᠦ | ᠣᠬᠠᠭᠠᠨ ᠮᠡᠷᠭᠡᠵᠢᠯ ᠤᠨ ᠠᠷᠭ᠎ᠠ ᠪᠡᠷᠢᠯ ᠢ ᠢᠳᠡᠪᠬᠢᠳᠡᠢ ᠭᠡᠷᠡᠭᠯᠡᠨ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠦᠢᠯᠡᠴᠢᠯᠡᠭᠡᠨ ᠤ ᠬᠠᠩᠭᠠᠯᠭ᠎ᠠ ᠶᠢᠨ ᠭᠡᠯᠬᠢᠶᠡᠰᠣ ᠶᠢᠨ ᠮᠦᠡᠭᠬᠦᠨ ᠬᠦᠢᠯᠭᠡᠭᠡᠨ ᠤ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠵᠬᠠᠪᠤᠷ ᠢ ᠰᠦᠪᠡᠭᠴᠢᠯᠡᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ᠂ ᠪᠠᠳᠣᠯᠡᠵᠤ ᠬᠠᠮᠢᠶᠡᠷᠬᠤ᠂ | ᠠᠷᠡᠯᠵᠢᠶᠡᠯᠬᠠᠥ ᠶᠢ ᠨᠢᠭᠡ ᠴᠣᠠᠠᠴᠠᠵᠢᠭᠤᠯᠥᠠᠠᠰᠠᠨ ᠶᠡᠷᠦᠩᠭᠡᠶᠢᠯᠡᠭᠰᠡᠨ ᠴᠢᠨᠡᠷᠳᠡᠢ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠲᠤᠬᠠᠢᠢᠯᠠᠬᠰᠠᠨ ᠠᠵᠢᠯ ᠢ ᠬᠦᠭᠵᠢᠬᠦᠯᠥᠨ᠂ ᠬᠤᠳᠠᠯᠳᠣᠭᠠᠨ ᠤ ᠵᠬᠠᠪᠤᠷ ᠲᠤ ᠰᠢᠨ᠎ᠠ ᠶᠢ ᠡᠬᠦᠳᠣᠨ᠎ᠠ᠃ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢ ᠬᠦᠳᠦᠯᠥᠨ ᠵᠢᠯᠥᠭᠤᠳᠴᠥ ᠪᠠᠶᠢᠭᠠᠳ ᠨᠡᠷᠡᠳᠬᠦᠨ ᠤ | ᠨᠡᠶᠢᠯᠡᠴᠡ᠂ ᠠᠷᠡᠯᠵᠢᠶᠡᠨ ᠤ ᠪᠦᠳᠦᠴᠠ᠂ ᠳᠦᠷᠢᠶᠡᠰᠣᠨ ᠮᠦᠡᠭᠬᠦ ᠶᠢᠨ ᠲᠣᠬᠢᠷᠡᠭᠤᠯᠥᠯᠳᠡ᠂ ᠠᠶᠣᠯ ᠳᠦᠭᠰᠢᠬᠦᠷᠢ ᠶᠢ | ᠰᠡᠷᠭᠡᠶᠢᠯᠡᠨ ᠡᠵᠡᠮᠳᠡᠬᠦ ᠵᠡᠷᠭᠡ ᠶᠢᠨ ᠵᠢᠷᠤᠭ ᠳᠦᠯᠥᠪᠯᠡᠭᠡ ᠶᠢ ᠳᠠᠰᠣᠷᠡᠯᠳᠡ ᠦᠭᠡᠢ ᠰᠢᠯᠢᠳᠡᠭᠵᠢᠬᠦᠯᠵᠦ᠂ ᠠᠰᠢᠭ | ᠤᠯᠵᠠᠪᠤᠷᠢ ᠶᠢᠨ ᠵᠬᠠᠪᠤᠷ ᠲᠤ ᠰᠢᠨ᠎ᠠ ᠶᠢ ᠡᠬᠦᠳᠴᠥ᠂ ᠦᠢᠯᠡᠴᠢᠯᠡᠭᠡᠨ ᠤ ᠴᠢᠳᠡᠪᠦᠷᠢ ᠶᠢ ᠨᠢ ᠳᠡᠭᠡᠭᠰᠢᠯᠡᠬᠦᠯᠦᠨ᠎ᠠ᠃ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠳᠦᠷᠢᠶᠡᠰᠦᠯᠡᠬᠦᠯᠬᠦ ᠡᠳ᠋ ᠤᠨ ᠬᠦᠷᠢᠶ᠎ᠠ ᠭᠡᠪᠴᠢᠶ᠎ᠠ ᠪᠠᠨ | ᠦᠷᠭᠡᠳᠭᠡᠬᠦ ᠶᠢ ᠲᠠᠮᠵᠢᠵᠦ᠂ ᠦᠢᠯᠡᠳᠪᠦᠷᠢ ᠶᠢᠨ ᠭᠡᠷ ᠪᠠᠶᠢᠰᠢᠩ᠂ ᠬᠦᠮᠦᠷᠭᠡᠯᠡᠵᠦ ᠬᠠᠳᠠᠭᠠᠯᠬᠠᠥ ᠳᠤ ᠭᠡᠷᠡᠭᠯᠡᠬᠦ ᠭᠡᠷ | ᠪᠠᠶᠢᠰᠢᠩ᠂ ᠬᠤᠳᠠᠯᠳᠣᠭᠠᠨ ᠤ ᠭᠠᠵᠡᠷ ᠬᠦᠷᠦᠩᠭᠡ ᠵᠡᠷᠭᠡ ᠦᠢᠯᠡᠳᠪᠦᠷᠢᠯᠡᠯ ᠡᠵᠡᠩᠨᠡᠯᠳᠡ ᠳᠤ ᠭᠡᠷᠡᠭᠯᠡᠬᠦ ᠦᠯᠦ | ᠬᠦᠳᠡᠯᠬᠦ ᠬᠦᠷᠦᠩᠭᠡ ᠪᠤᠯᠥᠨ ᠵᠦᠭᠡᠯᠡᠨ ᠲᠣᠨᠤᠭ᠂ ᠮᠡᠷᠭᠡᠵᠢᠯ ᠵᠡᠷᠭᠡ ᠪᠤᠳᠠᠰᠯᠢᠬ ᠪᠤᠰᠤ ᠬᠦᠷᠦᠩᠭᠡ ᠪᠠᠷ | ᠳᠦᠷᠢᠶᠡᠰᠦᠯᠡᠬᠦ ᠦᠢᠯᠡᠳᠬᠦᠨ ᠪᠤᠯᠭᠠᠵᠦ᠂ ᠰᠢᠨ᠎ᠠ ᠶᠢ ᠡᠬᠦᠳᠬᠦ ᠭᠡᠯᠪᠡᠷᠢ ᠶᠢᠨ ᠲᠣᠬᠠᠶᠢᠯᠬᠠᠰᠠᠨ ᠠᠵᠢᠯ ᠦᠷᠨᠢᠬᠦᠯᠬᠦ ᠶᠢ | ᠠᠬᠢᠭᠤᠯᠥᠨ᠎ᠠ᠃ | ︵ᠳᠦᠷᠪᠡ︶ ᠬᠢᠯᠢ ᠠᠯᠥᠰᠯᠬᠠᠰᠠᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠶᠢ ᠨᠡᠭᠡᠭᠡᠨ ᠦᠷᠭᠡᠳᠭᠡᠨ᠎ᠠ᠃ | ᠣᠯᠥᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠣᠬᠤ ᠪᠤᠳᠣᠯᠭ᠎ᠠ ᠶᠢᠨ ᠲᠣᠭᠤᠷᠢᠨ ᠳᠤ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠪᠠᠷ ᠦᠪᠡᠷᠳᠡᠭᠡᠨ ᠵᠠᠰᠬᠠᠥ ᠣᠷᠣᠨ ᠤ ᠲᠣᠮᠥ ᠭᠡᠯᠪᠡᠷᠢ ᠶᠢᠨ ᠳᠦᠬᠦᠭᠡᠷᠦᠮᠵᠢ | ᠦᠢᠯᠡᠳᠬᠦ ᠠᠵᠦ ᠠᠬᠤᠶᠢᠯᠠᠯ ᠤᠨ ︽ᠭᠠᠷᠴᠥ ᠶᠠᠪᠤᠵᠦ︾ ᠪᠠᠶᠢᠭᠠᠳ ᠣᠯᠥᠰ ᠤᠨ ᠭᠠᠳᠠᠭᠠᠳᠣ ᠶᠢᠨ ᠵᠠᠬ᠎ᠠ | ᠳᠡᠯᠭᠡᠬᠦᠷ ᠢ ᠨᠡᠭᠡᠭᠡᠨ ᠦᠷᠭᠡᠳᠭᠡᠬᠦ ᠶᠢ ᠠᠬᠢᠭᠤᠯᠥᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ︽ | ᠭᠠᠷᠴᠥ ᠶᠠᠪᠤᠵᠦ︾ ᠪᠠᠶᠢᠭᠠᠳ ᠬᠦᠭᠵᠢᠬᠦᠯᠬᠦ ᠶᠢ ᠵᠤᠷᠢᠠᠠᠵᠢᠭᠤᠯᠵᠦ᠂ ᠣᠯᠥᠰ ᠤᠨ ᠭᠠᠳᠠᠨᠠᠬᠢ ᠳᠦᠷᠢᠶᠡᠰᠦᠯᠡᠬᠦ ᠵᠠᠬ᠎ᠠ | ᠳᠡᠯᠭᠡᠬᠦᠷ ᠢ ᠢᠳᠡᠪᠬᠢᠳᠡᠢ ᠦᠷᠭᠡᠳᠭᠡᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠷᠭ᠎ᠠ ᠮᠠᠶ᠋ᠢᠭ ᠢᠶᠠᠷ | ᠳᠡᠮᠵᠢᠭᠤᠯᠥᠨ ᠣᠯᠥᠰ ᠤᠨ ᠭᠠᠳᠠᠭᠠᠳᠣ ᠶᠢᠨ ᠳᠡᠷᠢᠬᠦᠨ ᠤ ᠳᠦᠬᠦᠭᠡᠷᠦᠮᠵᠢ ᠶᠢ ᠣᠷᠣᠭᠤᠯᠥᠨ ᠠᠪᠴᠢᠷᠡᠬᠤ ᠶᠢ | ᠲᠠᠮᠵᠢᠵᠦ᠂ ᠳᠡᠭᠡᠳᠣ ᠳᠡᠰ ᠤᠨ ᠳᠦᠬᠦᠭᠡᠷᠦᠮᠵᠢ ᠶᠢ ᠭᠠᠳᠠᠭᠠᠳᠣ ᠠᠴᠠ ᠣᠷᠣᠭᠤᠯᠬᠤ ᠶᠢ ᠦᠷᠭᠡᠳᠭᠡᠨ᠂ ᠮᠡᠷᠭᠡᠵᠢᠯ ᠤᠨ | ᠲᠣᠨᠣᠠᠠᠯᠠᠯ ᠤᠨ ᠬᠢᠷᠢ ᠭᠡᠮᠵᠢᠶ᠎ᠠ ᠪᠠᠨ ᠳᠡᠭᠡᠭᠰᠢᠯᠡᠬᠦᠯᠦᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ | ᠬᠢᠯᠢ ᠠᠯᠥᠰᠯᠠᠨ ᠠᠷᠡᠳ ᠤᠨ ᠵᠤᠭᠤᠰ ᠢᠶᠠᠷ ᠳ᠋ᠦᠡᠭᠨᠡᠨ ᠪᠤᠳᠣᠬᠤ᠂ ᠭᠠᠳᠠᠭᠠᠳᠣ ᠳᠤ ᠪᠡᠯᠡ ᠲᠣᠬᠢᠷᠡᠭᠤᠯᠬᠤ ᠵᠡᠷᠭᠡ | ᠠᠷᠭ᠎ᠠ ᠮᠠᠶ᠋ᠢᠭ ᠢ ᠭᠡᠷᠡᠭᠯᠡᠨ ᠲᠣᠬᠠᠶᠢᠯᠬᠠᠰᠠᠨ ᠠᠵᠢᠯ ᠦᠷᠨᠢᠬᠦᠯᠬᠦ ᠶᠢ ᠵᠣᠷᠢᠠᠠᠵᠢᠭᠤᠯᠥᠨ᠎ᠠ᠃ | ᠭᠤᠷᠪᠡ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢᠨ ᠣᠷᠴᠢᠨ | ᠲᠣᠭᠤᠷᠢᠨ ᠢ ᠰᠢᠯᠢᠳᠡᠭᠵᠢᠬᠦᠯᠬᠦ ᠭᠡᠷᠡᠭᠳᠡᠢ | ︵ᠲᠠᠪᠤ︶ ᠵᠠᠰᠠᠭ ᠢ ᠴᠣᠮᠬᠠᠳᠬᠠᠨ ᠡᠷᠭᠡ ᠶᠢ ᠲᠣᠷᠣᠠᠠᠰᠢ ᠪᠠᠭᠤᠯᠭᠠᠬᠤ ᠶᠢ ᠳᠦᠷᠭᠡᠳᠭᠡᠨ ᠠᠬᠢᠭᠤᠯᠥᠨ᠎ᠠ᠃ | ᠬᠠᠮᠢᠶᠡᠷᠦᠯᠳᠡ ᠶᠢᠨ ᠠᠷᠭ᠎ᠠ ᠮᠠᠶ᠋ᠢᠭ ᠢᠶᠠᠨ ᠣᠯᠡᠮ ᠨᠢᠭᠡ ᠠᠯᠬᠤᠮ ᠬᠤᠪᠢᠷᠡᠭᠤᠯᠵᠦ᠂ ᠠᠵᠢᠯ ᠤᠨ ᠴᠤᠪᠤᠷᠠᠯ ᠢ | ᠳᠦᠬᠦᠮᠴᠢᠯᠡᠨ᠂ ᠲᠣᠳᠣᠭᠠᠳᠣ ᠭᠠᠳᠠᠭᠠᠳᠣ ᠶᠢᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ | ᠵᠤᠬᠢᠴᠡᠯᠳᠣᠨ ᠬᠦᠭᠵᠢᠬᠦ ᠶᠢ ᠠᠬᠢᠭᠤᠯᠥᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠬᠤᠪᠢᠶᠡᠷᠢ | ᠺᠤᠮᠫᠠᠨᠢ ᠪᠠᠶᠢᠭᠤᠯᠬᠤ ᠳᠤ ᠬᠦᠷᠦᠩᠭᠡ ᠳᠡᠩᠰᠡᠯᠬᠠᠥ ᠬᠠᠮᠤᠭ ᠲᠣᠣᠷ᠎ᠠ ᠬᠢᠵᠠᠭᠠᠷᠯᠠᠯ ᠲᠣᠠᠠᠳᠠᠭᠠᠬᠤ ᠦᠭᠡᠢ᠃ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠭᠤᠤᠯᠴᠢᠯᠠᠨ ᠡᠵᠡᠩᠨᠡᠬᠦ ᠲᠣᠬᠠᠶᠢᠯᠬᠠᠰᠠᠨ ᠠᠵᠢᠯ ᠯᠤᠭ᠎ᠠ | ᠬᠤᠯᠪᠤᠠᠠᠳ᠋ᠬᠠᠥ ᠬᠤᠳᠠᠯᠳᠣᠭᠠᠨ ᠤ ᠪᠠᠳᠣᠯᠠᠵᠤ ᠬᠠᠮᠢᠶᠡᠷᠬᠤ ᠲᠣᠬᠠᠶᠢᠯᠬᠠᠰᠠᠨ ᠠᠵᠢᠯ ᠢ ᠬᠠᠪᠰᠣᠷᠭᠠᠨ ᠡᠵᠡᠩᠨᠡᠬᠦ ᠶᠢ | ᠵᠦᠪᠰᠢᠶᠡᠷᠡᠨ᠎ᠠ᠃ | ︵ᠵᠢᠷᠭᠤᠭ᠎ᠠ︶ ᠬᠠᠮᠢᠶ᠎ᠠ ᠪᠦᠬᠦᠢ ᠬᠠᠮᠢᠶᠡᠷᠦᠯᠳᠡ ᠶᠢᠨ ᠳᠦᠷᠢᠮ ᠲᠣᠠᠠᠳᠠᠭᠠᠯ ᠢ ᠬᠢᠨᠠᠮᠠᠭᠠᠢ | ᠨᠡᠶᠢᠳᠡᠪᠦᠷᠢᠵᠢᠭᠤᠯᠥᠨ᠎ᠠ᠃ ᠣᠯᠥᠰ ᠤᠨ ᠬᠤᠯᠪᠤᠠᠠᠳᠡᠯ ᠪᠦᠬᠦᠢ ᠳᠦᠷᠢᠮ ᠲᠣᠠᠠᠳᠠᠭᠠᠯ ᠤᠨ ᠱᠠᠭᠠᠷᠳᠡᠯᠭ᠎ᠠ ᠶᠣᠰᠣᠭᠠᠷ᠂ | ᠬᠠᠮᠢᠶ᠎ᠠ ᠪᠦᠬᠦᠢ ᠠᠵᠢᠯ ᠳᠦᠷᠦᠯ ᠤᠨ ᠬᠢᠷᠢ ᠴᠢᠳᠡᠮᠵᠢ ᠶᠢᠨ ᠬᠠᠮᠢᠶᠡᠷᠦᠯᠳᠡ ᠶᠢ ᠳᠦᠬᠦᠮᠴᠢᠯᠡᠵᠦ᠂ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠶᠢᠨ ᠬᠦᠭᠵᠢᠯᠳᠡ ᠶᠢᠨ ᠬᠢᠵᠠᠭᠠᠷᠯᠠᠯ ᠢ ᠪᠠᠭᠠᠰᠬᠠᠨ᠎ᠠ᠃ ᠭᠠᠳᠠᠭᠠᠳᠣ ᠠᠴᠠ | ᠣᠷᠣᠭᠤᠯᠥᠠᠠᠰᠠᠨ ᠳᠦᠷᠢᠶᠡᠰᠦᠯᠡᠬᠦ ᠡᠳ᠋ ᠤᠨ ᠬᠢᠵᠠᠭᠠᠷᠳᠣ ᠲᠤᠭ᠎ᠠ᠂ ᠵᠦᠪᠰᠢᠶᠡᠷᠡᠭᠰᠡᠨ ᠦᠨᠡᠮᠯᠠᠯ᠂ ᠭᠠᠳᠠᠭᠠᠳᠣ ᠠᠴᠠ | ᠣᠷᠣᠭᠤᠯᠬᠤ ᠶᠢ ᠵᠦᠪᠰᠢᠶᠡᠷᠡᠭᠰᠡᠨ ᠠᠦ᠋ᠲ᠋ᠤ᠋ ᠦᠨᠡᠮᠯᠠᠯ ᠵᠡᠷᠭᠡ ᠬᠠᠮᠢᠶᠡᠷᠦᠯᠳᠡ ᠳᠤ ᠬᠤᠯᠪᠤᠠᠠᠳ᠋ᠬᠠᠰᠠᠨ ᠪᠠᠶᠢᠪᠠᠯ᠂ | ᠳᠦᠷᠢᠶᠡᠰᠦᠯᠡᠭᠰᠡᠨ ᠬᠦᠮᠦᠨ ᠨᠢ ᠨᠢᠭᠡᠨᠳᠡ ᠬᠠᠮᠢᠶ᠎ᠠ ᠪᠦᠬᠦᠢ ᠬᠢᠵᠠᠭᠠᠷᠳᠣ ᠲᠤᠭ᠎ᠠ᠂ ᠵᠦᠪᠰᠢᠶᠡᠷᠡᠭᠰᠡᠨ ᠦᠨᠡᠮᠯᠠᠯ᠂ | ᠭᠠᠳᠠᠭᠠᠳᠣ ᠠᠴᠠ ᠣᠷᠣᠭᠤᠯᠬᠤ ᠶᠢ ᠵᠦᠪᠰᠢᠶᠡᠷᠡᠭᠰᠡᠨ ᠠᠦ᠋ᠲ᠋ᠤ᠋ ᠦᠨᠡᠮᠯᠠᠯ ᠢ ᠪᠦᠷᠢᠳᠦᠬᠦᠯᠥᠭᠰᠡᠨ ᠣᠷᠢᠳᠡᠯ ᠲᠣᠣᠷ᠎ᠠ᠂ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠳᠤ ᠳᠡᠬᠢᠵᠦ ᠠᠰᠳᠠᠭᠠᠨ ᠬᠤᠳᠠᠯᠳᠣᠨ ᠠᠪᠠᠨ᠋ᠥ ᠬᠢᠷᠢ | ᠴᠢᠳᠡᠮᠵᠢ ᠶᠢᠨ ᠱᠠᠭᠠᠷᠳᠡᠯᠭ᠎ᠠ ᠲᠤᠷᠠᠳᠬᠤ ᠦᠭᠡᠢ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠣᠨᠴᠠᠯᠢᠭ ᠢ | ᠦᠨᠳᠣᠰᠣᠯᠡᠨ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠡᠮᠴᠢᠯᠡᠭᠡᠨ ᠤ ᠪᠠᠭᠠᠵᠢ ᠭᠡᠷᠡᠭᠰᠡᠯ | ᠡᠵᠡᠩᠨᠡᠬᠦ ᠵᠦᠪᠰᠢᠶᠡᠷᠡᠯ ᠪᠤᠶᠤ ᠬᠦᠢᠴᠡᠳᠭᠡᠬᠦ ᠪᠡᠯᠡᠳᠭᠡᠯ ᠳᠦᠰᠦᠯ ᠭᠤᠶᠤᠴᠢᠯᠬᠠᠥ ᠳᠤ ᠳᠦᠬᠦᠮ ᠦᠵᠡᠬᠦᠯᠥᠨ᠎ᠠ᠃ | ᠬᠠᠦᠯᠢ ᠴᠠᠭᠠᠵᠠ ᠬᠠᠦᠯᠢ ᠲᠣᠠᠠᠳᠠᠭᠠᠯ ᠳᠤ ᠠᠰᠳᠠᠭᠠᠨ ᠲᠣᠠᠠᠳᠠᠭᠠᠯ ᠲᠠᠢ ᠪᠠᠶᠢᠬᠤ ᠠᠴᠠ ᠪᠤᠰᠣᠳ᠂ | ᠳᠦᠷᠢᠶᠡᠰᠦᠯᠡᠭᠰᠡᠨ ᠬᠦᠮᠦᠨ ᠨᠢ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠷᠭ᠎ᠠ ᠮᠠᠶ᠋ᠢᠭ ᠢᠶᠠᠷ ᠳᠡᠮᠵᠢᠨ | ᠳᠦᠬᠦᠭᠡᠷᠦᠮᠵᠢ ᠣᠯᠬᠤ ᠪᠠ ᠦᠪᠡᠷ ᠢᠶᠠᠨ ᠳᠦᠬᠦᠭᠡᠷᠦᠮᠵᠢ ᠬᠤᠳᠠᠯᠳᠣᠨ ᠠᠪᠴᠥ ᠬᠢᠷᠢ ᠴᠢᠳᠡᠮᠵᠢ ᠶᠢ ᠬᠢᠨᠡᠨ | ᠲᠣᠠᠠᠳᠠᠭᠠᠬᠤ ᠦᠶᠡᠰ ᠠᠳᠡᠯᠢ ᠳᠡᠰ ᠤᠨ ᠣᠯᠭᠤᠮᠵᠢ ᠬᠦᠷᠳᠡᠨ᠎ᠠ᠃ | ︵ᠲᠣᠯᠤᠭ᠎ᠠ︶ ᠳᠦᠬᠦᠮᠴᠢᠯᠡᠭᠰᠡᠨ ᠦᠢᠯᠡᠴᠢᠯᠡᠭᠡᠨ ᠬᠠᠩᠭᠠᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠶᠢᠨ ᠦᠢᠯᠡᠴᠢᠯᠡᠭᠡᠨ ᠤ ᠡᠷᠴᠢᠮ ᠢ ᠴᠢᠩᠭᠠᠷᠡᠭᠤᠯᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ | ᠪᠠᠶᠢᠭᠤᠯᠬᠤ ᠵᠢᠴᠢ ᠲᠣᠬᠠᠶᠢᠯᠬᠠᠰᠠᠨ ᠠᠵᠢᠯ ᠦᠷᠨᠢᠬᠦᠯᠬᠦ ᠳᠤ ᠳᠦᠷᠦ ᠶᠢᠨ ᠪᠤᠳᠣᠯᠭ᠎ᠠ ᠶᠢᠨ ᠳᠡᠮᠵᠢᠯᠭᠡ ᠪᠠ ᠳᠦᠬᠦᠮ | ᠦᠢᠯᠡᠴᠢᠯᠡᠭᠡ ᠬᠠᠩᠭᠠᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠬᠠᠦᠯᠢ ᠶᠣᠰᠣᠭᠠᠷ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠠᠷᠡᠯᠵᠢᠶ᠎ᠠ ᠶᠢᠨ ᠬᠠᠮᠢᠶ᠎ᠠ ᠪᠦᠬᠦᠢ ᠳᠠᠭᠠᠭᠠᠯᠳᠡ ᠬᠢᠬᠦ ᠡᠳ᠋ ᠢᠶᠠᠷ ᠳᠡᠨᠵᠢᠯᠡᠵᠤ ︵ | ᠪᠡᠷᠢᠴᠠᠭᠠᠯᠠᠬᠤ︶ ᠳᠡᠩᠰᠡᠯᠠᠨ ᠲᠡᠮᠳᠡᠭᠯᠡᠬᠦ ᠶᠢ ᠬᠦᠢᠴᠡᠳᠭᠡᠵᠦ᠂ ᠳᠡᠩᠰᠡᠯᠠᠨ ᠲᠡᠮᠳᠡᠭᠯᠡᠬᠦ ᠶᠢ ᠭᠤᠤᠯᠴᠢᠯᠠᠨ ᠬᠠᠮᠢᠶᠡᠷᠬᠤ | ᠰᠠᠯᠠᠭ᠎ᠠ ᠮᠦᠴᠢᠷ ᠨᠢ ᠰᠠᠨᠠᠭᠠᠴᠢᠯᠠᠭ᠎ᠠ ᠠᠴᠠ ᠪᠠᠨ ᠳᠦᠷᠢᠶᠡᠰᠦᠯᠡᠬᠦ ᠶᠢ ᠳᠡᠩᠰᠡᠯᠠᠨ ᠲᠡᠮᠳᠡᠭᠯᠡᠬᠦ ᠳᠤ ᠭᠡᠷᠡᠭᠰᠡᠬᠦ ᠪᠦᠬᠦᠢ | ᠮᠡᠳᠡᠬᠦᠯᠬᠦ ᠮᠠᠲ᠋ᠧᠷᠢᠶᠠᠯ ᠢ ᠢᠯᠡ ᠨᠡᠶᠢᠳᠡᠯᠡᠵᠦ᠂ ᠳᠡᠩᠰᠡᠯᠠᠨ ᠲᠡᠮᠳᠡᠭᠯᠡᠬᠦ ᠴᠣᠪᠤᠷᠡᠯ ᠢ ᠳᠦᠬᠦᠮᠴᠢᠯᠡᠨ᠂ ᠲᠣᠠᠠᠳ᠋ᠬᠠᠰᠠᠨ | ᠴᠠᠭ ᠬᠤᠭᠤᠴᠠᠭ᠎ᠠ ᠳᠤ ᠦᠯᠦ ᠬᠦᠳᠡᠯᠬᠦ ᠡᠳ᠋ ᠬᠦᠷᠦᠩᠭᠡ ᠶᠢᠨ ᠡᠷᠭᠡ ᠶᠢᠨ ᠬᠠᠷᠢᠶᠡᠯᠡᠯ ᠢ ᠬᠤᠪᠢᠷᠡᠭᠤᠯᠥᠨ ᠳᠡᠩᠰᠡᠯᠠᠨ | ᠲᠡᠮᠳᠡᠭᠯᠡᠬᠦᠯᠬᠦ ᠪᠠ ᠬᠦᠳᠡᠯᠬᠦ ᠡᠳ᠋ ᠬᠦᠷᠦᠩᠭᠡ ᠶᠢᠨ ᠳᠡᠨᠵᠢᠯᠡᠯ ᠢ ᠬᠤᠪᠢᠷᠡᠭᠤᠯᠥᠨ ᠳᠡᠩᠰᠡᠯᠠᠨ ᠲᠡᠮᠳᠡᠭᠯᠡᠬᠦᠯᠬᠦ ᠵᠡᠷᠭᠡ | ᠭᠠᠷᠳᠡᠮ ᠢ ᠬᠦᠢᠴᠡᠳᠭᠡᠨ᠎ᠠ᠃ ᠮᠠᠰᠢᠨ ᠳᠡᠷᠭᠡᠨ ᠤ ᠠᠷᠡᠯᠵᠢᠶ᠎ᠠ ᠪᠠ ᠲᠠᠩᠰᠠᠯᠠᠨ ᠲᠡᠮᠳᠡᠭᠯᠡᠬᠦ ᠬᠠᠮᠢᠶᠡᠷᠦᠯᠳᠡ ᠶᠢ | ᠵᠢᠷᠦᠮᠵᠢᠭᠤᠯᠵᠦ᠂ ᠠᠷᠡᠯᠵᠢᠶᠡᠨ ᠤ ᠳᠡᠩᠰᠡᠯᠠᠨ ᠲᠡᠮᠳᠡᠭᠯᠡᠬᠦ ᠴᠣᠪᠤᠷᠡᠯ ᠢ ᠳᠦᠬᠦᠮᠴᠢᠯᠡᠨ᠂ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠬᠤᠶᠡᠷ ᠡᠳᠡᠭᠡᠳ ᠤᠨ ᠲᠤᠬᠠᠢᠢᠳᠠᠢ ᠬᠦᠮᠦᠨ ᠤ ᠲᠤᠬᠠᠢᠢᠯᠠᠬᠰᠠᠨ ᠠᠵᠢᠯ ᠶᠠᠪᠤᠳᠡᠯ ᠬᠦᠢᠴᠡᠳᠭᠡᠬᠦ ᠳᠤ | ᠳᠦᠬᠦᠮ ᠦᠵᠡᠬᠦᠯᠥᠨ᠎ᠠ᠃ | ︵ᠨᠠᠢᠮᠠ︶ ᠲᠣᠰᠬᠠᠢ ᠮᠡᠷᠭᠡᠵᠢᠯ ᠤᠨ ᠴᠢᠳᠡᠪᠦᠷᠢᠳᠡᠨ ᠢ ᠬᠦᠮᠦᠵᠢᠬᠦᠯᠬᠦ ᠶᠢ ᠴᠢᠩᠭᠠᠳᠬᠠᠨ᠎ᠠ᠃ ᠮᠠᠨ ᠤ | ᠣᠷᠣᠨ ᠤ ᠰᠣᠷᠭᠠᠨ ᠬᠦᠮᠦᠵᠢᠯ ᠤᠨ ᠡᠬᠢ ᠪᠠᠶᠠᠯᠢᠭ ᠤᠨ ᠳᠡᠪᠡᠭᠤᠯᠢᠭ ᠲᠤ ᠳᠦᠰᠢᠭᠯᠡᠨ᠂ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠲᠣᠰᠬᠠᠢ ᠮᠡᠷᠭᠡᠵᠢᠯ ᠤᠨ ᠴᠢᠳᠡᠪᠦᠷᠢᠳᠡᠨ ᠢ ᠬᠦᠮᠦᠵᠢᠬᠦᠯᠬᠦ ᠳᠦᠯᠥᠪᠯᠡᠭᠡ ᠶᠢ ᠲᠣᠠᠠᠳᠠᠭᠠᠵᠦ᠂ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠲᠣᠰᠬᠠᠢ ᠮᠡᠷᠭᠡᠵᠢᠯ ᠤᠨ ᠴᠢᠳᠡᠪᠦᠷᠢᠳᠡᠨ ᠢ ᠬᠠᠨᠳᠣᠯᠭ᠎ᠠ ᠲᠠᠢ ᠪᠠᠷ | ᠬᠦᠮᠦᠵᠢᠬᠦᠯᠦᠨ᠎ᠠ᠃ ᠨᠦᠬᠦᠴᠡᠯ ᠲᠠᠢ ᠶᠡᠭᠡ ᠳᠡᠭᠡᠳᠣ ᠰᠣᠷᠭᠠᠭᠤᠯᠢ ᠨᠤᠭᠤᠳ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠲᠣᠰᠬᠠᠢ ᠮᠡᠷᠭᠡᠵᠢᠯ ᠨᠡᠮᠡᠵᠦ ᠪᠠᠶᠢᠭᠤᠯᠬᠤ ᠪᠤᠶᠤ ᠬᠠᠮᠢᠶ᠎ᠠ ᠪᠦᠬᠦᠢ ᠲᠣᠰᠬᠠᠢ ᠰᠡᠳᠦᠪᠳᠤ ᠬᠢᠴᠢᠶᠡᠯ | ᠨᠡᠭᠡᠭᠡᠬᠦ ᠶᠢ ᠵᠤᠷᠢᠠᠠᠵᠢᠭᠤᠯᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠳᠦᠭᠰᠢᠬᠦᠷᠢ ᠶᠢ | ᠡᠵᠡᠮᠳᠡᠬᠦ᠂ ᠡᠳ᠋ ᠤᠨ ᠶᠠᠪᠤᠳᠡᠯ᠂ ᠬᠠᠮᠢᠶᠡᠷᠦᠯᠳᠡ᠂ ᠬᠠᠦᠯᠢ ᠶᠢᠨ ᠶᠠᠪᠤᠳᠡᠯ᠂ ᠡᠵᠡᠩᠨᠡᠯᠳᠡ ᠵᠡᠷᠭᠡ ᠶᠢᠨ ᠲᠣᠰᠬᠠᠢ | ᠴᠢᠳᠡᠪᠦᠷᠢᠳᠡᠨ ᠢ ᠬᠦᠮᠦᠵᠢᠬᠦᠯᠥᠨᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠵᠦ ᠦᠢᠯᠡᠰ ᠤᠨ | ᠲᠦᠪᠯᠡᠷᠡᠯ ᠤᠨ ᠲᠤᠭᠤᠷᠢᠭ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠲᠣᠰᠬᠠᠢ ᠮᠡᠷᠭᠡᠵᠢᠯ ᠤᠨ | ᠴᠢᠳᠡᠪᠦᠷᠢᠳᠡᠨ ᠢ ᠣᠷᠣᠭᠤᠯᠥᠨ ᠠᠪᠴᠢᠷᠬᠠᠥ ᠪᠠ ᠬᠦᠮᠦᠵᠢᠬᠦᠯᠬᠦ ᠶᠢ ᠣᠷᠮᠠᠰᠢᠭᠤᠯᠬᠤ ᠲᠣᠠᠠᠳᠡᠴᠠ ᠪᠠ ᠱᠠᠩᠨ᠋ᠬᠠᠥ | ᠳᠦᠷᠦ ᠶᠢᠨ ᠪᠤᠳᠣᠯᠭ᠎ᠠ ᠲᠣᠠᠠᠳᠠᠭᠠᠬᠤ ᠶᠢ ᠵᠣᠷᠢᠠᠠᠵᠢᠭᠤᠯᠥᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠵᠢᠴᠢ ᠨᠡᠶᠢᠭᠡᠮ ᠤᠨ ᠪᠦᠯᠬᠦᠮ ᠤᠨ ᠪᠤᠯᠪᠠᠰᠣᠷᠡᠭᠤᠯᠥᠯ ᠤᠨ ᠰᠠᠭᠤᠷᠢᠨ ᠭᠠᠵᠡᠷ ᠪᠠᠶᠢᠭᠤᠯᠬᠤ ᠶᠢ | ᠵᠤᠷᠢᠠᠠᠵᠢᠭᠤᠯᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠡᠷᠬᠢᠯᠡᠵᠦ ᠪᠦᠬᠦᠢ ᠬᠦᠮᠦᠰ ᠲᠤ ᠣᠯᠡᠨ | ᠶᠠᠩᠵᠦ ᠭᠡᠯᠪᠡᠷᠢ ᠶᠢᠨ ᠪᠤᠯᠪᠠᠰᠣᠷᠡᠭᠤᠯᠥᠯ ᠦᠷᠨᠢᠬᠦᠯᠥᠨ᠂ ᠠᠵᠢᠯ ᠡᠷᠬᠢᠯᠡᠭᠰᠡᠳ ᠤᠨ ᠲᠣᠬᠠᠶᠢᠯᠬᠠᠰᠠᠨ ᠠᠵᠢᠯ ᠤᠨ | ᠴᠢᠳᠡᠪᠦᠷᠢ ᠪᠠ ᠬᠢᠷᠢ ᠭᠡᠮᠵᠢᠶ᠎ᠠ ᠶᠢ ᠳᠠᠰᠣᠷᠡᠯᠳᠡ ᠦᠭᠡᠢ ᠳᠡᠭᠡᠭᠰᠢᠯᠡᠬᠦᠯᠦᠨ᠎ᠠ᠃ | ᠳᠦᠷᠪᠡ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠳᠦᠭᠰᠢᠬᠦᠷᠢ ᠶᠢᠨ ᠰᠡᠷᠭᠡᠶᠢᠯᠡᠯᠲᠠ ᠶᠢ | ᠴᠢᠩᠭᠠᠷᠡᠭᠤᠯᠬᠤ ᠭᠡᠷᠡᠭᠳᠡᠢ | ︵ᠶᠢᠰᠦ︶ ᠠᠵᠢᠯ ᠳᠦᠷᠦᠯ ᠤᠨ ᠬᠢᠨᠡᠯᠳᠡ ᠬᠠᠮᠢᠶᠡᠷᠦᠯᠳᠡ ᠶᠢᠨ ᠲᠣᠠᠠᠳᠡᠴᠠ ᠶᠢ ᠳᠡᠬᠦᠯᠳᠡᠷᠵᠢᠬᠦᠯᠥᠨ᠎ᠠ᠃ | ᠡᠯ᠎ᠠ ᠱᠠᠳᠣᠨ ᠤ ᠵᠠᠰᠠᠭ ᠤᠨ ᠣᠷᠳᠣᠨ ᠨᠤᠭᠤᠳ ᠬᠠᠷᠢᠶ᠎ᠠ ᠭᠠᠵᠡᠷ ᠤᠨ ᠬᠢᠨᠡᠯᠳᠡ ᠬᠠᠮᠢᠶᠡᠷᠦᠯᠳᠡ ᠶᠢᠨ | ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠦ᠂ ᠬᠢᠨᠡᠨ ᠬᠠᠮᠢᠶᠡᠷᠬᠤ ᠪᠠ ᠳᠦᠭᠰᠢᠬᠦᠷᠢ ᠶᠢᠨ ᠰᠢᠢᠳᠪᠦᠷᠢᠯᠡᠯᠲᠠ ᠶᠢ | ᠴᠢᠩᠭᠠᠳᠬᠠᠨ᠎ᠠ᠃ ᠡᠯ᠎ᠠ ᠱᠠᠳᠣᠨ ᠤ ᠠᠵᠢᠯ ᠳᠦᠷᠦᠯ ᠤᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠤᠳ | ᠰᠢᠭᠤᠳ ᠬᠢᠨᠡᠨ ᠬᠠᠮᠢᠶᠡᠷᠬᠤ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠥᠨ᠂ ᠠᠵᠢᠯ ᠳᠦᠷᠦᠯ ᠤᠨ ᠳᠦᠭᠰᠢᠬᠦᠷᠢ ᠶᠢᠨ | ᠰᠡᠷᠭᠡᠶᠢᠯᠡᠯᠲᠡ ᠶᠢ ᠴᠢᠩᠭᠠᠳᠬᠠᠨ᠎ᠠ᠃ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠰᠠᠯᠠᠭ᠎ᠠ ᠮᠦᠴᠢᠷ ᠤᠨ | ᠬᠤᠯᠪᠤᠭᠠᠯᠠᠨ ᠬᠦᠳᠡᠯᠦᠯᠴᠡᠬᠦ ᠲᠣᠠᠠᠳᠡᠴᠠ ᠶᠢ ᠪᠦᠷᠢᠨᠰᠢᠬᠦᠯᠵᠦ᠂ ᠴᠢᠬᠤᠯᠡ ᠶᠡᠭᠡ ᠪᠠᠶᠢᠳᠡᠯ ᠢ ᠮᠡᠳᠡᠬᠦᠯᠬᠦ ᠲᠣᠠᠠᠳᠡᠴᠠ᠂ | ᠳᠦᠭᠰᠢᠬᠦᠷᠢ ᠶᠢ ᠣᠷᠢᠳᠴᠢᠯᠠᠨ ᠰᠡᠷᠭᠡᠶᠢᠯᠡᠬᠦ ᠲᠤᠠᠠᠳᠡᠴᠠ ᠪᠠ ᠭᠡᠨᠡᠳᠳᠡ ᠶᠢᠨ ᠭᠡᠷᠡᠭ ᠢ ᠪᠠᠴᠢᠮ ᠠᠷᠭᠠᠴᠬᠠᠥ | ᠲᠤᠠᠠᠳᠡᠴᠠ ᠶᠢ ᠪᠠᠶᠢᠭᠤᠯᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠬᠠᠳᠠᠭᠠᠯᠠᠮᠵᠢ ᠶᠢᠨ | ᠵᠤᠭᠤᠰ ᠢ ᠳᠡᠳᠡᠨ ᠰᠢᠩᠭᠡᠭᠡᠬᠦ᠂ ᠵᠢᠭᠡᠯᠡᠯᠭᠡ ᠳᠡᠯᠪᠢᠬᠤ ᠵᠡᠷᠭᠡ ᠬᠠᠦᠯᠢ ᠲᠣᠠᠠᠳᠠᠭᠠᠯ ᠠᠴᠠ ᠵᠦᠷᠢᠴᠡᠭᠰᠡᠨ ᠦᠢᠯᠡ | ᠠᠵᠢᠯᠯᠠᠭ᠎ᠠ ᠳᠤ ᠬᠢᠨᠡᠯᠳᠡ ᠲᠠᠯᠪᠢᠬᠤ ᠪᠠᠨ ᠴᠢᠩᠭᠠᠷᠡᠭᠤᠯᠥᠨ᠂ ᠬᠠᠦᠯᠢ ᠪᠤᠰᠣ ᠪᠠᠷ ᠪᠡᠯᠡ ᠴᠣᠠᠠᠯᠠᠭᠤᠯᠬᠤ ᠵᠡᠷᠭᠡ | ᠬᠠᠦᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠡ ᠦᠭᠴᠥ᠂ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠠᠵᠢᠯ ᠳᠦᠷᠦᠯ ᠳᠤ ᠣᠷᠣᠨ ᠪᠦᠰᠡ ᠶᠢᠨ ᠴᠢᠨᠡᠷᠳᠡᠢ᠂ ᠰᠢᠰᠲ᠋ᠧᠮ ᠤᠨ ᠴᠢᠨᠡᠷᠳᠡᠢ ᠮᠦᠡᠭᠬᠦᠨ | ᠬᠦᠢᠯᠭᠡᠭᠡᠨ ᠤ ᠳᠦᠭᠰᠢᠬᠦᠷᠢ ᠡᠬᠦᠰᠬᠦ ᠶᠢ ᠦᠨᠡᠨᠬᠦ ᠰᠡᠷᠭᠡᠶᠢᠯᠡᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠶᠢᠨ ᠲᠣᠠᠠᠳᠠᠮᠠᠯ ᠬᠤᠭᠤᠴᠠᠭ᠎ᠠ ᠲᠠᠢ ᠪᠠᠷ᠂ ᠴᠠᠭ ᠲᠣᠬᠠᠢ ᠳᠤᠨᠢ ᠠᠵᠢᠯ ᠳᠦᠷᠦᠯ ᠤᠨ ᠭᠤᠤᠯᠴᠢᠯᠠᠨ | ᠬᠠᠮᠢᠶᠡᠷᠬᠤ ᠰᠠᠯᠠᠭ᠎ᠠ ᠮᠦᠴᠢᠷ ᠲᠤ ᠨᠡᠩ ᠣᠯᠡᠨ ᠡᠵᠡᠩᠨᠡᠯᠳᠡ ᠶᠢᠨ ᠲᠤᠭ᠎ᠠ ᠪᠡᠷᠢᠮᠳᠡ᠂ ᠠᠷᠡᠯᠵᠢᠶ᠎ᠠ ᠶᠢᠨ ᠪᠠᠶᠢᠳᠡᠯ ᠪᠠ | ᠡᠳ᠋ ᠤᠨ ᠶᠠᠪᠤᠳᠡᠯ ᠤᠨ ᠮᠡᠳᠡᠬᠦᠯᠥᠯᠳᠡ ᠵᠡᠷᠭᠡ ᠪᠠᠨ ᠢᠯᠡ ᠨᠡᠶᠢᠳᠡᠯᠡᠬᠦ ᠶᠢ ᠵᠤᠷᠢᠬᠵᠢᠭᠤᠯᠬᠤ ᠪᠠ ᠬᠦᠳᠦᠯᠦᠨ | ᠵᠢᠯᠤᠭᠤᠳᠴᠤ᠂ ᠲᠣᠮᠥ ᠲᠤᠭ᠎ᠠ ᠪᠡᠷᠢᠮᠳᠡ ᠪᠠᠷ ᠬᠢᠨᠡᠨ ᠬᠠᠮᠢᠶᠡᠷᠬᠤ ᠭᠡᠪ ᠵᠬᠠᠪᠤᠷ ᠢ ᠪᠠᠶᠢᠭᠤᠯᠬᠤ ᠪᠠᠷ ᠳᠡᠮᠵᠢᠨ | ᠬᠤᠯᠪᠤᠠᠠᠳ᠋ᠬᠠᠥ ᠵᠠᠳᠡᠯᠥᠯᠳᠡ ᠬᠢᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠡᠵᠡᠩᠨᠡᠯᠳᠡ ᠶᠢᠨ | ᠠᠵᠢᠯᠯᠠᠭ᠎ᠠ᠂ ᠵᠢᠮ᠎ᠠ ᠶᠣᠰᠣ ᠬᠢᠭᠡᠳ ᠣᠨᠴᠠᠯᠢᠭ ᠢ ᠴᠠᠭ ᠲᠣᠬᠠᠢ ᠳᠤᠨᠢ ᠡᠵᠡᠮᠰᠢᠵᠦ᠂ ︽ᠲᠤᠭ᠎ᠠ ᠪᠡᠷᠢᠮᠳᠡ ᠪᠠᠷ | ᠠᠵᠢᠯᠯᠠᠬᠤ᠂ ᠲᠤᠭ᠎ᠠ ᠪᠡᠷᠢᠮᠳᠡ ᠪᠠᠷ ᠰᠢᠢᠳᠪᠦᠷᠢᠳᠣ ᠪᠤᠳᠣᠯᠭ᠎ᠠ ᠲᠣᠠᠠᠳᠠᠭᠠᠬᠤ᠂ ᠲᠤᠭ᠎ᠠ ᠪᠡᠷᠢᠮᠳᠡ ᠪᠠᠷ ᠬᠠᠮᠢᠶᠡᠷᠬᠤ᠂ | ᠲᠤᠭ᠎ᠠ ᠪᠡᠷᠢᠮᠳᠡ ᠪᠠᠷ ᠰᠢᠨ᠎ᠠ ᠶᠢ ᠡᠬᠦᠳᠬᠦ︾ ᠬᠠᠮᠢᠶᠡᠷᠦᠯᠳᠡ ᠶᠢᠨ ᠲᠣᠠᠠᠳᠡᠴᠠ ᠶᠢ ᠪᠦᠷᠢᠯᠳᠦᠬᠦᠯᠦᠨ᠎ᠠ᠃ | ︵ᠠᠷᠪᠡ︶ ᠰᠠᠯᠠᠭ᠎ᠠ ᠮᠦᠴᠢᠷ ᠤᠨ ᠮᠡᠳᠡᠭᠡ ᠵᠠᠩᠬᠢ ᠶᠢ ᠬᠤᠯᠪᠤᠭᠠᠯᠠᠨ ᠨᠡᠪᠳᠡᠷᠡᠬᠦᠯᠵᠦ ᠬᠠᠮᠲᠤ ᠳᠠᠭᠠᠨ | ᠬᠦᠷᠳᠡᠵᠦ ᠬᠠᠮᠲᠤ ᠳᠠᠭᠠᠨ ᠵᠠᠰᠬᠠᠥ ᠶᠢ ᠠᠬᠢᠭᠤᠯᠥᠨ᠎ᠠ᠃ ︽ᠠᠵᠦ ᠠᠬᠤᠶᠢᠯᠠᠯ ᠤᠨ ᠮᠡᠳᠡᠭᠡ ᠵᠠᠩᠬᠢ ᠶᠢ ᠢᠯᠡ | ᠨᠡᠶᠢᠳᠡᠯᠡᠬᠦ ᠶᠢᠨ ᠳᠦᠷ ᠭᠡᠷᠡᠭᠵᠢᠬᠦᠯᠬᠦ ᠳᠦᠷᠢᠮ︾ ᠢ ᠴᠢᠩᠭ᠎ᠠ ᠭᠡᠷᠡᠭᠵᠢᠬᠦᠯᠵᠦ᠂ ᠠᠵᠦ ᠠᠬᠤᠶᠢᠯᠠᠯ ᠤᠨ | ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠨᠡᠶᠢᠳᠡᠯᠡᠬᠦ ᠰᠢᠰᠲ᠋ᠧᠮ ᠤᠨ ᠳᠦᠰᠢᠭᠯᠡᠬᠦ ᠦᠢᠯᠡᠳᠣᠯ ᠢ ᠬᠦᠢᠴᠡᠳ | ᠪᠠᠳᠡᠷᠡᠭᠤᠯᠥᠨ᠂ ᠵᠠᠬ᠎ᠠ ᠳᠡᠯᠭᠡᠬᠦᠷ ᠤᠨ ᠳᠡᠩᠰᠡᠯᠡᠨ ᠲᠡᠮᠳᠡᠭᠯᠡᠵᠦ ᠬᠠᠮᠢᠶᠡᠷᠬᠤ ᠰᠠᠯᠠᠭ᠎ᠠ ᠮᠦᠴᠢᠷ ᠤᠨ ᠬᠠᠦᠯᠢ | ᠶᠣᠰᠣᠭᠠᠷ ᠴᠠᠭ ᠲᠣᠬᠠᠢ ᠳᠤᠨᠢ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠳᠡᠩᠰᠡᠯᠡᠭᠤᠯᠥᠯ᠂ ᠵᠠᠰᠠᠭ | ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠡᠷᠭᠡ ᠦᠨᠳᠣᠰᠣᠨ ᠢᠳᠡᠭᠡᠮᠵᠢ ᠶᠢᠨ | ᠮᠡᠳᠡᠭᠡ ᠵᠠᠩᠬᠢ ᠵᠢᠴᠢ ᠠᠵᠦ ᠠᠬᠤᠶᠢᠯᠠᠯ ᠤᠨ ᠣᠨ ᠤ ᠮᠡᠳᠡᠬᠦᠯᠥᠯᠳᠡ᠂ ᠡᠵᠡᠩᠨᠡᠯᠳᠡ ᠶᠢᠨ ᠭᠡᠪ ᠤᠨ ᠪᠤᠰᠣ ᠨᠡᠷ᠎ᠠ ᠶᠢᠨ | ᠵᠢᠠᠠᠰᠠᠭᠠᠯᠳᠡ ᠪᠠ ᠬᠦᠨᠳᠣ ᠨᠣᠴᠢᠳᠡᠢ ᠬᠠᠦᠯᠢ ᠠᠴᠠ ᠵᠦᠷᠢᠴᠡᠨ ᠢᠳᠡᠭᠡᠮᠵᠢ ᠠᠯᠳ᠋ᠬᠠᠰᠠᠨ ᠠᠵᠦ ᠠᠬᠤᠶᠢᠯᠠᠯ ᠤᠨ | ᠨᠡᠷ᠎ᠠ ᠶᠢᠨ ᠬᠠᠭᠤᠳᠠᠰᠣ ᠶᠢ ᠢᠯᠡ ᠨᠡᠶᠢᠳᠡᠯᠡᠨ᠎ᠠ᠃ ᠠᠵᠢᠯ ᠲᠦᠷᠦᠯ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ | ᠮᠦᠴᠢᠷ ᠤᠳ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠵᠦ ᠠᠬᠤᠶᠢᠯᠠᠯ ᠤᠨ ᠮᠡᠳᠡᠭᠡ ᠵᠠᠩᠬᠢ ᠪᠠᠨ ᠮᠡᠳᠡᠬᠦᠯᠦᠨ | ᠬᠦᠷᠭᠡᠬᠦ ᠬᠠᠮᠢᠶᠡᠷᠦᠯᠳᠡ ᠶᠢ ᠴᠢᠩᠭᠠᠳᠬᠠᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢ ︽ᠪᠦᠬᠦ | ᠣᠯᠥᠰ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠵᠦ ᠠᠬᠤᠶᠢᠯᠠᠯ ᠤᠨ ᠬᠠᠮᠢᠶᠡᠷᠦᠯᠳᠡ ᠶᠢᠨ ᠮᠡᠳᠡᠭᠡ | ᠵᠠᠩᠬᠢ ᠶᠢᠨ ᠰᠢᠰᠲ᠋ᠧᠮ︾ ᠢᠶᠠᠷ ᠳᠡᠮᠵᠢᠭᠤᠯᠥᠨ ᠮᠡᠳᠡᠭᠡ ᠵᠠᠩᠬᠢ ᠪᠠᠨ ᠴᠠᠭ ᠲᠣᠬᠠᠢ ᠳᠤᠨᠢ᠂ ᠵᠦᠪ ᠣᠨᠣᠪᠴᠢᠳᠡᠢ | ᠮᠡᠳᠡᠬᠦᠯᠦᠨ ᠬᠦᠷᠭᠡᠬᠦ ᠶᠢ ᠱᠠᠭᠠᠷᠳᠡᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠮᠡᠳᠡᠭᠡ | ᠵᠠᠩᠬᠢ ᠶᠢᠨ ᠭᠡᠪ ᠤᠨ ᠪᠤᠰᠣ ᠨᠡᠷ᠎ᠠ ᠶᠢᠨ ᠵᠢᠠᠠᠰᠠᠭᠠᠯᠳᠡ ᠪᠠ ᠨᠡᠷ᠎ᠠ ᠶᠢᠨ ᠬᠠᠷ᠎ᠠ ᠳᠡᠩᠰᠡ ᠶᠢᠨ ᠮᠡᠳᠡᠬᠦᠯᠦᠨ ᠬᠦᠷᠬᠡᠬᠦ | ᠳᠦᠷᠢᠮ ᠢ ᠪᠠᠶᠢᠭᠤᠯᠵᠦ᠂ ᠮᠡᠳᠡᠭᠡ ᠵᠠᠩᠬᠢᠵᠢᠯᠳᠡ ᠶᠢᠨ ᠠᠷᠭ᠎ᠠ ᠪᠡᠷᠢᠯ ᠢ ᠠᠰᠢᠠᠠᠯᠠᠨ ᠠᠵᠢᠯ ᠭᠡᠷᠡᠭ ᠤᠨ ᠲᠣᠮᠳᠡ ᠪᠠ | ᠠᠵᠢᠯ ᠭᠡᠷᠡᠭ ᠤᠨ ᠳᠡᠷᠠᠭ᠎ᠠ ᠪᠠᠷ ᠬᠢ ᠬᠢᠨᠡᠨ ᠬᠠᠮᠢᠶᠡᠷᠬᠤ ᠶᠢ ᠴᠢᠩᠭᠠᠳᠬᠠᠨ᠎ᠠ᠃ ᠣᠯᠥᠰ ᠤᠨ ᠨᠢᠭᠡᠳᠦᠯᠳᠡᠢ | ᠪᠠᠶᠢᠷᠢᠯᠠᠭᠤᠯᠥᠯᠳᠡ ᠶᠣᠰᠣᠭᠠᠷ᠂ ᠦᠪᠡᠷᠳᠡᠭᠡᠨ ᠵᠠᠰᠬᠠᠥ ᠣᠷᠣᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ | ᠳᠡᠪᠴᠠᠩ ᠳᠤ ᠳᠦᠰᠢᠭᠯᠡᠨ᠂ ᠰᠠᠯᠠᠭ᠎ᠠ ᠮᠦᠴᠢᠷ ᠤᠨ ᠮᠡᠳᠡᠭᠡ ᠵᠠᠩᠬᠢ ᠶᠢᠨ ᠰᠢᠰᠲ᠋ᠧᠮ ᠤᠨ ᠬᠤᠯᠪᠤᠭᠠᠯᠠᠨ | ᠨᠡᠪᠳᠡᠷᠡᠯᠴᠡᠬᠦ ᠪᠠ ᠮᠡᠳᠡᠭᠡ ᠵᠠᠩᠬᠢ ᠪᠠᠨ ᠰᠣᠯᠢᠯᠴᠠᠵᠦ ᠬᠠᠮᠲᠤ ᠳᠠᠭᠠᠨ ᠬᠦᠷᠳᠡᠬᠦ ᠶᠢ ᠳᠦᠷᠭᠡᠳᠭᠡᠨ ᠠᠬᠢᠭᠤᠯᠵᠦ᠂ | ᠣᠷᠣᠨ ᠪᠦᠰᠡ ᠠᠯᠥᠰᠯᠬᠠᠰᠠᠨ᠂ ᠰᠠᠯᠠᠭ᠎ᠠ ᠮᠦᠴᠢᠷ ᠠᠯᠥᠰᠯᠬᠠᠰᠠᠨ ᠲᠤᠭ᠎ᠠ ᠪᠡᠷᠢᠮᠳᠡ ᠶᠢ ᠬᠠᠮᠳᠣᠪᠡᠷ ᠬᠦᠷᠳᠡᠬᠦ ᠪᠠ | ᠲᠣᠬᠠᠶᠢᠯᠬᠠᠰᠠᠨ ᠠᠵᠢᠯ ᠤᠨ ᠬᠠᠮᠵᠢᠯᠴᠠᠭ᠎ᠠ ᠶᠢ ᠳᠦᠷᠭᠡᠳᠭᠡᠨ ᠪᠠᠶᠠᠯᠠᠬᠦᠯᠦᠨ᠎ᠠ᠃ | ︵ᠠᠷᠪᠠᠨ ᠨᠢᠭᠡ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠳᠦᠭᠰᠢᠬᠦᠷᠢ ᠶᠢ ᠰᠡᠷᠭᠡᠶᠢᠯᠡᠨ | ᠡᠵᠡᠮᠳᠡᠬᠦ ᠴᠢᠳᠡᠪᠦᠷᠢ ᠶᠢ ᠳᠡᠭᠡᠭᠰᠢᠯᠡᠬᠦᠯᠥᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ | ᠢᠳᠡᠭᠡᠮᠵᠢ ᠶᠢᠨ ᠠᠮᠠᠯᠠᠯᠳᠡ ᠶᠢᠨ ᠳᠦᠷᠢᠮ ᠢ ᠪᠠᠶᠢᠭᠤᠯᠵᠦ᠂ ᠢᠳᠡᠭᠡᠮᠵᠢ ᠶᠢᠨ ᠠᠮᠠᠯᠠᠯᠳᠡ ᠶᠢ ᠵᠠᠬ᠎ᠠ ᠳᠡᠯᠭᠡᠬᠦᠷ ᠤᠨ | ᠭᠤᠤᠯ ᠴᠣᠠᠠᠴᠠ ᠶᠢᠨ ᠢᠳᠡᠭᠡᠮᠵᠢ ᠶᠢᠨ ᠳᠡᠮᠳᠡᠭᠯᠡᠯ ᠳᠤ ᠣᠷᠣᠭᠤᠯᠥᠨ᠂ ᠨᠡᠶᠢᠭᠡᠮ ᠨᠡᠶᠢᠳᠡ ᠶᠢᠨ ᠬᠢᠨᠡᠯᠳᠡ | ᠳᠡᠯᠪᠢᠬᠤ ᠶᠢ ᠬᠦᠯᠢᠶᠡᠬᠦ ᠶᠢᠨ ᠳᠠᠭᠠᠥ ᠠᠵᠢᠯ ᠭᠡᠷᠡᠭ ᠤᠨ ᠲᠣᠮᠳᠡ ᠪᠠ ᠠᠵᠢᠯ ᠭᠡᠷᠡᠭ ᠤᠨ ᠳᠡᠷᠡᠭᠠᠬᠢ ᠬᠢᠨᠡᠯᠳᠡ | ᠬᠠᠮᠢᠶᠡᠷᠣᠯᠳᠡ ᠶᠢᠨ ᠯᠠᠪᠯᠬᠠᠥ ᠦᠨᠳᠣᠰᠣ ᠪᠡᠷᠢᠮᠳᠡ ᠪᠤᠯᠭᠠᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠨᠢ ᠦᠨᠡᠨᠴᠢ ᠢᠳᠡᠭᠡᠮᠵᠢᠳᠡᠢ ᠪᠠᠷ ᠬᠠᠦᠯᠢ ᠶᠢ ᠰᠠᠬᠢᠵᠦ᠂ ᠬᠠᠦᠯᠢ ᠶᠣᠰᠣᠭᠠᠷ ᠡᠵᠡᠩᠨᠡᠬᠦ ᠦᠵᠡᠯᠳᠡ ᠶᠢ ᠪᠤᠢ | ᠪᠤᠯᠭᠠᠨ᠂ ᠬᠠᠳᠠᠭᠠᠯᠠᠮᠵᠢ ᠶᠢᠨ ᠵᠤᠭᠤᠰ ᠢ ᠳᠡᠳᠡᠨ ᠰᠢᠩᠭᠡᠭᠡᠬᠦ᠂ ᠵᠢᠭᠡᠯᠡᠯᠭᠡ ᠳᠡᠯᠪᠢᠬᠤ᠂ ᠨᠡᠶᠢᠳᠡᠯᠭ᠎ᠠ ᠪᠠᠷ ᠵᠢᠭᠡᠯᠡᠯᠭᠡ | ᠳᠡᠯᠪᠢᠬᠤ ᠵᠡᠷᠭᠡ ᠮᠦᠡᠭᠬᠦᠨ ᠬᠦᠢᠯᠭᠡᠭᠡᠨ ᠤ ᠲᠣᠬᠠᠶᠢᠯᠬᠠᠰᠠᠨ ᠠᠵᠢᠯ ᠪᠤᠶᠤ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠨᠡᠷ᠎ᠠ ᠶᠢ ᠠᠰᠢᠠᠠᠯᠠᠨ ᠬᠠᠦᠯᠢ ᠪᠤᠰᠣ ᠪᠠᠷ ᠪᠡᠯᠡ ᠴᠣᠠᠠᠯᠠᠭᠤᠯᠬᠤ ᠠᠵᠢᠯᠯᠠᠭ᠎ᠠ ᠦᠷᠨᠢᠬᠦᠯᠵᠦ ᠪᠤᠯᠬᠤ | ᠦᠭᠡᠢ᠃ ᠳᠦᠭᠰᠢᠬᠦᠷᠢ ᠶᠢ ᠰᠡᠷᠭᠡᠶᠢᠯᠡᠬᠦ ᠰᠢᠰᠲ᠋ᠧᠮᠵᠢ ᠪᠠ ᠲᠣᠳᠣᠭᠠᠳᠣ ᠶᠢᠨ ᠬᠠᠮᠢᠶᠡᠷᠦᠯᠳᠡ ᠶᠢᠨ ᠳᠦᠷᠢᠮ ᠤᠨ | ᠪᠠᠶᠢᠭᠤᠯᠥᠯᠳᠡ ᠶᠢ ᠴᠢᠩᠭᠠᠳᠬᠠᠵᠦ᠂ ᠳᠦᠭᠰᠢᠬᠦᠷᠢᠳᠦ ᠡᠳ᠋ ᠬᠦᠷᠦᠩᠭᠡ ᠶᠢᠨ ᠬᠠᠮᠢᠶᠡᠷᠦᠯᠳᠡ ᠶᠢᠨ ᠰᠡᠶᠢᠨ ᠰᠠᠶᠢᠬᠠᠨ | ᠳᠦᠷᠢᠮ ᠢ ᠪᠦᠷᠢᠯᠳᠦᠬᠦᠯᠥᠨ᠂ ᠬᠠᠷᠢᠴᠠᠭᠠᠨ ᠤ ᠡᠷᠦᠭᠡ ᠶᠢᠨ ᠳᠦᠭᠰᠢᠬᠦᠷᠢ ᠶᠢ ᠦᠨᠡᠯᠡᠨ ᠵᠢᠱᠢᠬᠦ ᠲᠣᠠᠠᠳᠡᠴᠠ ᠶᠢ | ᠪᠠᠶᠢᠭᠤᠯᠥᠨ ᠪᠦᠷᠢᠨᠰᠢᠬᠦᠯᠵᠦ᠂ ᠡᠳ᠋ ᠬᠦᠷᠦᠩᠭᠡ ᠶᠢᠨ ᠬᠠᠮᠢᠶᠡᠷᠦᠯᠳᠡ ᠶᠢᠨ ᠴᠢᠳᠡᠪᠦᠷᠢ ᠶᠢ ᠴᠢᠩᠭᠠᠷᠡᠭᠤᠯᠥᠨ᠂ | ᠡᠵᠡᠩᠨᠡᠯᠳᠡ ᠶᠢᠨ ᠳᠦᠭᠰᠢᠬᠦᠷᠢ ᠶᠢ ᠴᠢᠩᠭ᠎ᠠ ᠡᠵᠡᠮᠳᠡᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠨᠢ | ᠳᠠᠭᠠᠳᠬᠠᠯ᠂ ᠳᠠᠭᠠᠭᠠᠯᠳᠡ ᠵᠡᠷᠭᠡ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠯᠤᠭ᠎ᠠ ᠬᠠᠮᠳᠣᠷᠡᠯᠴᠠᠭ᠎ᠠ ᠬᠢᠵᠦ᠂ | ᠳᠠᠭᠠᠭᠠᠯᠳᠡ ᠶᠢᠨ ᠺᠤᠮᠫᠠᠨᠢ ᠶᠢᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠳᠤ ᠳᠠᠭᠠᠭᠠᠯᠳᠡ ᠶᠢᠨ ᠠᠵᠢᠯ | ᠦᠷᠨᠢᠬᠦᠯᠬᠦ ᠶᠢ ᠵᠣᠷᠢᠠᠠᠵᠢᠭᠤᠯᠵᠦ᠂ ᠳᠠᠭᠠᠳᠬᠠᠯ ᠤᠨ ᠪᠠᠶᠢᠭᠤᠯᠥᠮᠵᠢ ᠶᠢᠨ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠳᠤ ᠳᠠᠭᠠᠳᠬᠠᠯ ᠬᠢᠬᠦ ᠵᠡᠷᠭᠡ ᠢᠳᠡᠭᠡᠮᠵᠢ ᠶᠢᠨ ᠳᠠᠭᠠᠳᠬᠠᠯ ᠤᠨ ᠲᠤᠬᠠᠢᠢᠯᠠᠬᠰᠠᠨ ᠠᠵᠢᠯ | ᠦᠷᠨᠢᠬᠦᠯᠬᠦ ᠶᠢ ᠵᠤᠷᠢᠠᠠᠵᠢᠭᠤᠯᠥᠨ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠡᠵᠡᠩᠨᠡᠯᠳᠡ ᠶᠢᠨ | ᠳᠦᠭᠰᠢᠬᠦᠷᠢ ᠶᠢ ᠨᠠᠮᠳᠡᠭᠤᠯᠵᠦ᠂ ᠳᠦᠭᠰᠢᠬᠦᠷᠢ ᠶᠢᠨ ᠬᠠᠮᠢᠶᠡᠷᠦᠯᠳᠡ ᠳᠤ ᠲᠤᠰᠬᠠᠢᠢᠵᠢᠬᠰᠠᠨ ᠦᠢᠯᠡᠴᠢᠯᠡᠭᠡ | ᠬᠠᠩᠭᠠᠨ᠎ᠠ᠃ | ︵ᠠᠷᠪᠠᠨ ᠬᠤᠶᠡᠷ︶ ᠠᠵᠢᠯ ᠳᠦᠷᠦᠯ ᠤᠨ ᠵᠠᠭᠤᠴᠢ ᠪᠠᠶᠢᠭᠤᠯᠥᠮᠵᠢ ᠶᠢᠨ ᠦᠢᠯᠡᠳᠣᠯ ᠢ ᠪᠠᠳᠡᠷᠡᠭᠤᠯᠥᠨ᠎ᠠ᠃ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠵᠢᠯ ᠳᠦᠷᠦᠯ ᠤᠨ ᠵᠠᠭᠤᠴᠢ ᠪᠠᠶᠢᠭᠤᠯᠥᠮᠵᠢ ᠶᠢᠨ ᠪᠠᠶᠢᠭᠤᠯᠥᠯᠳᠡ ᠶᠢ | ᠴᠢᠩᠭᠠᠳᠬᠠᠵᠦ᠂ ᠵᠤᠬᠢᠴᠠᠭᠤᠯᠬᠤ᠂ ᠡᠷᠭᠡ ᠶᠢ ᠬᠠᠮᠠᠭᠠᠯᠬᠠᠥ᠂ ᠦᠪᠡᠷ ᠢ ᠪᠠᠨ ᠱᠠᠭᠠᠷᠳ᠋ᠬᠠᠥ᠂ ᠦᠢᠯᠡᠴᠢᠯᠡᠬᠦ ᠡᠬᠦᠷᠭᠡ | ᠴᠢᠳᠠᠪᠤᠷᠢ ᠪᠠᠨ ᠬᠦᠢᠴᠡᠳᠭᠡᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢᠨ ᠠᠵᠢᠯ ᠳᠦᠷᠦᠯ ᠤᠨ | ᠦᠪᠡᠷ ᠢ ᠪᠠᠨ ᠱᠠᠭᠠᠷᠳ᠋ᠬᠠᠥ ᠵᠤᠬᠢᠶᠡᠨ ᠪᠠᠶᠢᠭᠤᠯᠥᠯᠳᠡ ᠳᠤ ᠣᠷᠣᠬᠤ ᠶᠢ ᠵᠤᠷᠢᠠᠠᠵᠢᠭᠤᠯᠥᠨ᠎ᠠ᠃ ᠠᠵᠢᠯ ᠳᠦᠷᠦᠯ ᠤᠨ | ᠦᠪᠡᠷ ᠢ ᠪᠠᠨ ᠬᠢᠵᠠᠭᠠᠷᠯᠬᠠᠥ ᠲᠣᠠᠠᠳᠡᠴᠠ ᠶᠢᠨ ᠪᠠᠶᠢᠭᠤᠯᠥᠯᠳᠡ ᠶᠢ ᠴᠢᠩᠭᠠᠳᠬᠠᠵᠦ᠂ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠺᠤᠮᠫᠠᠨᠢ ᠶᠢᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠳᠡᠢ ᠪᠠᠷ ᠡᠬᠦᠷᠭᠡᠯᠡᠬᠦ ᠶᠢ ᠵᠤᠷᠢᠠᠠᠵᠢᠭᠤᠯᠥᠨ᠂ | ᠠᠵᠢᠯ ᠳᠦᠷᠦᠯ ᠤᠨ ᠨᠦᠯᠦᠭᠡᠯᠡᠬᠦ ᠬᠦᠴᠣᠨ ᠢ ᠳᠡᠭᠡᠭᠰᠢᠯᠡᠬᠦᠯᠦᠨ᠎ᠠ᠃ ᠳᠦᠷᠢᠶᠡᠰᠦᠯᠡᠬᠦ ᠡᠯ᠎ᠠ ᠡᠳᠡᠭᠡᠳ ᠢ ᠬᠦᠳᠦᠯᠥᠨ | ᠵᠢᠯᠥᠭᠤᠳᠴᠥ ᠪᠠᠶᠢᠭᠠᠳ ᠵᠠᠷᠭᠤᠯᠳᠣᠬᠤ ᠪᠤᠶᠤ ᠬᠦᠨᠳᠡᠯᠡᠨ ᠠᠴᠠ ᠳᠠᠰᠣᠯᠬᠤ ᠵᠡᠷᠭᠡ ᠠᠷᠭ᠎ᠠ ᠮᠠᠶ᠋ᠢᠭ ᠢᠶᠠᠷ | ᠳᠡᠮᠵᠢᠭᠤᠯᠥᠨ ᠮᠡᠷᠭᠤᠯᠳᠣᠭᠠᠨ ᠢ ᠴᠠᠭ ᠲᠣᠬᠠᠢ ᠳᠤᠨᠢ ᠰᠢᠢᠳᠪᠦᠷᠢᠯᠡᠵᠦ᠂ ᠠᠵᠢᠯ ᠳᠦᠷᠦᠯ ᠤᠨ ᠨᠡᠶᠢᠭᠡᠮᠯᠢᠭ ᠵᠡᠷᠭᠡ | ᠵᠤᠬᠢᠶᠡᠨ ᠪᠠᠶᠢᠭᠤᠯᠥᠯᠳᠡ ᠠᠴᠠ ᠳᠦᠷᠢᠶᠡᠰᠦᠯᠡᠬᠦ ᠡᠯ᠎ᠠ ᠡᠳᠡᠭᠡᠳ ᠤᠨ ᠵᠠᠭᠤᠷᠡᠯᠳᠣᠭᠠᠨ ᠢ ᠴᠠᠭ ᠲᠣᠬᠠᠢ ᠳᠤᠨᠢ | ᠪᠠᠶᠢᠴᠠᠭᠠᠨ ᠰᠢᠢᠳᠪᠦᠷᠢᠯᠡᠬᠦ ᠪᠠ ᠨᠠᠮᠳᠠᠭᠤᠯᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ | ᠳᠦᠭᠰᠢᠬᠦᠷᠢ ᠶᠢ ᠰᠡᠷᠭᠡᠶᠢᠯᠡᠨ ᠡᠵᠡᠮᠳᠡᠬᠦ ᠴᠢᠳᠡᠪᠦᠷᠢ ᠶᠢ ᠳᠡᠭᠡᠭᠰᠢᠯᠡᠬᠦᠯᠦᠨ᠎ᠠ᠃ | ︵ᠠᠷᠪᠠᠨ ᠭᠤᠷᠪᠡ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠶᠢᠨ ᠬᠠᠮᠢᠶ᠎ᠠ ᠪᠦᠬᠦᠢ ᠳᠡᠩᠰᠡᠯᠡᠨ | ᠲᠡᠮᠳᠡᠭᠯᠡᠵᠦ ᠢᠯᠡ ᠨᠡᠶᠢᠳᠡᠯᠡᠬᠦ ᠳᠦᠷᠢᠮ ᠢ ᠳᠡᠬᠦᠯᠳᠡᠷᠵᠢᠬᠦᠯᠥᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ | ᠺᠤᠮᠫᠠᠨᠢ ᠨᠢ ᠳᠦᠷᠢᠶᠡᠰᠦᠯᠡᠬᠦ ᠠᠵᠢᠯ ᠦᠷᠨᠢᠬᠦᠯᠬᠦ ᠳᠤ᠂ ᠬᠠᠦᠯᠢ ᠲᠣᠠᠠᠳᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ | ᠮᠦᠴᠢᠷ ᠲᠤ ᠪᠡᠯᠡ ᠲᠤᠬᠢᠷᠡᠭᠤᠯᠭ᠎ᠠ ᠶᠢᠨ ᠳᠦᠷᠢᠶᠡᠰᠦᠯᠡᠬᠦ ᠡᠳ᠋ ᠤᠨ ᠡᠷᠭᠡ ᠶᠢᠨ ᠬᠠᠷᠢᠶᠡᠯᠡᠯ ᠳᠤ ᠲᠠᠩᠰᠠᠯᠠᠨ | ᠲᠡᠮᠳᠡᠭᠯᠡᠬᠦ ᠭᠠᠷᠳᠡᠮ ᠢ ᠬᠦᠢᠴᠡᠳᠭᠡᠵᠦ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠪᠤᠯᠥᠨ ᠨᠡᠶᠢᠭᠡᠮ ᠤᠨ | ᠤᠯᠠᠨ ᠨᠡᠶᠢᠳᠡ ᠬᠠᠦᠯᠢ ᠶᠣᠰᠣᠭᠠᠷ ᠳᠡᠨᠵᠢᠯᠡᠬᠰᠠᠨ ᠲᠡᠮᠳᠡᠭᠯᠡᠯ ᠤᠨ ᠮᠡᠳᠡᠭᠡ ᠵᠠᠩᠬᠢ ᠶᠢ ᠯᠠᠪᠯᠠᠵᠦ ᠪᠤᠯᠥᠨ᠎ᠠ᠃ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠠᠴᠠ ᠬᠤᠳᠠᠯᠳᠣᠭᠠᠨ ᠤ ᠶᠠᠪᠤᠳᠡᠯ ᠤᠨ ᠶᠠᠮᠤᠨ ᠤ ︽ᠪᠦᠬᠦ | ᠣᠯᠥᠰ ᠤᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠠᠵᠦ ᠠᠬᠤᠶᠢᠯᠠᠯ ᠤᠨ ᠬᠠᠮᠢᠶᠡᠷᠦᠯᠳᠡ ᠶᠢᠨ ᠮᠡᠳᠡᠭᠡ | ᠵᠠᠩᠬᠢ ᠶᠢᠨ ᠰᠢᠰᠲ᠋ᠧᠮ︾᠂ ︽ᠲᠣᠮᠳᠠᠳᠣ ᠣᠯᠥᠰ ᠤᠨ ᠠᠷᠡᠳ ᠤᠨ ᠪᠠᠩᠬᠢ ᠶᠢᠨ ᠢᠳᠡᠭᠡᠮᠵᠢ ᠶᠢᠨ ᠳᠦᠪ ᠲᠠᠬᠢ | ᠬᠦᠳᠡᠯᠬᠦ ᠬᠦᠷᠦᠩᠬᠡ ᠶᠢᠨ ᠪᠡᠯᠡ ᠲᠤᠬᠢᠷᠠᠭᠤᠯᠭ᠎ᠠ ᠶᠢ ᠨᠢᠭᠡᠳᠦᠯᠳᠡᠢ ᠳᠡᠩᠰᠡᠯᠬᠠᠥ ᠰᠢᠰᠲ᠋ᠧᠮ︾ ᠵᠢᠴᠢ ︽ᠲᠣᠮᠳᠠᠳᠣ | ᠣᠯᠥᠰ ᠤᠨ ᠠᠷᠡᠳ ᠤᠨ ᠪᠠᠩᠬᠢ ᠶᠢᠨ ᠢᠳᠡᠭᠡᠮᠵᠢ ᠶᠢᠨ ᠯᠠᠪᠯᠠᠯᠭ᠎ᠠ ᠶᠢᠨ ᠳᠦᠪ ᠤᠨ ᠳᠡᠳᠡᠪᠦᠷᠢᠯᠬᠠᠥ ᠳᠡᠩᠰᠡᠨ ᠤ | ᠵᠤᠭᠤᠰ ᠤᠨ ᠪᠡᠯᠡ ᠲᠤᠬᠢᠷᠡᠭᠤᠯᠭ᠎ᠠ ᠶᠢᠨ ᠦᠢᠯᠡᠴᠢᠯᠡᠭᠡᠨ ᠤ ᠳᠡᠪᠴᠠᠩ︾ ᠳᠤ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠡᠳ᠋ ᠳᠡᠩᠰᠡᠯᠡᠨ ᠲᠡᠮᠳᠡᠭᠯᠡᠬᠦᠯᠬᠦ᠂ ᠳᠦᠷᠢᠶᠡᠰᠦᠨ ᠮᠦᠡᠭᠬᠦ ᠵᠡᠷᠭᠡ ᠳᠡᠳᠡᠪᠦᠷᠢᠯᠬᠠᠥ ᠳᠡᠩᠰᠡᠨ ᠤ | ᠵᠤᠭᠤᠰ ᠢ ᠳᠡᠨᠵᠢᠯᠬᠠᠥ ᠪᠠ ᠰᠢᠯᠵᠢᠬᠦᠯᠥᠨ ᠳᠡᠩᠰᠡᠯᠡᠵᠤ ᠲᠡᠮᠳᠡᠭᠯᠡᠬᠦᠯᠬᠦ ᠶᠢ ᠵᠤᠷᠢᠬᠵᠢᠭᠤᠯᠬᠤ ᠶᠢᠨ ᠳᠠᠭᠠᠥ ᠡᠳ᠋ | ᠬᠦᠷᠦᠩᠭᠡ ᠪᠠᠷ ᠪᠠᠷᠢᠴᠠᠭᠠᠯᠠᠬᠤ᠂ ᠳᠡᠨᠵᠢᠯᠬᠠᠥ ᠪᠠ ᠬᠤᠳᠠᠯᠳᠣᠨ ᠠᠪᠠᠨ᠋ᠥ ᠵᠡᠷᠭᠡ ᠲᠤᠬᠠᠢᠢᠯᠠᠬᠰᠠᠨ ᠠᠵᠢᠯ ᠢ | ᠦᠷᠨᠢᠬᠦᠯᠬᠦ ᠳᠡᠭᠡᠨ ᠬᠠᠮᠢᠶ᠎ᠠ ᠪᠦᠬᠦᠢ ᠬᠠᠷᠡᠯᠳᠡ ᠪᠤᠳᠡᠰ ᠤᠨ ᠡᠷᠭᠡ ᠶᠢᠨ ᠬᠠᠷᠢᠶᠡᠯᠡᠯ ᠤᠨ ᠪᠠᠶᠢᠳᠡᠯ ᠢ ᠯᠠᠪᠯᠠᠨ᠎ᠠ᠃ | ᠲᠠᠪᠤ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢᠨ ᠪᠠᠳᠣᠯᠠᠭ᠎ᠠ ᠶᠢᠨ ᠠᠷᠭ᠎ᠠ | ᠭᠡᠮᠵᠢᠶ᠎ᠠ ᠶᠢ ᠳᠡᠬᠦᠯᠳᠡᠷᠵᠢᠬᠦᠯᠬᠦ ᠭᠡᠷᠡᠭᠳᠡᠢ | ︵ᠠᠷᠪᠠᠨ ᠳᠦᠷᠪᠡ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢᠨ ᠰᠠᠭᠤᠷᠢ | ᠮᠦᠡᠭᠬᠦ ᠶᠢ ᠪᠠᠶᠢᠭᠤᠯᠥᠨ᠎ᠠ᠃ ᠮᠠᠨ ᠤ ᠣᠷᠣᠨ ᠤ ᠪᠠᠶᠢᠯᠳᠣᠬᠤ ᠪᠤᠳᠣᠯᠭ᠎ᠠ ᠶᠢᠨ ᠰᠢᠨ᠎ᠠ ᠶᠢ ᠡᠬᠦᠳᠬᠦ ᠠᠵᠦ | ᠦᠢᠯᠡᠰ ᠤᠨ ᠰᠠᠭᠤᠷᠢ ᠮᠦᠡᠭᠬᠦ ᠶᠢᠨ ᠪᠤᠷᠥ ᠳᠦᠯᠥᠪ ᠳᠤ᠂ ᠦᠪᠤᠷ ᠮᠣᠩᠭᠤᠯ ᠤᠨ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠦᠢᠯᠡᠰ ᠤᠨ ᠬᠦᠭᠵᠢᠯᠳᠡ ᠶᠢᠨ ᠰᠠᠭᠤᠷᠢ ᠮᠦᠡᠭᠬᠦ ᠪᠠᠶᠢᠭᠤᠯᠬᠤ ᠶᠢ ᠳᠡᠮᠵᠢᠵᠦ᠂ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠳᠤ ᠪᠡᠯᠡ ᠲᠣᠬᠢᠷᠡᠭᠤᠯᠬᠤ ᠵᠢᠴᠢ ᠪᠤᠰᠣᠳ ᠦᠷᠳᠡᠭ ᠨᠡᠮᠡᠭᠳᠡᠬᠦᠯᠬᠦ | ᠦᠢᠯᠡᠴᠢᠯᠡᠭᠡᠨ ᠬᠠᠩᠭᠠᠵᠦ᠂ ᠠᠷᠡᠳ ᠤᠨ ᠲᠤᠮᠳᠠᠬᠢ ᠬᠦᠷᠦᠩᠭᠡ ᠶᠢ ᠬᠦᠳᠦᠯᠥᠨ ᠵᠢᠯᠥᠭᠤᠳᠴᠥ ᠪᠠᠶᠢᠭᠠᠳ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠲᠤ ᠣᠷᠣᠭᠤᠯᠥᠯᠳᠡ ᠬᠢᠬᠦ ᠶᠢ ᠴᠢᠩᠭᠠᠷᠡᠭᠤᠯᠥᠨ᠂ ᠮᠠᠨ ᠤ ᠣᠷᠣᠨ ᠤ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠤᠨ ᠲᠦᠷᠬᠡᠨ ᠬᠦᠭᠵᠢᠡ ᠪᠤᠵᠠᠭᠠᠶᠢᠷᠬᠠᠥ ᠶᠢ ᠳᠡᠮᠵᠢᠨ᠎ᠠ᠃ | ︵ᠠᠷᠪᠠᠨ ᠲᠠᠪᠤ︶ ᠭᠠᠶᠢᠯᠢ ᠳᠡᠳᠡᠪᠦᠷᠢ ᠶᠢᠨ ᠳᠦᠷᠦ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠎ᠠ᠃ | ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ᠂ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠬᠠᠮᠢᠶ᠎ᠠ | ᠪᠦᠬᠦᠢ ᠭᠠᠶᠢᠯᠢ ᠳᠡᠳᠡᠪᠦᠷᠢ ᠶᠢᠨ ᠳᠦᠷᠦ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠂ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠠᠵᠢᠯ ᠳᠦᠷᠦᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠥᠨ᠎ᠠ᠃ ᠪᠡᠯᠡ ᠲᠣᠬᠢᠷᠠᠭᠤᠯᠭ᠎ᠠ ᠶᠢᠨ | ᠳᠦᠷᠢᠶᠡᠰᠦᠯᠡᠬᠦ ᠭᠡᠷ᠎ᠠ ᠳᠤ᠂ ᠭᠡᠷ᠎ᠡ ᠶᠢᠨ ᠪᠢᠴᠢᠵᠦ ᠤᠷᠤᠭᠤᠯᠤᠬᠰᠠᠨ ᠳᠦᠷᠢᠶᠡᠰᠦᠨ ᠮᠦᠡᠭᠬᠦ ᠶᠢᠨ ᠶᠡᠷᠦᠩᠭᠡᠢ | ᠲᠤᠭ᠎ᠠ ᠪᠠᠨ ᠳᠦᠷ ᠴᠠᠭ ︽ᠵᠤᠭᠤᠰ ᠵᠢᠭᠡᠯᠡᠭᠰᠡᠨ ᠭᠡᠷ᠎ᠡ︾ ᠶᠤᠰᠤᠭᠠᠷ ᠭᠠᠶᠢᠯᠢ ᠪᠤᠳᠣᠵᠦ ᠭᠠᠶᠢᠯᠢ ᠶᠢᠨ ᠳᠡᠮᠳᠡᠭ | ᠨᠠᠭᠠᠵᠦ ᠪᠤᠯᠥᠨ᠎ᠠ᠃ | ︵ᠠᠷᠪᠠᠨ ᠵᠢᠷᠭᠤᠭ᠎ᠠ︶ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠪᠠᠶᠢᠭᠤᠯᠥᠮᠵᠢ ᠶᠢᠨ ᠪᠡᠯᠡ | ᠲᠣᠬᠢᠷᠡᠭᠤᠯᠬᠤ ᠵᠠᠮ ᠮᠦᠷ ᠢ ᠦᠷᠭᠡᠳᠭᠡᠨ᠎ᠠ᠃ ᠪᠠᠩᠬᠢ᠂ ᠳᠠᠭᠠᠳᠬᠠᠯ᠂ ᠢᠳᠡᠭᠡᠮᠵᠢ᠂ ᠰᠠᠭᠤᠷᠢ ᠮᠦᠡᠭᠬᠦ ᠵᠡᠷᠭᠡ ᠡᠯ᠎ᠠ | ᠳᠦᠷᠦᠯ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠨᠢ ᠳᠦᠭᠰᠢᠬᠦᠷᠢ ᠶᠢ ᠡᠵᠡᠮᠳᠡᠵᠦ ᠳᠡᠶᠢᠯᠬᠦ ᠣᠷᠢᠳᠡᠯ ᠲᠣᠣᠷ᠎ᠠ | ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢ ᠳᠡᠮᠵᠢᠬᠦ ᠡᠷᠴᠢᠮ ᠢᠶᠠᠨ ᠴᠢᠩᠭᠠᠷᠡᠭᠤᠯᠥᠨ᠎ᠠ᠃ | ᠨᠦᠬᠦᠴᠡᠯ ᠳᠤ ᠨᠠᠶᠢᠴᠡᠬᠦ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢ ᠲᠠᠮᠵᠢᠵᠦ ᠪᠠᠶᠢᠭᠠᠳ ᠰᠲ᠋ᠥᠺ ᠢᠶᠠᠨ | ᠵᠠᠬ᠎ᠠ ᠳᠡᠯᠭᠡᠬᠦᠷ ᠲᠤ ᠭᠠᠷᠭᠠᠬᠤ ᠪᠠ ᠠᠵᠦ ᠠᠬᠤᠶᠢᠯᠠᠯ ᠤᠨ ᠵᠢᠭᠡᠯᠡᠯᠭᠡ ᠶᠢᠨ ᠳᠡᠮᠳᠡᠭᠳᠣ᠂ ᠺᠤᠮᠫᠠᠨᠢ ᠶᠢᠨ | ᠵᠢᠭᠡᠯᠡᠯᠭᠡ ᠶᠢᠨ ᠳᠡᠮᠳᠡᠭᠳᠣ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠳᠡᠮᠳᠡᠭᠳᠣ᠂ ᠤᠷᠳᠤᠪᠳᠤᠷ | ᠬᠤᠭᠤᠴᠠᠭᠠᠨ ᠤ ᠫᠢᠶᠥᠥ ᠪᠡᠷᠢᠮᠳᠡ ᠳᠡᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠭᠤᠯᠥᠨ᠂ ᠰᠢᠭᠤᠳ ᠪᠡᠯᠡ | ᠲᠣᠬᠢᠷᠠᠭᠤᠯᠭ᠎ᠠ ᠶᠢᠨ ᠵᠠᠮ ᠮᠦᠷ ᠪᠠ ᠬᠡᠪᠴᠢᠶ᠎ᠠ ᠶᠢ ᠦᠷᠭᠡᠳᠭᠡᠨ᠂ ᠡᠳ᠋ ᠬᠦᠷᠦᠩᠭᠡ ᠪᠠᠨ ᠰᠢᠯᠵᠢᠬᠦᠯᠥᠨ | ᠳᠦᠷᠢᠶᠡᠰᠦᠯᠡᠬᠦ ᠶᠢ ᠳᠡᠮᠵᠢᠨ᠎ᠠ᠃ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢ ᠲᠠᠮᠵᠢᠵᠦ ᠪᠠᠶᠢᠭᠠᠳ | ᠣᠬᠤᠷ ᠬᠤᠭᠤᠴᠠᠭᠠᠨ ᠤ ᠵᠢᠭᠡᠯᠡᠯᠭᠡ ᠪᠠᠷ ᠳᠡᠮᠵᠢᠨ ᠭᠠᠳᠠᠭᠠᠳᠣ ᠭᠤᠪᠢᠭᠤᠯᠭ᠎ᠠ ᠶᠢᠨ ᠪᠡᠯᠡ ᠮᠦᠡᠭᠬᠦ ᠬᠦᠢᠯᠭᠡᠭᠡᠵᠦ᠂ | ᠤᠷᠳᠤᠪᠳᠤᠷ ᠪᠠ ᠣᠷᠳᠣ ᠬᠤᠭᠤᠴᠠᠭᠠᠨ ᠤ ᠭᠠᠳᠠᠭᠠᠳᠣ ᠵᠢᠭᠡᠯᠡᠯᠭᠡ ᠶᠢ ᠠᠰᠢᠠᠠᠯᠠᠨ ᠪᠡᠯᠡ ᠲᠣᠬᠢᠷᠠᠭᠤᠯᠭ᠎ᠠ ᠶᠢᠨ ᠵᠠᠮ | ᠮᠦᠷ ᠢ ᠦᠷᠭᠡᠳᠭᠡᠨ᠎ᠠ᠃ ᠳᠠᠭᠠᠳᠬᠠᠯ ᠤᠨ ᠠᠵᠦ ᠠᠬᠤᠶᠢᠯᠠᠯ ᠢ ᠲᠠᠮᠵᠢᠵᠦ ᠪᠠᠶᠢᠭᠠᠳ ᠠᠪᠤᠴᠠᠭᠠᠨ ᠤ ᠡᠷᠭᠡ᠂ | ᠰᠲ᠋ᠤᠺ ᠤᠨ ᠡᠷᠬᠡ ᠪᠤᠶᠤ ᠠᠪᠤᠴᠠᠭᠠᠨ ᠤ ᠡᠷᠭᠡ ᠪᠠᠨ ᠰᠲ᠋ᠤᠺ ᠤᠨ ᠡᠷᠬᠡ ᠪᠤᠯᠭᠠᠨ ᠬᠤᠪᠢᠷᠡᠭᠤᠯᠬᠤ ᠵᠡᠷᠭᠡ ᠠᠷᠭ᠎ᠠ | ᠪᠠᠷᠢᠯ ᠢ ᠬᠡᠷᠡᠭᠯᠡᠨ ᠪᠡᠯᠡ ᠲᠣᠬᠢᠷᠠᠭᠤᠯᠭ᠎ᠠ ᠶᠢᠨ ᠳᠦᠷᠢᠶᠡᠰᠦᠯᠡᠬᠦ ᠦᠢᠯᠡᠰ ᠲᠤ ᠪᠡᠯᠡ ᠣᠷᠣᠭᠤᠯᠤᠨ᠎ᠠ᠃ ᠪᠡᠯᠡ | ᠲᠣᠬᠢᠷᠠᠭᠤᠯᠭ᠎ᠠ ᠶᠢᠨ ᠳᠦᠷᠢᠶᠡᠰᠦᠯᠡᠬᠦ ᠺᠤᠮᠫᠠᠨᠢ ᠶᠢ ᠲᠠᠮᠵᠢᠵᠦ ᠪᠠᠶᠢᠭᠠᠳ ᠠᠷᠡᠳ ᠤᠨ ᠵᠤᠭᠤᠰ ᠤᠨ ᠬᠢᠯᠢ ᠠᠯᠥᠰᠯᠠᠨ | ᠪᠡᠯᠡ ᠲᠣᠬᠢᠷᠡᠭᠤᠯᠬᠤ ᠠᠵᠢᠯ ᠦᠷᠨᠢᠬᠦᠯᠤᠨ᠎ᠠ᠃ |