ᠰᠢᠨ᠎ᠡ ᠶᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ ᠲᠠᠢ ᠪᠦᠭᠡᠳ ᠬᠠᠮᠲᠤ ᠪᠠᠷ ᠬᠦᠷᠲᠡᠬᠦ ᠬᠥᠳᠡᠭᠡ ᠠᠵᠤ ᠠᠬᠤᠶ ᠶᠢᠨ ᠬᠥᠭᠵᠢᠯᠲᠡ ᠶᠢᠨ ᠶᠡᠭᠡ ᠪᠠᠶᠢᠷᠢᠰᠢᠯ ᠢ ᠪᠠᠶᠢᠭᠤᠯᠤᠶ᠎ᠠ
ᠨᠡᠶᠢᠲᠡᠯᠡᠭᠰᠡᠨ ᠴᠠᠭ᠄
2016/7/19
     ᠰᠤᠷᠪᠤᠯᠵᠢᠯᠠᠭᠰᠠᠨ ᠴᠠᠭ᠄      2016 ᠤᠨ ᠤ 7 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨᠡᠬᠢ 10 ᠴᠠᠭ      ᠰᠤᠷᠪᠤᠯᠵᠢᠯᠠᠭᠰᠠᠨ ᠵᠤᠴᠢᠨ᠄      ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠽᠢ ᠰᠢᠤᠸᠠᠢ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠣᠶᠢᠷ᠎ᠠ ᠳᠤ᠂ ᠪᠢᠳᠡ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠽᠢ ᠰᠢᠤᠸᠠᠢ ᠶᠢ ᠤᠷᠢᠵᠤ᠂ ︽ᠰᠢᠨ᠎ᠡ ᠶᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ ᠲᠠᠢ ᠪᠦᠭᠡᠳ ᠬᠠᠮᠲᠤ ᠪᠠᠷ ᠬᠦᠷᠲᠡᠬᠦ ᠬᠥᠳᠡᠭᠡ ᠠᠵᠤ ᠠᠬᠤᠶ ᠶᠢᠨ ᠬᠥᠭᠵᠢᠯᠲᠡ ᠶᠢᠨ ᠶᠡᠭᠡ ᠪᠠᠶᠢᠷᠢᠰᠢᠯ ᠢ ᠪᠠᠶᠢᠭᠤᠯᠤᠶ᠎ᠠ︾ ᠬᠡᠰᠡᠨ ᠰᠡᠳᠦᠪ ᠢᠶᠠᠷ ᠲᠠ ᠨᠠᠷ ᠲᠠᠢ ᠶᠠᠷᠢᠯᠴᠠᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠶ ᠶᠢᠨ ᠴᠠᠭ ᠲᠤ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠠᠨᠳᠠ ᠨᠠᠷ᠂ ᠰᠠᠶᠢᠨ ᠪᠠᠶᠢᠵᠠᠭᠠᠨ᠎ᠠ ᠤᠤ︕  ᠦᠨᠦᠳᠦᠷ ᠪᠢᠳᠡ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠽᠢ ᠰᠢᠤᠸᠠᠢ ᠶᠢ ᠤᠷᠢᠵᠤ ᠲᠠ ᠨᠠᠷ ᠲᠠᠢ ᠶᠠᠷᠢᠯᠴᠠᠭᠤᠯᠬᠤ ᠪᠤᠯᠤᠯ᠎ᠠ᠃ ᠯᠢ ᠲᠤᠪᠴᠢᠶᠠᠨ ᠳᠠᠷᠤᠭ᠎ᠠ ᠡ᠂ ᠰᠠᠶᠢᠨ ᠤᠤ︕        ᠯᠢ ᠽᠢ ᠰᠢᠤᠸᠠᠢ᠄      ᠬᠥᠲᠥᠯᠥᠭᠴᠢ ᠰᠠᠶᠢᠨ ᠤᠤ︕ ᠲᠠᠨᠠᠷ ᠰᠠᠶᠢᠨ ᠪᠠᠶᠢᠵᠠᠭᠠᠨ᠎ᠠ ᠤᠤ︕      ᠬᠥᠲᠥᠯᠥᠭᠴᠢ᠄      ᠣᠶᠢᠷ᠎ᠠ ᠶᠢᠨ ᠵᠢᠯ ᠤᠳ ᠠᠴᠠ ᠨᠠᠰᠢ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠤᠬᠢᠷᠠᠭᠤᠯᠤᠯᠲᠠ ᠪᠤᠯᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠬᠦᠭᠵᠢᠬᠦᠯᠬᠦ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ ᠪᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠢ ᠵᠢᠯ ᠠᠴᠠ ᠵᠢᠯ ᠰᠢᠨ᠎ᠡ ᠳᠡᠭᠲᠡᠷ ᠲᠤ ᠭᠠᠷᠭᠠᠪᠠ᠃ 2015 ᠣᠨ ᠪᠤᠯᠤᠨ ︽12·5︾ ᠶᠢᠨ ᠬᠤᠭᠤᠴᠠᠭᠠᠨ ᠳᠤ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠤ ᠶᠠᠮᠠᠷ ᠶᠠᠮᠠᠷ ᠠᠮᠵᠢᠯᠲᠠ ᠣᠯᠤᠭᠰᠠᠨ ᠢ ᠪᠢᠳᠡᠨ ᠲᠠᠢ ᠬᠤᠪᠢᠶᠠᠯᠴᠠᠬᠤ ᠦᠭᠡᠢ ᠤᠤ︖      ᠯᠢ ᠽᠢ ᠰᠢᠤᠸᠠᠢ᠄      2015 ᠣᠨ ᠪᠣᠯ ︽12·5︾ ᠶᠢᠨ ᠡᠴᠦᠰ ᠤᠨ ᠨᠢᠭᠡ ᠵᠢᠯ ᠪᠤᠯᠤᠨ᠎ᠠ᠂ ᠪᠦᠬᠦ ᠬᠤᠲᠠ ᠶᠢᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠪᠡᠷᠭᠡᠰᠢᠶᠡᠯ ᠢ ᠰᠦᠷᠦᠨ ᠤᠷᠤᠭᠰᠢᠯᠠᠵᠤ᠂ ᠰᠢᠨ᠎ᠡ ᠶᠢ ᠡᠭᠦᠳᠬᠦ ᠶᠢ ᠡᠷᠢᠯᠬᠢᠯᠡᠨ᠂ ᠯᠠᠪᠳᠠᠭᠤᠨ ᠪᠠᠲᠤᠲᠠᠶ ᠠᠵᠢᠯᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠲᠣᠭᠲᠠᠭᠤᠨ ᠤ ᠳᠤᠮᠳᠠ ᠦᠭᠡᠳᠡᠯᠡᠵᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠪᠠᠲᠤ ᠪᠠᠬᠢ ᠰᠠᠭᠤᠷᠢ ᠲᠠᠯᠪᠢᠵᠤ᠂ ᠬᠦᠴᠦᠲᠡᠶ ᠲᠦᠰᠢᠭ ᠲᠤᠯᠭᠠᠭᠤᠷᠢ ᠪᠤᠯᠵᠤ᠂ ︽12·5︾ ᠶᠢ ᠲᠡᠭᠦᠰ ᠠᠮᠵᠢᠯᠲᠠ ᠲᠠᠢ ᠦᠨᠳᠦᠷᠯᠡᠭᠦᠯᠪᠡ᠃      ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠦᠳᠲᠡᠷ ᠲᠦᠷᠭᠡᠨ ᠢᠶᠠᠷ ᠨᠡᠮᠡᠭᠳᠡᠪᠡ᠃ ︽12·5︾ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠦᠬᠦ ᠲᠠᠯ᠎ᠠ ᠪᠠᠷ ᠡᠯᠪᠡᠭ ᠬᠤᠷᠢᠶᠠᠯᠲᠠ ᠤᠯᠪᠠ᠃ 2015 ᠣᠨ ᠤ ᠪᠦᠬᠦ ᠬᠤᠲᠠ ᠶᠢᠨ ᠠᠮᠤ ᠪᠤᠳᠠᠭᠠᠨ ᠤ ᠶᠡᠷᠦᠩᠬᠡᠶ ᠤᠨᠠᠯᠲᠠ ᠨᠢ 103.2 ᠳ᠋ᠦᠩᠰᠢᠭᠤᠷ ᠵᠢᠩ ᠳᠤ ᠬᠦᠷᠴᠦ᠂ ᠲᠦᠷᠪᠡᠨ ᠵᠢᠯ ᠳᠠᠷᠠᠭᠠᠯᠠᠨ 100 ᠳ᠋ᠦᠡᠭᠰᠢᠭᠤᠷ ᠵᠢᠩ ᠢ ᠲᠣᠭᠲᠠᠭᠤᠨ ᠢᠶᠠᠷ ᠳᠠᠪᠠᠵᠤ᠂ ︽11·5︾ ᠶᠢᠨ ᠬᠤᠭᠤᠴᠠᠭᠠᠨ ᠤ ᠬᠢ ᠠᠴᠠ 32.2 ᠳ᠋ᠦᠡᠭᠰᠢᠭᠤᠷ ᠵᠢᠩ ᠨᠡᠮᠡᠭᠳᠡᠵᠦ᠂ 45.3% ᠪᠠᠷ ᠨᠡᠮᠡᠭᠳᠡᠨ᠂ ᠤᠯᠠᠭᠠᠨᠬᠠᠳᠠ ᠬᠤᠲᠠ ᠭᠤᠷᠪᠠᠨ ᠵᠢᠯ ᠳᠠᠷᠠᠭᠠᠯᠠᠨ ︽ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠬᠤᠲᠠ︾ ᠪᠠᠷ ᠦᠨᠡᠯᠡᠭᠳᠡᠪᠡ᠃ 2015 ᠤᠨ ᠤ 6 ᠳ᠋ᠤᠭᠠᠷ ᠰᠠᠷ᠎ᠠ ᠶᠢᠨ ᠡᠴᠦᠰ ᠲᠤ ᠭᠡᠷ ᠤᠨ ᠲᠡᠵᠢᠭᠡᠪᠦᠷᠢ 2285 ᠲᠦᠮᠡᠨ ᠲᠤᠯᠤᠭᠠᠢ ᠳᠤ ᠬᠦᠷᠴᠦ᠂ ︽11·5︾ ᠶᠢᠨ ᠬᠤᠭᠤᠴᠠᠭᠠᠨ ᠤ ᠡᠴᠦᠰ ᠠᠴᠠ 585 ᠲᠦᠮᠡᠨ ᠲᠤᠯᠤᠭᠠᠢ ᠨᠡᠮᠡᠭᠳᠡᠵᠤ᠂ 34.4% ᠪᠠᠷ ᠨᠡᠮᠡᠭᠳᠡᠨ᠂ 10 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠤᠷᠤᠪᠠ᠃      ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠢᠯᠡᠳᠲᠡ ᠦᠷ᠎ᠡ  ᠪᠦᠲᠦᠭᠡᠯ ᠤᠯᠪᠠ᠃ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠠᠷ ᠭᠤᠣᠯᠯᠠᠭᠤᠯᠤᠨ᠂ ᠨᠤᠲᠤᠭ ᠪᠡᠯᠴᠢᠭᠡᠷ ᠤᠨ ᠪᠦᠳᠦᠭᠡᠨ ᠪᠠᠶᠢᠭᠤᠯᠤᠯᠲᠠ ᠪᠠ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠢ ᠶᠡᠬᠡᠪᠡᠷ ᠥᠷᠨᠢᠭᠦᠯᠵᠦ᠂ ᠲᠠᠷᠢᠶᠠᠯᠠᠭ᠎ᠠ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ᠂  ᠮᠠᠯᠵᠢᠯ ᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ ᠵᠡᠷᠭᠡ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠪᠢᠲᠡᠭᠦᠮᠵᠢᠯᠡᠨ ᠪᠤᠶᠢᠵᠢᠭᠤᠯᠵᠤ ᠪᠡᠯᠴᠢᠭᠡᠷᠯᠡᠭᠦᠯᠬᠦ ᠶᠢ ᠬᠤᠷᠢᠬᠤ᠂ ᠪᠡᠯᠴᠢᠭᠡᠷ ᠢ ᠥᠨᠵᠢᠭᠦᠯᠬᠦ᠂ ᠪᠡᠯᠴᠢᠭᠡᠷ ᠢ ᠬᠡᠰᠡᠭᠯᠡᠵᠦ ᠰᠡᠯᠭᠦᠨ ᠮᠠᠯᠵᠢᠬᠤ ᠵᠡᠷᠭᠡ ᠪᠦᠲᠦᠮᠵᠢᠲᠡᠶ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠠᠴᠠ᠂ ᠪᠦᠬᠦ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠪᠠ᠃ ︽12·5︾ ᠶᠢᠨ ᠬᠤᠭᠤᠴᠠᠭᠠᠨ ᠤ ᠡᠴᠦᠰ ᠲᠤ᠂ ᠪᠦᠬᠦ ᠬᠤᠲᠠ ᠶᠢᠨ ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠬᠡᠮᠵᠢᠶ᠎ᠡ 58.9% ᠳᠤ ᠬᠦᠷᠴᠦ᠂ ︽11·5︾ ᠶᠢᠨ ᠬᠤᠭᠤᠴᠠᠭᠠᠨ ᠤ ᠡᠴᠦᠰ ᠠᠴᠠ 28 ᠵᠠᠭᠤᠨ ᠤ ᠴᠡᠭ ᠨᠡᠮᠡᠭᠳᠡᠭᠰᠡᠨ ᠪᠠᠶᠢᠨ᠎ᠠ᠃      ᠮᠠᠯᠴᠢᠨ ᠲᠠᠷᠢᠶᠠᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠪᠡ᠃ 2015 ᠣᠨ ᠳᠤ ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 8812 ᠲᠥᠭᠦᠷᠢᠭ ᠲᠤ ᠬᠦᠷᠴᠦ᠂ ︽11·5︾ ᠶᠢᠨ ᠬᠤᠭᠤᠴᠠᠭᠠᠨ ᠤ ᠡᠴᠦᠰ ᠠᠴᠠ 1.9 ᠳᠠᠬᠢᠨ ᠳᠡᠭᠡᠭᠰᠢᠯᠡᠵᠤ᠂ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ 4 ᠵᠢᠯ ᠳᠠᠷᠠᠭᠠᠯᠠᠨ ᠬᠤᠳᠠ ᠪᠠᠯᠭᠠᠰᠤᠨ ᠤ ᠰᠠᠭᠤᠭᠠᠯᠢ ᠠᠷᠠᠳ ᠢ ᠳᠠᠪᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠬᠦᠯᠵᠢᠯᠡᠨ ᠪᠠᠭᠠᠰᠪᠠ᠃      ᠬᠥᠲᠥᠯᠥᠭᠴᠢ᠄      ᠮᠠᠨ ᠤ ᠮᠡᠳᠡᠵᠦ ᠪᠠᠶᠢᠬᠤ ᠪᠠᠷ᠂ ᠤᠯᠠᠭᠠᠨᠬᠠᠳᠠ ᠬᠤᠲᠠ ᠶᠢᠨ ︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠬᠢ ᠨᠢᠭᠡᠨ ᠴᠢᠬᠤᠯᠠ ᠶᠡᠭᠡ ᠠᠷᠭ᠎ᠠ ᠬᠡᠮᠵᠢᠶ᠎ᠡ ᠨᠢ ᠳᠠᠷᠤᠶ ︽1571︾ ᠢᠨᠵᠧᠨᠧᠷᠢᠩ ᠢ ᠬᠡᠷᠡᠭᠵᠢᠭᠦᠯᠵᠡᠢ᠂ ᠡᠨᠡ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠣᠭᠰᠠᠨ ᠢ ᠲᠠᠨᠢᠯᠴᠠᠭᠤᠯᠤᠭᠠᠳ ᠥᠭᠭᠦᠨ᠎ᠡ ᠦᠦ᠃      ᠯᠢ ᠽᠢ ᠰᠢᠦᠸᠢ᠄      ᠶᠡᠷᠦᠩᠬᠡᠶ ᠳᠤᠨᠢ ᠠᠪᠴᠤ ᠬᠡᠯᠡᠪᠡᠯ᠂ ᠤᠯᠠᠭᠠᠨᠬᠠᠳᠠ ᠬᠤᠲᠠ ᠶᠢᠨ ︽1571︾ ᠢᠨᠵᠧᠨᠧᠷᠢᠩ ᠤᠨ ᠠᠬᠢᠴᠠ ᠲᠤᠩ ᠤᠷᠤᠭᠰᠢᠲᠠᠶ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠤᠯᠠᠮ ᠨᠢᠭᠡ ᠠᠯᠬᠤᠮ ᠴᠢᠩᠭᠠᠷᠠᠪᠠ᠃ 2015 ᠣᠨ ᠤ ᠰᠡᠭᠦᠯᠴᠢ ᠪᠣᠯᠲᠠᠯ᠎ᠠ᠂ ᠪᠦᠬᠦ ᠬᠤᠲᠠ ᠶᠢᠨ ᠪᠦᠷᠬᠦᠪᠴᠢᠲᠦ ᠡᠷᠳᠡᠨᠢ ᠰᠢᠰᠢ ᠶᠢᠨ ᠳᠤᠰᠤᠯᠭᠠᠨ ᠤᠰᠤᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠠᠯᠠᠪᠠᠢ ᠨᠢ ᠨᠡᠶᠢᠳᠡ 516 ᠲᠦᠮᠡᠨ ᠮᠦ ᠳᠤ ᠬᠦᠷᠴᠦ᠂ ᠥᠨᠳᠥᠷ ᠤᠨᠠᠯᠲᠠ ᠲᠠᠢ ᠪᠣᠯᠭᠠᠬᠤ ᠮᠡᠷᠭᠡᠵᠢᠯ ᠢ ᠲᠦᠷᠦᠯ ᠵᠦᠢᠯ ᠤᠨ ᠲᠣᠭᠤᠷᠢᠭ ᠪᠥᠬᠦᠨ ᠳᠤ ᠬᠡᠷᠡᠭᠵᠢᠭᠦᠯᠪᠡ︔ ᠪᠡᠯᠡᠳᠬᠡᠮᠵᠢᠳᠦ ᠲᠠᠷᠢᠶᠠᠯᠠᠩ 111.7 ᠲᠦᠮᠡᠨ ᠮᠥ ᠳᠤ ᠬᠦᠷᠴᠦ᠂ ᠤᠰᠤ ᠠᠷᠪᠢᠯᠠᠵᠤ ᠤᠰᠤᠯᠠᠬᠤ ᠲᠠᠷᠢᠮᠠᠯ ᠪᠡᠯᠴᠢᠭᠡᠷ ᠤᠨ ᠲᠠᠯᠠᠪᠠᠢ 136 ᠲᠦᠮᠡᠨ ᠮᠥ ᠳᠤ ᠬᠦᠷᠴᠦ᠂ ᠤᠰᠤ ᠠᠷᠪᠢᠯᠠᠬᠤ ᠵᠠᠳᠠᠭᠠᠶ ᠭᠠᠵᠠᠷ ᠤᠨ ᠢᠳᠡᠰᠢᠨ ᠨᠣᠭᠤᠭ᠎ᠠ᠂ ᠪᠦᠷᠬᠦᠪᠴᠢᠲᠦ ᠠᠮᠤ ᠪᠤᠳᠠᠭ᠎ᠠ ᠲᠠᠷᠢᠶᠠᠨ ᠤ ᠳᠤᠰᠤᠯᠭᠠᠨ ᠤᠰᠤᠯᠠᠯᠲᠠ ᠪᠠ ᠤᠰᠤ ᠠᠷᠪᠢᠯᠠᠬᠤ ᠲᠥᠮᠥᠰᠥᠨ ᠲᠠᠷᠢᠮᠠᠯ ᠤᠨ ᠲᠠᠯᠠᠪᠠᠢ 126.8 ᠲᠦᠮᠡᠨ ᠮᠦ ᠳᠤ ᠬᠦᠷᠴᠡᠢ᠃      ᠬᠥᠲᠥᠯᠥᠭᠴᠢ᠄      ᠲᠣᠪᠴᠢᠶᠠᠨ ᠳᠠᠷᠤᠭ᠎ᠠ ᠲᠠ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠪᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠭᠰᠡᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠯᠢ ᠽᠢ ᠰᠢᠦᠸᠢ᠄      ᠪᠣᠯᠣᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠲᠠᠯ᠎ᠠ ᠪᠠᠷ᠂ ︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ 13 ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠲᠤ 240 ᠠᠵᠤ ᠠᠬᠤᠶᠢᠯᠠᠯ ᠣᠷᠣᠵᠤ ᠰᠠᠭᠤᠷᠢᠰᠢᠨ᠂ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠨᠢ ᠤᠯᠤᠰ ᠤᠨ ᠲᠠᠷᠢᠶᠠᠯᠠᠩ ᠤᠨ ᠠᠵᠤ ᠦᠢᠯᠡᠰᠵᠢᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠭᠳᠠᠪᠠ᠃ ᠪᠦᠬᠦ ᠬᠤᠳᠠ ᠶᠢᠨ ᠬᠤᠳᠠ ᠶᠢᠨ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠳᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ 264 ᠡᠷᠦᠬᠡ ᠪᠣᠯᠵᠤ᠂ ︽11᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠠᠴᠠ 160 ᠡᠷᠦᠬᠡ ᠨᠡᠮᠡᠭᠳᠡᠪᠡ᠃ ᠡᠭᠦᠨ ᠳᠤ ᠤᠯᠤᠰ ᠤᠨ ᠳᠡᠰ ᠤᠨ 5 ᠡᠷᠦᠬᠡ᠂ ᠥᠪᠡᠷᠲᠡᠭᠡᠨ ᠵᠠᠰᠠᠬᠤ ᠣᠷᠣᠨ ᠤ ᠳᠡᠰ ᠤᠨ 91 ᠡᠷᠦᠬᠡ ᠪᠠᠶᠢᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠢ ᠡᠳ᠋ᠰᠢᠭᠦᠯᠵᠦ ᠬᠤᠪᠢᠷᠠᠭᠤᠯᠬᠤ ᠨᠣᠷᠮ᠎ᠠ 65 % ᠳᠤ ᠬᠦᠷᠴᠦ᠂ ︽11᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ ᠬᠢ ᠠᠴᠠ 3 ᠵᠠᠭᠤᠨ ᠤ ᠴᠡᠭ ᠨᠡᠮᠡᠭᠳᠡᠪᠡ᠃ ᠪᠦᠬᠦ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠤᠯᠤᠰ ᠤᠨ ᠨᠡᠷᠡᠲᠦ ᠲᠠᠸᠠᠷ ᠤᠨ ᠲᠡᠮᠳᠡᠭᠲᠦ ᠪᠣᠯᠤᠨ ᠥᠪᠡᠷᠲᠡᠭᠡᠨ ᠵᠠᠰᠠᠬᠤ ᠣᠷᠣᠨ ᠤ ᠨᠡᠷᠡᠳᠦ ᠲᠠᠸᠠᠷ ᠤᠨ ᠲᠡᠮᠳᠡᠭᠲᠦ ᠲᠤᠰ ᠲᠤᠰ 10 ᠪᠠ 55 ᠳᠤ ᠬᠦᠷᠴᠦ᠂ ︽11᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠤᠨ ᠬᠢ ᠠᠴᠠ ᠲᠤᠰ ᠲᠤᠰ 7 ᠪᠠ 37 ᠨᠡᠮᠡᠭᠳᠡᠪᠡ᠃      ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠲᠠᠯ᠎ᠠ ᠪᠠᠷ᠂ ︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠡᠭᠦᠯᠳᠡᠷ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠳᠡᠯᠭᠡᠷᠡᠭᠦᠯᠵᠦ᠂ ᠰᠢᠨ᠎ᠡ ᠲᠧᠭᠨᠢᠭ ᠮᠡᠷᠭᠡᠵᠢᠯ ᠢ ᠬᠡᠷᠡᠭᠯᠡᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠶᠢᠨ ᠭᠤᠣᠯ ᠪᠣᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ 96.6 % ᠳᠤ ᠬᠦᠷᠴᠦ᠂ ᠰᠦᠩᠱᠠᠨ ᠲᠣᠭᠤᠷᠢᠭ ᠨᠢ ᠬᠥᠳᠡᠭᠡ ᠠᠵᠤ ᠠᠬᠤᠶ ᠶᠢᠨ ᠶᠠᠮᠤᠨ  ᠤ ᠤᠯᠤᠰ ᠤᠨ ᠲᠡᠰ ᠤᠨ ᠡᠷᠯᠢᠰᠵᠢᠭᠦᠯᠦᠭᠰᠡᠨ ᠡᠷᠳᠡᠨᠢ ᠰᠢᠰᠢ ᠶᠢᠨ ᠦᠷ᠎ᠡ ᠦᠢᠯᠡᠳᠪᠦᠷᠢᠯᠡᠬᠦ ᠰᠠᠭᠤᠷᠢᠨ ᠪᠠ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ ᠮᠠᠭᠠᠳᠯᠠᠨ ᠲᠣᠭᠲᠠᠭᠠᠭᠳᠠᠪᠠ ᠃ ᠵᠣᠣ ᠤᠳᠠ ᠮᠢᠬᠠᠨ ᠬᠤᠨᠢ ᠶᠢᠨ ᠰᠢᠨ᠎ᠡ ᠡᠭᠦᠯᠳᠡᠷ ᠢ ᠪᠣᠶᠢᠵᠢᠭᠤᠯᠤᠨ ᠭᠠᠷᠭᠠᠭᠰᠠᠨ ᠮᠥᠷᠲᠡᠭᠡᠨ ᠬᠥᠳᠡᠭᠡ ᠠᠵᠤ ᠠᠬᠤᠶ ᠶᠢᠨ ᠶᠠᠮᠤᠨ ᠠᠴᠠ ᠰᠢᠯᠭᠠᠨ ᠠᠪᠴᠤ ᠨᠡᠷᠡᠶᠢᠳᠦᠭᠰᠡᠨ ᠲᠠᠯ᠎ᠠ ᠨᠤᠲᠤᠭ ᠤᠨ ᠬᠡᠯᠪᠡᠷᠢ ᠶᠢᠨ ᠢᠳᠡᠰᠢᠨ ᠬᠤᠨᠢᠨ  ᠤ ᠡᠭᠦᠯᠳᠡᠷ ᠪᠤᠶᠢᠵᠢᠭᠤᠯᠬᠤ ᠠᠵᠢᠯ ᠤᠨ ᠬᠤᠭᠤᠰᠣᠨ ᠢ ᠨᠥᠬᠦᠭᠰᠡᠨ ᠪᠠᠶᠢᠨ᠎ᠠ᠃ ᠪᠦᠬᠦ ᠬᠤᠲᠠ ᠶᠢᠨ ᠲᠡᠵᠢᠭᠡᠵᠦ ᠪᠠᠶᠢᠭ᠎ᠠ ᠵᠣᠣ ᠤᠳᠠ ᠮᠢᠬᠠᠨ ᠬᠤᠨᠢ 207 ᠲᠦᠮᠨ ᠲᠤᠭ᠎ᠠ ᠲᠣᠯᠣᠭᠠᠢ ᠳᠤ ᠬᠦᠷᠪᠡ᠃ ᠪᠦᠷᠬᠦᠪᠴᠢᠲᠤ ᠳᠤᠰᠤᠯᠭᠠᠨ ᠤᠰᠤᠯᠠᠯᠲᠠ᠂ ᠪᠦᠷᠬᠦᠪᠴᠢ ᠶᠢ ᠪᠦᠷᠢᠨ ᠪᠦᠷᠬᠦᠭᠦᠯᠬᠦ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠳᠠᠯ ᠦᠭᠡᠢ ᠰᠡᠷᠭᠡᠶᠢᠯᠡᠨ ᠬᠢᠵᠠᠭᠠᠷᠯᠠᠬᠤ ᠵᠡᠷᠭᠡ ᠮᠡᠷᠭᠡᠵᠢᠯ ᠤᠨ ᠲᠦᠭᠡᠮᠵᠢᠯᠡᠯᠲᠡ ᠶᠢ ᠲᠥᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠭᠠᠷᠤᠯᠲᠠ  ᠪᠠ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ  ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠃ ︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 57 % ᠳᠤ ᠬᠦᠷᠴᠡᠢ᠃      ᠬᠥᠲᠥᠯᠥᠭᠴᠢ᠄      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠨᠢ ᠮᠥᠨ ᠴᠦ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠨᠢᠭᠡᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠡᠨᠡ ᠲᠠᠯ᠎ᠠ ᠪᠠᠷ ᠶᠠᠮᠠᠷ ᠪᠠᠶᠢᠳᠠᠯ ᠲᠠᠢ ᠪᠠᠶᠢᠬᠤ ᠪᠤᠢ︖      ᠯᠢ ᠽᠢ ᠰᠢᠦᠸᠢ᠄      ︽12᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠭᠪᠤᠷᠢ ᠠᠪᠴᠤ ᠪᠠᠶᠢᠴᠠᠭᠠᠬᠤ ᠪᠠᠶᠢᠴᠠᠭᠠᠯᠲᠠ ᠳᠤ ᠬᠢᠷᠢ ᠲᠡᠩᠴᠡᠭᠦ ᠨᠤᠷᠮ᠎ᠠ ᠶᠢ 96 % ᠠᠴᠠ  ᠳᠡᠭᠡᠭᠰᠢᠬᠢ ᠪᠠᠶᠢᠯᠭᠠᠵᠤ᠂ ᠤᠯᠠᠭᠠᠨᠬᠠᠳᠠ ᠪᠦᠬᠦ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠦᠨᠳᠦ ᠶᠡᠭᠡ ᠶᠠᠰᠤ ᠴᠢᠨᠠᠷ ᠤᠨ ᠠᠶᠤᠯᠭᠦᠢ ᠪᠠ ᠠᠮᠢᠲᠠᠨ ᠤ ᠬᠢᠵᠢᠭ ᠤᠨ ᠬᠦᠨᠳᠦ ᠶᠡᠭᠡ ᠪᠠᠶᠢᠳᠠᠯ ᠭᠠᠷᠤᠭᠰᠠᠨ ᠦᠭᠡᠢ᠃ ᠵᠣᠣ ᠤᠳᠠ ᠮᠢᠬᠠᠨ ᠬᠤᠨᠢ᠂ ᠤᠯᠠᠭᠠᠨᠬᠠᠳᠠ ᠶᠢᠨ ᠰᠠᠭᠠᠭ ᠤᠨ ᠭᠤᠯᠢᠷ᠂ ᠤᠯᠠᠭᠠᠨᠬᠠᠳᠠ ᠶᠢᠨ ᠨᠣᠭᠤᠭᠠᠨ ᠪᠤᠷᠴᠠᠭ᠂ ᠤᠯᠠᠭᠠᠨᠬᠠᠳᠠ ᠶᠢᠨ ᠨᠠᠷᠢᠮᠤ ᠤᠷᠢᠳ ᠬᠤᠵᠢᠳ ᠬᠥᠳᠡᠭᠡ ᠠᠵᠤ ᠠᠬᠤᠶ ᠶᠢᠨ ᠶᠠᠮᠤᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠢᠶᠠᠷ ᠮᠠᠭᠠᠳᠯᠠᠨ ᠲᠣᠭᠲᠠᠭᠠᠭᠳᠠᠵᠤ᠂ ᠪᠦᠬᠦ ᠬᠤᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ 12 ᠬᠦᠷᠴᠦ᠂ ︽11᠂ 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠠᠴᠠ 7 ᠨᠡᠮᠡᠭᠳᠡᠪᠡ᠃ ᠪᠦᠬᠦ ᠬᠤᠲᠠ ᠶᠢᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭᠲᠦ︾ ᠲᠠᠷᠢᠶᠠᠯᠠᠩ ᠤᠨ ᠪᠦᠲᠦᠭᠡᠭᠳᠡᠬᠦᠨ 350 ᠪᠣᠯᠪᠠ᠃      ᠬᠥᠲᠥᠯᠥᠭᠴᠢ᠄      ᠣᠶᠢᠷ᠎ᠠ ᠶᠢᠨ ᠵᠢᠯ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠭᠠᠳ ᠢᠯᠡᠳᠲᠡ ᠠᠮᠵᠢᠯᠲᠠ ᠣᠯᠵᠠᠢ᠂ ᠯᠢ ᠳᠠᠷᠤᠭ᠎ᠠ ᠡᠨᠡ ᠲᠠᠯ᠎ᠠ ᠶᠢᠨ ᠬᠢ ᠪᠠᠶᠢᠳᠠᠯ ᠢ ᠪᠢᠳᠡᠨ ᠳᠤ  ᠲᠠᠨᠢᠯᠴᠠᠭᠤᠯᠤᠭᠠᠳ ᠥᠭᠭᠦᠨ᠎ᠡ ᠦᠦ︖      ᠯᠢ ᠽᠢ ᠰᠢᠦᠸᠠᠢ᠄      ︽12·5︾ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠲᠠᠷᠢᠶᠠᠯᠠᠩ ᠮᠠᠯ ᠠᠵᠤ ᠠᠬᠤᠶ ᠶᠢᠨ ᠵᠣᠬᠢᠬᠤ ᠬᠡᠪᠴᠢᠶᠡᠵᠢᠯ ᠢᠶᠠᠷ ᠡᠵᠡᠩᠨᠡᠬᠦ ᠪᠠ ᠭᠠᠵᠠᠷ ᠰᠢᠷᠣᠶ ᠡᠪᠡᠰᠦ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠯᠲᠠ ᠪᠠ ᠡᠷᠴᠢᠮᠵᠢᠯᠲᠡ ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ︽12·5︾ ᠶᠢᠨ ᠡᠴᠦᠰ ᠲᠤ᠂ ᠪᠦᠬᠦ ᠬᠤᠲᠠ ᠶᠢᠨ ᠭᠠᠵᠠᠷ ᠰᠢᠷᠣᠶ ᠡᠪᠡᠰᠦ ᠪᠡᠯᠴᠢᠭᠡᠷ ᠤᠨ ᠡᠷᠭᠢᠯᠲᠡ ᠶᠢᠨ ᠲᠠᠯᠠᠪᠠᠢ 950 ᠲᠦᠮᠡᠨ ᠮᠦ ᠳᠤ ᠬᠦᠷᠴᠦ᠂ ᠭᠠᠵᠠᠷ ᠰᠢᠷᠣᠶ᠂ ᠡᠪᠡᠰᠦ ᠪᠡᠯᠴᠢᠭᠡᠷ ᠤᠨ ᠡᠷᠭᠢᠯᠲᠡ ᠶᠢᠨ ᠨᠤᠷᠮ᠎ᠠ ᠨᠢ ︽11·5︾ ᠶᠢᠨ ᠬᠤᠭᠤᠴᠠᠭᠠᠨ ᠤ ᠡᠴᠦᠰ ᠠᠴᠠ ᠲᠤᠰ ᠲᠤᠰ 21.7 ᠪᠠ 5.1 ᠵᠠᠭᠤᠨ ᠤ ᠴᠡᠭ ᠳᠡᠭᠡᠭᠰᠢᠯᠡᠪᠡ᠃ ᠪᠦᠬᠦ ᠬᠤᠲᠠ ᠶᠢᠨ ᠳᠠᠷᠢᠵᠤ ᠲᠡᠵᠢᠭᠡᠬᠦ ᠳᠤᠮᠤ ᠡᠷᠦᠬᠡ 10·4 ᠲᠦᠮᠡ ᠳᠤ ᠬᠦᠷᠴᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 800 ᠭᠠᠷᠤᠶ ᠪᠣᠯᠵᠤ᠂ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶ᠎ᠠ 1.5 ᠲᠦᠮᠡ ᠳᠤ ᠬᠦᠷᠪᠡ᠃      ᠬᠥᠲᠥᠯᠥᠭᠴᠢ᠄      ᠯᠢ ᠳᠠᠷᠤᠭ᠎ᠠ ᠶᠢᠨ ᠲᠠᠨᠢᠯᠴᠠᠭᠤᠯᠤᠭᠰᠠᠨ ︽12·5︾ ᠶᠢᠨ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠠᠶᠢᠨ ᠪᠠᠶᠢᠳᠠᠯ ᠢ ᠰᠣᠨᠣᠰᠤᠭᠠᠳ ᠪᠢᠳᠡ ᠴᠢᠩ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ︽13·5︾ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠬᠤᠭᠤᠴᠠᠭ᠎ᠠ ᠪᠣᠯᠣᠨ᠎ᠠ᠂ 2016 ᠣᠨ ᠨᠢ ᠪᠠᠰᠠ ᠴᠦ ︽13 · 5︾ ᠶᠢᠨ ᠡᠬᠢᠯᠡᠯᠲᠡ ᠶᠢᠨ ᠵᠢᠯ ᠮᠥᠨ᠃ ᠯᠢ ᠳᠠᠷᠤᠭ᠎ᠠ᠂ ᠤᠯᠠᠭᠠᠨᠬᠠᠳᠠ ᠬᠤᠲᠠ ︽13·5︾ ᠪᠣᠯᠣᠨ ᠡᠨᠡ ᠵᠢᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠤ ᠶᠠᠮᠠᠷ ᠶᠠᠮᠠᠷ ᠰᠢᠨ᠎ᠡ ᠰᠡᠳᠬᠢᠴᠡ ᠪᠠ ᠬᠥᠭᠵᠢᠯᠲᠡ ᠶᠢᠨ ᠬᠠᠷᠠᠯᠲᠠ ᠪᠠᠶᠢᠬᠤ ᠪᠤᠢ︖        ᠯᠢ ᠽᠢ ᠰᠢᠦᠸᠠᠢ᠄      ︽13·5︾ ᠶᠢᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠤ ︽ᠰᠢᠨ᠎ᠡ ᠶᠢ ᠡᠭᠦᠳᠬᠦ ᠵᠣᠬᠢᠴᠠᠩᠭᠤᠢ ᠪᠣᠬᠢᠷᠳᠤᠯ ᠦᠭᠡᠢ ᠨᠡᠭᠡᠭᠡᠯᠲᠡ ᠲᠠᠢ ᠪᠦᠭᠡᠳ ᠬᠠᠮᠲᠤ ᠪᠠᠷ ᠬᠦᠷᠲᠡᠬᠦ ︾ ᠬᠥᠭᠵᠢᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ ᠪᠡᠶᠡᠯᠡᠭᠦᠯᠵᠦ᠂ ︽3661︾ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ︽ᠵᠢᠷᠭᠤᠭᠠᠨ ᠪᠦᠬᠦ ᠲᠠᠯ᠎ᠠ ᠪᠠᠷ ᠳᠡᠭᠡᠭᠰᠢᠯᠡᠭᠦᠬᠦ︾ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ᠪᠢ ᠤᠷᠢᠳᠠᠪᠠᠷ ︽3661︾ ᠢᠨᠵᠧᠨᠧᠷᠢᠩ ᠢ ᠲᠠᠨᠢᠯᠴᠠᠭᠤᠯᠤᠶ᠎ᠠ᠃ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽13·5︾ ᠶᠢᠨ ᠬᠤᠭᠤᠴᠠᠭᠠᠨ ᠳᠤ᠂ ᠲᠠᠷᠢᠶᠠᠯᠠᠩ ᠮᠠᠯ ᠠᠵᠤ ᠠᠬᠤᠶ ᠶᠢᠨ ︽3661︾ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠳᠤᠷᠠᠳᠤᠪᠠ᠂ ᠲᠤᠬᠠᠶᠢᠯᠠᠪᠠᠯ᠄ 2020 ᠣᠨ ᠪᠣᠯᠬᠤ ᠳᠤ᠂ ᠪᠦᠬᠦ ᠬᠤᠲᠠ ᠶᠢᠨ ᠭᠠᠵᠠᠷ ᠰᠢᠷᠣᠶ ᠶᠢᠨ ᠡᠷᠭᠢᠯᠲᠡ ᠶᠢᠨ ᠨᠤᠷᠮ᠎ᠠ ᠶᠢ 60% ᠳᠤ ᠬᠦᠷᠦᠭᠦᠯᠵᠦ᠂ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ 60% ᠳᠤ ᠬᠦᠷᠦᠭᠦᠯᠵᠦ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠤᠰ ᠭᠠᠵᠠᠷ ᠲᠠᠭᠠᠨ ᠪᠣᠯᠪᠠᠰᠤᠷᠠᠭᠤᠯᠤᠨ ᠬᠤᠪᠢᠷᠠᠭᠤᠯᠬᠤ ᠨᠣᠷᠮ᠎ᠠ ᠶᠢ 60% ᠳᠤ ᠬᠦᠷᠦᠭᠦᠯᠵᠦ ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ100 ᠳ᠋ᠦᠡᠭᠰᠢᠭᠤᠷ ᠵᠢᠩ ᠢᠶᠠᠷ ᠲᠣᠭᠲᠠᠪᠤᠷᠢᠵᠢᠭᠤᠯᠵᠤ᠂ ᠪᠡᠯᠡᠳᠭᠡᠮᠵᠢᠳᠤ ᠲᠠᠷᠢᠶᠠᠯᠠᠩ ᠢ ᠰᠢᠨ᠎ᠡ ᠪᠠᠷ 100 ᠲᠦᠮᠡᠨ ᠮᠦ ᠨᠡᠮᠡᠭᠳᠡᠭᠦᠯᠵᠦ᠂ ᠴᠢᠨᠠᠷ ᠰᠠᠶᠢᠲᠠᠶ ᠪᠣᠷᠣ ᠬᠤᠰᠢᠶᠠᠩᠭᠤᠷ ᠢ ᠰᠢᠨ᠎ᠡ ᠪᠠᠷ 100 ᠲᠦᠮᠡᠨ ᠮᠦ ᠨᠡᠮᠡᠭᠳᠡᠭᠦᠯᠬᠦ᠂ ᠥᠨᠳᠥᠷ ᠪᠦᠲᠦᠮᠵᠢᠲᠡᠶ ᠭᠠᠷᠤᠯᠲᠠ ᠰᠠᠶᠢᠲᠠᠢ ᠠᠵᠤ ᠠᠬᠤᠶ ᠶᠢᠨ ᠤᠢ ᠶᠢ 100 ᠲᠦᠮᠡᠨ ᠮᠦ ᠬᠥᠭᠵᠢᠭᠦᠯᠵᠦ᠂ ᠴᠢᠨᠠᠷ ᠰᠠᠶᠢᠲᠠᠶ ᠢᠳᠡᠰᠢᠨ ᠦᠬᠡᠷ᠂ ᠢᠳᠡᠰᠢᠨ ᠬᠤᠨᠢ ᠢᠮᠠᠭ᠎ᠠ ᠶᠢ 1000 ᠲᠦᠮᠡᠨ ᠲᠣᠯᠣᠭᠠᠢ ᠪᠣᠷᠣᠯᠠᠭᠤᠯᠵᠤ᠂ ᠴᠢᠨᠠᠷ ᠰᠠᠶᠢᠲᠠᠶ ᠢᠳᠡᠰᠢᠨ ᠭᠠᠭ᠋ᠠᠶ ᠶᠢ 1000 ᠲᠦᠮᠡᠨ ᠲᠣᠯᠣᠭᠠᠢ ᠪᠣᠷᠣᠯᠠᠭᠤᠯᠬᠤ ᠪᠣᠯᠣᠨ᠎ᠠ᠃      ︽3661︾ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠠᠴᠢ ᠬᠤᠯᠪᠣᠭᠳᠠᠯ ᠭᠡᠪᠡᠯ ᠥᠩᠭᠡᠷᠡᠭᠰᠡᠨ ᠤ ᠲᠤᠭ᠎ᠠ ᠬᠡᠮᠵᠢᠶ᠎ᠡ ᠶᠢ ᠭᠤᠣᠯᠴᠢᠯᠠᠨ ᠬᠥᠭᠡᠭᠡᠴᠡᠯᠳᠦᠵᠦ ᠪᠠᠶᠢᠭᠰᠠᠨ ᠠᠴᠠ ︽ᠠᠷᠭ᠎ᠠ ᠮᠠᠶ᠋ᠢᠭ ᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠶᠢ ᠬᠦᠴᠦᠷᠬᠡᠭᠵᠢᠭᠦᠯᠬᠦ᠂ ᠪᠣᠬᠢᠷᠲᠤᠯ ᠦᠭᠡᠢ ᠨᠡᠮᠡᠭᠳᠡᠭᠦᠯᠬᠦ᠂ ᠳᠤᠲᠠᠭᠤᠳᠠᠯ ᠢ ᠨᠦᠬᠦᠬᠦ︾ ᠪᠠᠷ ᠭᠤᠣᠯ ᠠᠭᠤᠯᠭ᠎ᠠ ᠪᠣᠯᠭᠠᠭᠰᠠᠨ ᠲᠤᠭ᠎ᠠ ᠬᠡᠮᠵᠢᠶ᠎ᠡ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠴᠢᠬᠤᠯᠠᠴᠢᠯᠠᠬᠤ ᠪᠣᠯᠭᠠᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠨᠡᠩ ᠳᠣᠪᠣᠶᠢᠯᠭᠠᠵᠤ᠂ ︽ᠡᠮᠦᠨᠡᠲᠦ ᠣᠷᠣᠨ ᠤ ᠨᠣᠭᠤᠭ᠎ᠠ ᠤᠮᠠᠷᠠᠲᠤ ᠣᠷᠣᠨ ᠤ ᠡᠪᠡᠰᠦ᠂ ᠴᠢᠨᠠᠷᠵᠢᠭᠤᠨ ᠠᠮᠤ ᠪᠤᠳᠠᠭ᠎ᠠ ᠰᠢᠯᠢᠳᠡᠭ ᠰᠠᠶᠢᠨ ᠮᠠᠯ ᠲᠡᠵᠢᠭᠡᠪᠦᠷᠢ︾ ᠶᠢᠨ ᠬᠡᠯᠪᠡᠷᠢ ᠲᠡᠰᠢ ᠬᠤᠪᠢᠷᠠᠭᠤᠯᠬᠤ ᠴᠢᠭᠯᠡᠯ ᠪᠣᠯᠤᠨ ᠠᠵᠤ ᠦᠢᠯᠡᠰ ᠤᠨ ᠪᠠᠶᠢᠷᠢᠰᠢᠭᠤᠯᠤᠯ ᠢ ᠨᠡᠩ ᠳᠣᠪᠣᠶᠢᠯᠭᠠᠵᠤ᠂ ︽ᠤᠰᠤ ᠪᠠᠷ ᠠᠮᠤ ᠪᠤᠳᠠᠭ᠎ᠠ ᠶᠢ ᠲᠣᠭᠲᠠᠭᠠᠬᠤ᠂ ᠡᠪᠡᠰᠦ ᠪᠡᠯᠴᠢᠭᠡᠷ ᠢᠶᠠᠷ ᠮᠡᠯ ᠰᠦᠷᠦᠭ ᠲᠣᠭᠲᠠᠭᠠᠬᠤ᠂ ᠠᠮᠤ ᠪᠤᠳᠠᠭᠠᠨ ᠤ ᠭᠠᠷᠤᠯᠲᠠ ᠶᠢ ᠲᠣᠭᠲᠠᠪᠤᠷᠢᠵᠢᠭᠤᠯᠤᠨ ᠤᠯᠠᠭᠠᠨ ᠢᠳᠡᠭᠡᠨ ᠢ ᠨᠡᠮᠡᠭᠳᠡᠭᠦᠯᠬᠦ᠂ ᠬᠤᠨᠢ ᠢᠮᠠᠭᠠᠨ ᠤ ᠲᠤᠭ᠎ᠠ ᠲᠣᠯᠣᠭᠠᠢ ᠶᠢ ᠲᠣᠭᠲᠠᠪᠤᠷᠢᠵᠢᠭᠤᠯᠵᠤ ᠦᠬᠡᠷ ᠤᠨ ᠲᠤᠭ᠎ᠠ ᠲᠣᠯᠣᠭᠠᠢ ᠶᠢ ᠥᠰᠬᠡᠬᠦ︾ ᠤᠢᠷᠳᠡᠭ ᠢᠶᠠᠨ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠠᠮᠤ ᠪᠤᠳᠠᠭ᠎ᠠ ᠶᠢ ᠲᠠᠷᠢᠶᠠᠨ ᠳᠠᠭᠠᠨ ᠬᠥᠮᠥᠷᠭᠡᠯᠡᠵᠦ᠂ ᠠᠮᠤ ᠪᠤᠳᠠᠭ᠎ᠠ ᠶᠢ ᠮᠡᠷᠭᠡᠵᠢᠯ ᠢᠶᠠᠷ ᠬᠥᠮᠥᠷᠭᠡᠯᠡᠬᠦ︾ ᠰᠢᠨ᠎ᠡ ᠶᠢ ᠡᠭᠦᠳᠬᠦ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠵᠠᠮ ᠢᠶᠠᠷ ᠵᠠᠮᠨᠠᠵᠤ᠂ ︽ᠥᠪᠥᠷ ᠮᠣᠩᠭᠤᠯ ᠤᠨ ᠨᠡᠷᠡᠳᠦ ᠣᠨᠴᠠ ᠰᠢᠯᠢᠳᠡᠭ᠂ ᠤᠯᠠᠷᠢᠯ ᠰᠥᠷᠭᠡᠦᠯᠡᠨ ᠬᠠᠩᠭᠠᠬᠤ︾ ᠣᠨᠴᠠᠯᠢᠭ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠵᠠᠮ ᠢᠶᠠᠷ ᠵᠠᠮᠨᠠᠬᠤ ᠪᠣᠯᠣᠨ᠎ᠠ᠃ ᠡᠶᠢᠮᠦ ᠠᠴᠠ᠂ ︽13·5︾ ᠶᠢᠨ ᠬᠤᠭᠤᠴᠠᠭᠠᠨ ᠳᠤ᠂ ᠪᠢᠳᠡ ︽3661︾ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠨ‌ᠠᠬᠢᠭᠤᠯᠬᠤ ᠪᠣᠯᠣᠨ᠎ᠠ᠃      ᠬᠥᠲᠥᠯᠥᠭᠴᠢ᠄      ᠰᠠᠶ᠋ᠢᠬᠠᠨ ᠯᠢ ᠳᠠᠷᠤᠭ᠎ᠠ ᠮᠠᠨ ᠳᠤ ︽3661︾ ᠢᠨᠵᠧᠨᠧᠷᠢᠩ ᠢ ᠨᠠᠷᠢᠨ ᠲᠣᠳᠣᠷᠬᠠᠶ ᠲᠠᠨᠢᠯᠴᠠᠭᠤᠯᠤᠯ᠎ᠠ᠂ ᠲᠡᠭᠡᠪᠡᠯ ︽ᠵᠢᠷᠭᠤᠭᠠᠨ ᠪᠦᠬᠦ ᠲᠠᠯ᠎ᠠ ᠪᠠᠷ ᠳᠡᠭᠡᠭᠰᠢᠯᠡᠭᠦᠯᠬᠦ︾ ᠭᠡᠳᠡᠭ ᠨᠢ ᠴᠤᠬᠤᠮ ᠶᠠᠮᠠᠷ ᠶᠠᠮᠠᠷ ᠠᠭᠤᠯᠭ᠎ᠠ ᠲᠠᠢ ᠪᠤᠢ      ᠯᠢ ᠽᠢ ᠰᠢᠤᠸᠠᠢ᠄      ︽ᠵᠢᠷᠭᠤᠭᠠᠨ ᠪᠦᠬᠦ ᠲᠠᠯ᠎ᠠ ᠪᠠᠷ ᠳᠡᠭᠡᠭᠰᠢᠯᠡᠭᠦᠯᠬᠦ︾ ᠭᠡᠳᠡᠭ ᠪᠤᠯ᠂ ᠨᠢᠭᠡ ᠳᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠬᠤᠶᠠᠷ ᠲᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠪᠠᠲᠤᠯᠠᠬᠤ ᠴᠢᠳᠠᠪᠤᠷᠢ ᠪᠠᠨ ᠲᠠᠰᠤᠷᠠᠯᠲᠠ ᠦᠭᠡᠶ ᠴᠢᠩᠭᠠᠳᠬᠠᠵᠤ᠂ ᠡᠳ᠋ ᠪᠤᠳᠠᠰ ᠤᠨ ᠮᠡᠷᠭᠡᠵᠢᠯ ᠤᠨ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠭᠤᠷᠪᠠ ᠳᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠴᠢᠷᠮᠠᠶᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠲᠦᠷᠪᠡ ᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠲᠠᠪᠤ ᠳᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠡᠶᠡᠴᠢ ᠴᠤᠭᠴᠠ ᠶᠢ ᠢᠳᠡᠪᠬᠢᠲᠡᠶ ᠪᠤᠶᠢᠵᠢᠭᠤᠯᠵᠤ᠂ ᠤᠯᠠᠨ ᠵᠦᠢᠯ ᠤᠨ ᠬᠡᠯᠪᠡᠷᠢ ᠶᠢᠨ ᠵᠣᠬᠢᠮᠵᠢᠲᠠᠶ ᠬᠡᠪᠴᠢᠶᠡᠲᠦ ᠡᠵᠡᠩᠨᠡᠯᠲᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠵᠢᠷᠭᠤᠭ᠎ᠠ ᠳᠤ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠷᠬᠦᠯᠵᠢᠯᠡᠨ ᠬᠦᠭᠵᠢᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠥᠲᠥᠯᠥᠭᠴᠢ᠄      ᠰᠠᠶ᠋ᠢᠬᠠᠨ ᠯᠢ ᠳᠠᠷᠤᠭ᠎ᠠ ᠮᠠᠨ ᠳᠤ ︽13 · 5︾ ᠶᠢᠨ ᠬᠤᠭᠤᠴᠠᠭᠠᠨ ᠳᠠᠬᠢ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠡᠳᠬᠢᠴᠡ ᠶᠢ ᠲᠠᠨᠢᠯᠴᠠᠭᠤᠯᠤᠯ᠎ᠠ᠂ ᠢᠷᠡᠭᠡᠳᠦᠶ ᠶᠢᠨ ᠲᠦᠯᠦᠪᠵᠢᠯ ᠲᠦᠢᠯ ᠤᠨ ᠰᠠᠷᠠᠭᠤᠯ ᠠᠭᠤᠳᠠᠮ᠂ ᠬᠠᠷᠠᠯᠲᠠ ᠮᠠᠰᠢ ᠲᠣᠳᠣᠷᠬᠠᠶ ᠪᠠᠶᠢᠨ᠎ᠠ᠃ ᠯᠢ ᠳᠠᠷᠤᠭ᠎ᠠ ᠡ᠂ 2016 ᠣᠨ ᠳᠤ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠳᠤ ᠶᠠᠮᠠᠷ ᠶᠠᠮᠠᠷ ᠰᠢᠨ᠎ᠡ ᠰᠡᠳᠬᠢᠴᠡ ᠪᠠ ᠬᠥᠭᠵᠢᠯᠲᠡ ᠶᠢᠨ ᠬᠠᠷᠠᠯᠲᠠ ᠲᠤᠭᠲᠠᠭᠠᠭᠰᠠᠨ ᠪᠤᠢ︖      ᠯᠢ ᠽᠢ ᠰᠢᠤᠸᠠᠢ᠄      2016 ᠣᠨ ᠪᠤᠯ ︽13 · 5︾ ᠶᠢᠨ ᠡᠬᠢᠯᠡᠯᠲᠡ ᠶᠢᠨ ᠵᠢᠯ ᠮᠥᠨ᠂ ᠰᠠᠶᠢᠠ ᠡᠬᠢᠯᠡᠭᠦᠯᠵᠦ ᠰᠠᠶᠢᠲᠤᠷ ᠠᠯᠬᠤᠬᠤ ᠪᠤᠯ ᠲᠦᠢᠯ ᠤᠨ ᠴᠢᠬᠤᠯᠠ ᠶᠤᠮ᠃ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠬᠤᠳᠠ ᠶᠢᠨ ᠨᠠᠮ ᠤᠨ ᠬᠤᠷᠢᠶ᠎ᠠ᠂ ᠬᠤᠳᠡ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠤᠰᠤᠭᠠᠷ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠠᠷᠭ᠎ᠠ ᠰᠠᠮᠪᠠᠭ᠎ᠠ ᠰᠦᠪᠡᠭᠴᠢᠯᠡᠵᠦ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠵᠦ᠂ ᠲᠠᠷᠢᠶᠠᠯᠠᠩ ᠮᠠᠯ ᠠᠵᠤ ᠠᠬᠤᠶ ᠨᠡᠩ ᠬᠦᠴᠦᠷᠬᠡᠭᠵᠢᠭᠦᠯᠦᠨ᠂ ᠮᠠᠯᠴᠢᠨ ᠲᠠᠷᠢᠶᠠᠴᠢᠳ ᠢ ᠨᠡᠩ ᠴᠢᠨᠡᠭᠡᠯᠢᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠢᠶᠠᠨ ᠤᠯᠠᠮ ᠭᠤᠸ᠎ᠠ ᠰᠠᠶᠢᠬᠠᠨ ᠪᠤᠯᠭᠠᠬᠤ ᠪᠠᠷ ᠴᠢᠷᠮᠠᠶᠢᠨ᠎ᠠ᠃      ᠵᠢᠱᠢᠭᠰᠡᠨ ᠭᠤᠣᠯ ᠬᠠᠷᠠᠯᠲᠠ ᠪᠣᠯ᠄      1 . ᠠᠮᠤ ᠪᠤᠳᠠᠭᠠᠨ ᠤ ᠶᠡᠷᠦᠩᠬᠡᠶ ᠤᠨᠠᠯᠲᠠ ᠶᠢ 100 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠨ᠎ᠠ︔      2 . ᠵᠢᠷᠭᠤᠳᠤᠭᠠᠷ ᠰᠠᠷ᠎ᠠ ᠶᠢᠨ ᠰᠡᠭᠦᠯᠴᠢ ᠪᠠᠷ ᠪᠦᠬᠦ ᠬᠤᠲᠠ ᠶᠢᠨ ᠭᠡᠷ ᠤᠨ ᠲᠡᠵᠢᠭᠡᠪᠦᠷᠢ ᠶᠢᠨ ᠲᠤᠭ᠎ᠠ ᠲᠤᠯᠤᠭᠠᠢ ᠶᠢ 2200 ᠲᠦᠮᠡ ᠠᠴᠠ ᠳᠡᠭᠡᠭᠰᠢ ᠲᠣᠭᠲᠠᠭᠤᠨ ᠪᠠᠶᠢᠯᠭᠠᠨ᠎ᠠ︔      3 . ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 59% ᠳᠤ ᠬᠦᠷᠭᠡᠨ᠎ᠡ︔      4 . ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 10% ᠪᠠᠷ ᠨᠡᠮᠡᠭᠳᠡᠭᠦᠯᠦᠨ᠎ᠡ︔      5 . ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠳᠤ ᠬᠦᠨᠳᠦ ᠶᠡᠭᠡ ᠠᠰᠠᠭᠤᠳᠠᠯ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠵᠤ᠂ ᠣᠷᠣᠨ ᠪᠦᠰᠡ ᠶᠢᠨ ᠴᠢᠨᠠᠷᠲᠠᠶ ᠠᠮᠢᠲᠠᠨ ᠤ ᠬᠢᠵᠢᠭ ᠤᠨ ᠬᠦᠨᠳᠦ ᠶᠡᠭᠡ ᠪᠠᠶᠢᠳᠠᠯ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠨ᠎ᠠ᠃      ᠬᠥᠲᠥᠯᠥᠭᠴᠢ᠄      ᠯᠢ ᠳᠠᠷᠤᠭ᠎ᠠ ᠡ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠠᠯᠢ ᠬᠡᠳᠦᠨ ᠲᠠᠯ᠎ᠠ ᠠᠴᠠ ᠭᠠᠷᠳᠠᠨ ᠬᠢᠬᠦ ᠲᠤᠬᠠᠢ ᠳᠠᠬᠢᠨ ᠨᠢᠭᠡ ᠤᠳᠠᠭ᠎ᠠ ᠲᠠᠨᠢᠯᠴᠠᠭᠤᠯᠤᠭᠠᠳ ᠦᠭᠭᠦᠨ᠎ᠡ ᠤᠤ︖      ᠯᠢ ᠽᠢ ᠰᠢᠤᠸᠠᠢ᠄      2016 ᠣᠨ ᠳᠤ᠂ ᠪᠢᠳᠡ ︽3661︾ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠪᠤᠨ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ︔ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠬᠤ︔ ᠠᠮᠤ ᠪᠤᠳᠠᠭᠠᠨ ᠤ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠰᠢ ᠦᠭᠡᠢ ᠪᠠᠷ ᠰᠠᠶᠢᠲᠤᠷ ᠠᠳᠬᠤᠵᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠬᠤ︔ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ︔ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ︔ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠦᠨᠡᠨ ᠬᠦ ᠪᠠᠲᠤᠯᠠᠬᠤ︔ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠳᠡᠯᠭᠡᠷᠡᠭᠦᠯᠬᠦ ᠪᠠ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠬᠤ ᠵᠡᠷᠭᠡ 8 ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃      ᠬᠥᠲᠥᠯᠥᠭᠴᠢ᠄      ᠯᠢ ᠳᠠᠷᠤᠭ᠎ᠠ ᠡ᠂ ᠰᠠᠶ᠋ᠢᠬᠠᠨ ᠲᠠ ᠤᠯᠠᠭᠠᠨᠬᠠᠳᠠ ᠬᠤᠲᠠ ᠡᠨᠡ ᠵᠢᠯ ᠲᠠᠪᠤᠨ ᠶᠡᠭᠡ ᠠᠵᠤ ᠦᠢᠯᠡᠰ ᠤᠨ ᠰᠠᠭᠤᠷᠢᠨ ᠭᠠᠵᠠᠷ ᠪᠠᠶᠢᠭᠤᠯᠬᠤ ᠪᠣᠯᠣᠨ᠎ᠠ ᠭᠡᠵᠦ ᠳᠤᠷᠠᠳᠤᠯ᠎ᠠ᠂ ᠤᠯᠠᠨ ᠳᠤ ᠨᠠᠷᠢᠯᠠᠭ ᠲᠠᠨᠢᠯᠴᠠᠭᠤᠯᠤᠭᠠᠳ ᠥᠭᠭᠦᠨ᠎ᠡ ᠦᠦ︖      ᠯᠢ ᠽᠢ ᠰᠢᠤᠸᠠᠢ᠄      ᠪᠣᠯᠣᠨ᠎ᠠ᠃ ᠡᠨᠡ ᠵᠢᠯ ᠤᠨ ᠭᠤᠣᠯᠳᠠᠯᠭ᠎ᠠ ᠲᠠᠢ ᠪᠥᠲᠦᠭᠡᠨ ᠪᠠᠶᠢᠭᠤᠯᠬᠤ ᠲᠠᠪᠤᠨ ᠶᠡᠭᠡ ᠠᠵᠤ ᠦᠢᠯᠡᠰ ᠤᠨ ᠰᠠᠭᠤᠷᠢᠨ ᠭᠠᠵᠠᠷ ᠭᠡᠪᠡᠯ᠄ ᠨᠢᠭᠡ ᠳᠤ ᠪᠡᠯᠡᠳᠭᠡᠮᠵᠢᠳᠤ ᠲᠠᠷᠢᠶᠠᠯᠠᠩ ᠤᠨ ᠰᠠᠭᠤᠷᠢᠨ ᠭᠠᠵᠠᠷ ᠪᠣᠯᠣᠨ᠎ᠠ᠃ ᠵᠢᠯ ᠤᠨ ᠳᠣᠲᠣᠷ᠎ᠠ᠂ ᠪᠦᠬᠦ ᠬᠤᠲᠠ ᠳᠤ ᠪᠡᠯᠡᠳᠬᠡᠮᠵᠢᠳᠦ ᠲᠠᠷᠢᠶᠠᠯᠠᠩ ᠢ 20 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠎ᠡ᠃ ᠪᠡᠯᠡᠳᠬᠡᠮᠵᠢᠲᠦ ᠲᠠᠷᠢᠶᠠᠯᠠᠩ ᠤᠨ ᠬᠥᠭᠵᠢᠯᠲᠡ ᠪᠣᠯᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠪᠡᠯᠡᠳᠭᠡᠮᠵᠢᠳᠤ ᠲᠠᠷᠢᠶᠠᠯᠠᠩ ᠤᠨ ᠪᠥᠳᠥᠭᠡᠨ ᠪᠠᠶᠢᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠵᠠᠷ ᠲᠣᠬᠢᠷᠠᠭᠤᠯᠤᠨ ᠲᠥᠯᠥᠪᠵᠢᠭᠦᠯᠬᠦ᠂ ᠤᠰᠤ ᠴᠠᠬᠢᠯᠭᠠᠨ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠬᠦ᠂ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ ᠪᠡᠯᠡᠳᠬᠡᠮᠵᠢᠳᠦ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠭᠤᠣᠯ ᠢᠳᠡᠰᠢᠨ ᠨᠣᠭᠤᠭᠠᠨ ᠤ ᠲᠥᠷᠦᠯ ᠵᠦᠢᠯ ᠤᠨ ᠭᠠᠷᠤᠯᠲᠠ ᠶᠢᠨ ᠣᠷᠣᠨ ᠤ ᠳᠠᠪᠠᠭᠤᠯᠢᠭ ᠲᠠᠯ᠎ᠠ ᠪᠠᠨ ᠪᠠᠲᠤᠯᠠᠬᠤ ᠶᠢᠨ ᠬᠠᠮᠲᠤ᠂ ᠢᠳᠡᠰᠢᠨ ᠮᠦᠭᠦ᠂ ᠴᠡᠴᠡᠭ ᠡᠪᠡᠰᠦ᠂ ᠵᠢᠮᠢᠰ ᠤᠨ ᠮᠣᠳᠣ ᠵᠡᠷᠭᠡ ᠤᠨᠴᠠᠯᠢᠭᠳᠤ ᠲᠠᠷᠢᠮᠠᠯ ᠤᠨ ᠲᠠᠯᠠᠪᠠᠢ ᠶᠢ ᠯᠠᠪᠳᠠᠭᠤᠨ ᠢᠶᠠᠷ ᠥᠷᠭᠡᠳᠬᠡᠵᠦ᠂ ᠪᠡᠯᠡᠳᠬᠡᠮᠵᠢᠲᠦ ᠲᠠᠷᠢᠶᠠᠯᠠᠩ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠶᠠᠷ ᠲᠤ ᠴᠢᠨᠠᠷ ᠰᠠᠶᠢᠲᠠᠶ ᠲᠡᠵᠢᠭᠡᠯ ᠡᠪᠡᠰᠦ ᠲᠡᠷᠢᠬᠤ ᠰᠠᠭᠤᠷᠢᠨ ᠭᠠᠵᠠᠷ ᠪᠣᠯᠣᠨ᠎ᠠ᠃ ᠤᠮᠠᠷᠠᠲᠤ ᠪᠡᠶ᠎ᠡ ᠶᠢᠨ ᠣᠰᠣᠨ ᠤ ᠡᠬᠢ ᠰᠤᠷᠪᠤᠯᠵᠢ ᠶᠢᠨ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠮᠠᠯ ᠡᠪᠡᠰᠦᠨ ᠤ ᠬᠥᠭᠵᠢᠭᠦᠯᠦᠯᠲᠡ ᠶᠢ ᠲᠥᠷᠭᠡᠳᠬᠡᠵᠦ᠂ ᠬᠡᠰᠡᠭ ᠢᠶᠠᠷ ᠨᠡᠭᠡᠭᠡᠵᠦ᠂ ᠨᠡᠶᠢᠳᠡᠮ ᠳᠤᠨᠢ ᠬᠠᠮᠠᠭᠠᠯᠠᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠬᠥᠮᠦᠨ ᠤ ᠬᠦᠴᠦ ᠪᠠᠷ ᠡᠪᠡᠰᠦ ᠲᠡᠷᠢᠬᠤ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠶ ᠲᠠᠷᠢᠮᠠᠯ ᠪᠣᠷᠣ ᠬᠤᠰᠢᠶᠠᠩᠭᠤᠷ ᠶᠢ 20 ᠲᠦᠮᠡᠨ ᠮᠣ᠋ ᠰᠢᠨ᠎ᠡ ᠪᠠᠷ ᠨᠡᠮᠡᠭᠳᠡᠭᠦᠯᠦᠨ᠎ᠡ᠃ ᠭᠤᠷᠪᠠ ᠳᠤ ᠴᠢᠨᠠᠷ ᠰᠠᠶᠢᠲᠠᠶ ᠦᠬᠡᠷ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠣᠨ᠎ᠠ᠃ ᠵᠢᠵᠢᠭ ᠰᠡᠭᠦᠯᠲᠦ ᠲᠠᠪᠠᠬ ᠰᠡᠬᠦᠯᠳᠦ ᠬᠤᠨᠢ᠂ ᠴᠢᠨᠠᠷ ᠮᠠᠭᠤᠲᠠᠢ ᠢᠮᠠᠭ᠎ᠠ ᠶᠢ ᠲᠦᠷᠭᠡᠳᠬᠡᠨ ᠰᠢᠭᠰᠢᠭᠳᠡᠭᠦᠯᠵᠦ᠂ ︽ᠵᠣᠣ ᠤᠳᠠ︾ ᠵᠡᠷᠭᠡ ᠴᠢᠨᠠᠷ ᠰᠠᠶᠢᠲᠠᠶ ᠮᠢᠬ᠎ᠠ ᠨᠣᠣᠰᠣ ᠬᠤᠣᠰᠯᠠᠭᠰᠠᠨ ᠡᠭᠦᠯᠳᠡᠷ ᠢ ᠶᠡᠬᠡᠪᠡᠷ ᠳᠡᠯᠭᠡᠷᠡᠭᠦᠯᠦᠨ᠎ᠡ᠃ ᠴᠢᠨᠠᠷ ᠰᠠᠶᠢᠲᠠᠶ ᠢᠳᠡᠰᠢᠨ ᠦᠬᠡᠷ ᠤᠨ ᠡᠭᠦᠯᠳᠡᠷ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠴᠢᠨᠠᠷ ᠢ ᠰᠠᠶᠢᠵᠢᠷᠠᠭᠤᠯᠬᠤ ᠠᠯᠬᠤᠴᠠ ᠪᠠᠨ ᠲᠦᠷᠭᠡᠳᠬᠡᠨ᠂ ᠴᠢᠨᠠᠷ ᠰᠠᠶᠢᠲᠠᠶ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠨ᠎ᠡ᠃ ᠤᠯᠤᠰ ᠤᠨ ︽ᠠᠮᠤ ᠪᠣᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠵᠦ︾ ᠮᠠᠯ ᠰᠦᠷᠦᠭ ᠢ ᠲᠡᠵᠢᠭᠡᠨ ᠬᠥᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠮᠠᠯᠴᠢᠨ ᠲᠠᠷᠢᠶᠠᠴᠢᠳ ᠤᠨ ᠦᠬᠡᠷ᠂ ᠬᠤᠨᠢᠨ ᠤ ᠬᠠᠰᠢᠶ᠎ᠠ ᠰᠠᠷᠠᠪᠴᠢ ᠪᠣᠯᠣᠨ ᠲᠡᠵᠢᠭᠡᠯ ᠪᠣᠷᠳᠤᠭ᠎ᠠ ᠶᠢ ᠨᠣᠭᠤᠭᠠᠨ ᠢᠶᠠᠷ ᠳᠠᠷᠤᠰᠢᠭᠤᠯᠬᠤ ᠪᠡᠯᠡᠳᠬᠡᠮᠵᠢ ᠪᠠᠶᠢᠭᠤᠯᠬᠤ ᠶᠢ ᠳᠡᠮᠵᠢᠵᠦ᠂ ᠬᠠᠰᠢᠶᠠᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠨ᠎ᠡ᠃ ᠵᠢᠯ ᠤᠨ ᠳᠣᠲᠣᠷ᠎ᠠ ᠴᠢᠨᠠᠷ ᠰᠠᠶᠢᠲᠠᠶ ᠦᠬᠡᠷ 153 ᠲᠥᠮᠡᠨ ᠲᠣᠯᠣᠭᠠᠢ᠂ ᠴᠢᠨᠠᠷ ᠰᠠᠶᠢᠲᠠᠶ  ᠬᠤᠨᠢ ᠢᠮᠠᠭ᠎ᠠ 810 ᠲᠦᠮᠡᠨ ᠲᠤᠭ᠎ᠠ ᠲᠣᠯᠣᠭᠠᠢ ᠪᠣᠷᠣᠯᠠᠭᠤᠯᠣᠨ᠎ᠠ᠃ ᠲᠦᠷᠪᠡ ᠳᠤ ᠴᠢᠨᠠᠷ ᠰᠠᠶᠢᠲᠠᠶ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠣᠨ᠎ᠠ᠃ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ᠂ ᠭᠤᠸᠠᠩᠳᠦ᠋ᠩ ᠤᠨ ᠸᠧᠨ ᠱᠢ᠂ ᠵᠢᠶᠠᠩᠰᠦ ᠶᠢᠨ ᠢᠦᠢ ᠷᠦᠨ ᠂ ᠵᠢᠶᠠ ᠢᠦᠢ ᠵᠥᠡᠭ ᠵᠦ ᠵᠡᠷᠭᠡ ᠠᠵᠤ ᠠᠬᠤᠶᠢᠯᠠᠯ ᠳᠤ ᠲᠦᠰᠢᠭᠯᠡᠨ᠂ ᠲᠠᠷᠢᠶᠠᠴᠢᠨ ᠮᠠᠯᠴᠢᠳ ᠤᠨ ᠳᠡᠭᠡᠳᠦ ᠪᠠᠷᠢᠮᠵᠢᠶᠠᠲᠤ᠂ ᠵᠢᠷᠤᠮᠵᠢᠭᠰᠠᠨ ᠲᠡᠵᠢᠭᠡᠨ ᠦᠷᠡᠵᠢᠭᠦᠯᠬᠦ ᠲᠣᠭᠤᠷᠢᠭ ᠪᠠᠶᠢᠭᠤᠯᠬᠤ ᠶᠢ ᠵᠣᠷᠢᠭᠵᠢᠭᠤᠯᠣᠨ᠂ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠡᠯᠪᠡᠷᠢ ᠶᠢᠨ ᠭᠠᠭ᠋ᠠᠶ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠭᠠᠭ᠋ᠠᠶ ᠲᠡᠵᠢᠭᠡᠨ ᠦᠷᠡᠵᠢᠭᠦᠯᠬᠦ 40 ᠲᠣᠭᠤᠷᠢᠭ ᠢ ᠰᠢᠨ᠎ᠡ ᠪᠠᠷ ᠪᠠᠶᠢᠭᠤᠯᠵᠤ᠂ ᠵᠢᠯ ᠤᠨ ᠳᠣᠲᠣᠷ᠎ᠠ 550 ᠲᠥᠮᠡᠨ ᠭᠠᠭ᠋ᠠᠶ ᠪᠣᠷᠣᠯᠠᠭᠤᠯᠤᠨ᠎ᠠ᠃ ᠲᠠᠪᠤ ᠳᠤ ᠣᠨᠴᠠᠯᠢᠭ ᠪᠦᠬᠦᠢ ᠠᠵᠤ ᠦᠢᠯᠡᠰ ᠤᠨ ᠰᠠᠭᠤᠷᠢᠨ ᠭᠠᠵᠠᠷ ᠪᠣᠯᠣᠨ᠎ᠠ᠃ ᠲᠠᠷᠢᠶᠠᠴᠢᠨ ᠮᠠᠯᠴᠢᠳ ᠤᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠳᠤ ᠲᠦᠰᠢᠭᠯᠡᠬᠦ ᠶᠢ ᠵᠣᠷᠢᠭᠵᠢᠭᠤᠯᠵᠤ᠂ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠲᠥᠮᠥᠰᠥ᠂ ᠬᠢᠲᠠᠳ ᠡᠮ ᠤᠨ ᠮᠠᠲ᠋ᠧᠷᠢᠶᠠᠯ᠂ ᠰᠢᠬᠢᠷ ᠯᠤᠤᠪᠠᠩ᠂ ᠢᠳᠡᠰᠢᠨ ᠤ ᠡᠯᠵᠢᠭᠡ ᠵᠡᠷᠭᠡ ᠣᠨᠴᠠᠯᠢᠭ ᠪᠥᠬᠦᠢ ᠠᠵᠤ ᠦᠢᠯᠡᠰ ᠢ ᠬᠥᠭᠵᠢᠭᠦᠯᠦᠨ ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠥᠷᠭᠡᠳᠬᠡᠵᠦ᠂ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢ ᠲᠦᠷᠭᠡᠬᠡᠨ ᠪᠤᠢ ᠪᠣᠯᠭᠠᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃      ᠬᠥᠲᠥᠯᠥᠭᠴᠢ᠄      ᠯᠢ ᠳᠠᠷᠤᠭ᠎ᠠ ᠡ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠡᠵᠡᠩᠨᠡᠯᠲᠡ ᠶᠢ ᠲᠦᠯᠬᠢᠨ ᠠᠬᠢᠭᠤᠯᠬᠤ ᠪᠣᠯ ᠶᠡᠷᠦ ᠠᠴᠠ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠭᠤᠣᠯᠳᠠᠯᠭ᠎ᠠ ᠪᠣᠯᠤᠭᠰᠠᠭᠠᠷ ᠢᠷᠡᠵᠡᠢ᠃ ᠲᠡᠭᠡᠪᠡᠯ ᠡᠨᠡ ᠵᠢᠯ ᠡᠨᠡ ᠲᠠᠯ᠎ᠠ ᠪᠠᠷ ᠶᠠᠮᠠᠷ ᠠᠷᠭ᠎ᠠ ᠪᠠᠷᠢᠯ ᠠᠪᠬᠤ ᠭᠡᠵᠦ ᠪᠠᠶᠢᠬᠤ ᠪᠤᠢ︖      ᠯᠢ ᠽᠢ ᠰᠢᠦᠸᠠᠢ᠄      ᠨᠢᠭᠡ ᠳᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠴᠢᠩᠭᠠᠳᠬᠠᠵᠤ᠂ ᠲᠣᠯᠤᠭᠠᠶᠢᠯᠠᠭᠴᠢ ᠠᠵᠤ ᠠᠬᠤᠶᠢᠯᠠᠯ ᠢ ᠮᠠᠭᠠᠳᠯᠠᠬᠤ᠂ ᠲᠦᠷᠦᠯ ᠵᠦᠢᠯ ᠢ ᠳᠡᠳᠬᠦᠨ ᠳᠡᠮᠵᠢᠬᠦ᠂ ᠰᠢᠯᠢᠳᠡᠭ ᠢ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠪᠠ ᠤᠬᠠᠭᠤᠯᠤᠨ ᠮᠡᠳᠡᠭᠡᠯᠡᠬᠦ ᠵᠡᠷᠭᠡ ᠲᠠᠯ᠎ᠠ ᠪᠠᠷ᠂ ᠠᠰᠢᠭ ᠲᠤᠰᠠ ᠶᠢᠨ ᠨᠢᠭᠲᠠ ᠬᠤᠯᠪᠤᠭ᠎ᠠ ᠲᠠᠢ᠂ ᠳᠠᠶᠢᠴᠢᠯᠠᠬᠤ ᠴᠢᠳᠠᠪᠤᠷᠢ ᠲᠠᠢ ᠲᠣᠯᠣᠭᠠᠶᠢᠯᠠᠭᠴᠢ ᠠᠵᠤ ᠠᠬᠤᠶᠢᠯᠠᠯ ᠢ ᠤᠷᠢᠳᠠᠪᠠᠷ ᠳᠡᠮᠵᠢᠨ᠎ᠡ︔ ᠲᠣᠯᠣᠭᠠᠶᠢᠯᠠᠭᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠠᠲᠤᠯᠠᠭᠠᠲᠤ ᠦᠨ᠎ᠡ ᠪᠠᠷ ᠬᠤᠳᠠᠯᠳᠤᠨ ᠠᠪᠬᠤ᠂ ᠠᠰᠢᠭ ᠬᠤᠨᠵᠢᠪᠣᠷᠢ ᠶᠢ ᠡᠭᠡᠭᠦᠯᠦᠨ ᠪᠤᠴᠠᠭᠠᠬᠤ᠂ ᠵᠠᠬᠢᠶᠠᠯᠠᠭ᠎ᠠ ᠶᠢᠨ ᠲᠠᠷᠢᠶᠠᠯᠠᠩ ᠪᠠ ᠬᠤᠪᠢ ᠤᠷᠤᠭᠤᠯᠤᠨ ᠬᠤᠷᠰᠢᠬᠤ ᠵᠡᠷᠭᠡ ᠬᠡᠯᠪᠡᠷᠢ ᠪᠠᠷ ᠳᠠᠮᠵᠢᠭᠤᠯᠤᠨ ᠂ ᠮᠠᠯᠴᠢᠨ ᠲᠠᠷᠢᠶᠠᠴᠢᠨ ᠯᠤᠭ᠎ᠠ ᠠᠰᠢᠭ ᠲᠤᠰᠠ ᠶᠢᠨ ᠨᠢᠭᠲᠠ ᠬᠤᠯᠪᠤᠭ᠎ᠠ ᠲᠠᠢ ᠲᠣᠭᠲᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃      ᠬᠤᠶᠠᠷ ᠲᠤ ︽ᠲᠣᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠦᠨ᠎ᠡ᠃ ᠰᠠᠭᠤᠷᠢᠨ ᠭᠠᠵᠠᠷ ᠢ ᠪᠥᠳᠥᠭᠡᠨ ᠪᠠᠶᠢᠭᠤᠯᠬᠤ᠂ ᠲᠥᠷᠥᠯ ᠵᠦᠢᠯ ᠢ ᠪᠥᠳᠥᠭᠡᠨ ᠪᠠᠶᠢᠭᠤᠯᠬᠤ᠂ ᠬᠦᠷᠢᠶᠡᠯᠡᠩ ᠲᠣᠭᠤᠷᠢᠭ ᠲᠤ ᠲᠥᠪᠯᠡᠷᠡᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠵᠤ᠂ ᠲᠣᠯᠤᠭᠠᠶᠢᠯᠠᠭᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠯᠤᠭᠠᠶᠢᠯᠠᠭᠴᠢ ᠠᠵᠤ ᠠᠬᠤᠶᠢᠯᠠᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠬᠡᠪᠡᠷ ᠬᠦᠭᠵᠢᠭᠦᠯᠬᠦ ᠶᠢ ᠵᠣᠷᠢᠭᠵᠢᠭᠤᠯᠤᠨ ᠳᠡᠳᠬᠦᠵᠦ᠂ ᠡᠷᠳᠡᠨᠢ ᠰᠢᠰᠢ᠂ ᠮᠢᠬᠠᠨ ᠤ ᠵᠦᠢᠯ᠂ ᠪᠡᠯᠴᠢᠭᠡᠷ ᠡᠪᠡᠰᠦ ᠵᠡᠷᠭᠡ ᠭᠤᠣᠯ ᠪᠣᠯᠬᠤ ᠳᠠᠪᠠᠭᠤᠯᠢᠭ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢ ᠲᠤᠰ ᠭᠠᠵᠠᠷ ᠲᠤᠨᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠭᠤᠷᠪᠠ ᠳᠤ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠪᠣᠬᠢᠷᠲᠤᠯ ᠦᠭᠡᠢ ᠲᠠᠷᠢᠶᠠᠯᠠᠩ᠂ ᠦᠪᠡᠷᠮᠢᠴᠡ ᠣᠨᠴᠠᠯᠢᠭᠲᠤ ᠲᠠᠷᠢᠶᠠᠯᠠᠩ ᠪᠠ ᠨᠡᠷᠡᠲᠦ ᠲᠡᠮᠳᠡᠭᠲᠦ ᠲᠠᠷᠢᠶᠠᠯᠠᠩ ᠢ ᠶᠡᠬᠡᠪᠡᠷ ᠬᠦᠭᠵᠢᠭᠦᠯᠦᠨ᠂ ᠨᠢᠭᠡ ᠪᠦᠯᠦᠭ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠪᠦᠬᠦᠢ ᠨᠡᠷᠡᠲᠦ ᠲᠡᠮᠳᠡᠭᠲᠦ ᠶᠢ ᠲᠦᠷᠭᠡᠨ ᠪᠣᠶᠢᠵᠢᠭᠤᠯᠵᠤ᠂ ᠪᠦᠬᠦ ᠬᠤᠲᠠ ᠶᠢᠨ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ᠪᠣᠬᠢᠷᠲᠤᠯ ᠦᠭᠡᠢ ᠪᠦᠲᠦᠬᠡᠭᠳᠡᠬᠦᠨ ᠢ ᠳᠡᠯᠭᠡᠨ ᠦᠵᠡᠭᠦᠯᠬᠦ ᠴᠤᠭᠯᠠᠭᠠᠨ  ᠳᠤ ᠤᠷᠤᠯᠴᠠᠬᠤ ᠠᠵᠢᠯ ᠢ ᠤᠷᠢᠳᠴᠢᠯᠠᠨ ᠰᠠᠶᠢᠲᠤᠷ ᠬᠢᠨ᠎ᠡ᠃      ᠲᠦᠷᠪᠡ ᠳᠤ ᠦᠬᠡᠷ ᠬᠤᠨᠢ ᠢᠮᠠᠭᠠᠨ ᠮᠢᠬᠠᠨ ᠤ ᠬᠤᠲᠠ ᠶᠢ ᠪᠠᠶᠢᠭᠤᠯᠤᠨ᠎ᠠ᠃ ᠨᠢᠳᠤᠨᠤᠨ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤᠯᠤᠰ ᠤᠨ ᠢᠳᠡᠭᠡᠨ ᠤ ᠵᠦᠢᠯ ᠤᠨ ᠰᠣᠨᠢᠨ ᠤ ᠰᠦᠯᠵᠢᠶ᠎ᠡ ᠲᠠᠢ ᠬᠠᠮᠲᠤᠷᠠᠨ ᠠᠩᠬᠠᠳᠤᠭᠠᠷ ᠬᠤᠭᠤᠴᠠᠭᠠᠨ ᠤ ᠦᠬᠡᠷ ᠬᠤᠨᠢ ᠢᠮᠠᠭᠠᠨ ᠮᠢᠬᠠᠨ ᠤ ᠶᠡᠭᠡ ᠬᠤᠷᠠᠯ ᠢ ᠡᠷᠬᠢᠯᠡᠵᠦ᠂ ᠵᠠᠬᠢᠶᠠᠯᠠᠭ᠎ᠠ ᠶᠢᠨ ᠵᠣᠭᠤᠰ ᠨᠢ 20 ᠭᠠᠷᠤᠶ ᠳ᠋ᠦᠩᠰᠢᠭᠤᠷ ᠲᠥᠭᠦᠷᠢᠭ ᠬᠦᠷᠴᠦ᠂ ᠨᠡᠯᠢᠶᠡᠳ ᠰᠠᠶᠢᠨ ᠦᠷ᠎ᠡ ᠪᠦᠲᠦᠭᠡᠯ ᠣᠯᠪᠠ᠃ ᠡᠨᠡ ᠵᠢᠯ᠂ ᠦᠬᠡᠷ ᠬᠤᠨᠢ ᠢᠮᠠᠭᠠᠨ ᠮᠢᠬᠠᠨ ᠤ ᠶᠡᠭᠡ ᠬᠤᠷᠠᠯ ᠢ ᠦᠷᠭᠦᠯᠵᠢᠯᠡᠨ ᠡᠷᠬᠢᠯᠡᠵᠦ᠂ ᠤᠯᠠᠭᠠᠨᠬᠠᠳᠠ ᠬᠤᠳᠠ ᠶᠢ ᠦᠬᠡᠷ ᠬᠤᠨᠢ ᠢᠮᠠᠭᠠᠨ ᠮᠢᠬᠠᠨ ᠤ ᠬᠤᠲᠠ ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃      ᠲᠠᠪᠤ ᠳᠤ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠪᠠ ᠪᠦᠲᠦᠴᠡ ᠶᠢᠨ ᠲᠤᠬᠢᠷᠠᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠨ᠎ᠡ᠃ ᠪᠠᠶᠢᠭᠠᠯᠢ ᠶᠢᠨ ᠨᠥᠬᠦᠴᠡᠯ᠂ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠤᠯᠬᠢᠯᠠᠭᠰᠠᠨ ᠰᠠᠭᠤᠷᠢᠨ ᠳᠡᠭᠡᠷ᠎ᠡ᠂ ᠡᠯ᠎ᠡ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠤᠭᠤᠳ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠣᠷᠴᠢᠨ ᠲᠣᠭᠤᠷᠢᠨ ᠤ ᠳᠠᠭᠠᠭᠠᠴᠠ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠭᠠᠵᠠᠷ ᠣᠷᠣᠨ ᠳᠠᠭᠠᠨ ᠲᠣᠬᠢᠷᠠᠭᠤᠯᠤᠨ᠂ ᠠᠮᠤ ᠪᠤᠳᠠᠭ᠎ᠠ ᠲᠠᠷᠢᠬᠤ ᠳᠤ ᠲᠣᠬᠢᠷᠠᠮᠵᠢᠲᠠᠢ ᠪᠠᠶᠢᠪᠠᠯ ᠠᠮᠤ ᠪᠤᠳᠠᠭ᠎ᠠ ᠲᠠᠷᠢᠵᠤ᠂ ᠠᠵᠤ ᠠᠬᠤᠢ ᠡᠵᠡᠩᠨᠡᠬᠦ ᠳᠤ ᠲᠣᠬᠢᠷᠠᠮᠵᠢᠲᠠᠢ ᠪᠠᠶᠢᠪᠠᠯ ᠠᠵᠤ ᠠᠬᠤᠶᠢᠯᠠᠯ ᠡᠵᠡᠩᠨᠡᠵᠦ᠂ ᠡᠪᠡᠰᠦ ᠪᠣᠷᠳᠤᠭ᠎ᠠ᠂ ᠮᠠᠯ ᠮᠠᠯᠵᠢᠬᠤ᠂ ᠲᠠᠷᠢᠶᠠᠯᠠᠭ᠎ᠠ ᠶᠢ ᠵᠣᠭᠰᠤᠭᠠᠵᠤ ᠤᠶᠢᠵᠢᠭᠤᠯᠬᠤ ᠶᠢᠨ ᠠᠯᠢ ᠨᠢ ᠰᠠᠶᠢᠨ ᠪᠣᠯ ᠠᠯᠢ ᠶᠢ ᠨᠢ ᠬᠢᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠵᠢᠷᠤᠭᠯᠠᠨ ᠲᠥᠯᠥᠪᠯᠡᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ ᠤᠷᠤᠯᠭ᠎ᠠ ᠪᠠᠨ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃      ᠬᠥᠲᠥᠯᠥᠭᠴᠢ᠄      ᠦᠷᠭᠡᠨ ᠤᠯᠠᠨ ᠰᠦᠯᠵᠢᠶᠡᠨ ᠠᠨᠳᠠ ᠨᠠᠷ ᠡ᠂ ᠰᠠᠶ᠋ᠢᠬᠠᠨ ᠯᠢ ᠲᠣᠪᠴᠢᠶᠠᠨ ᠳᠠᠷᠤᠭ᠎ᠠ ᠪᠢᠳᠡ ᠨᠠᠷ ᠲᠤ ︽12·5︾ ᠶᠢᠨ ᠬᠤᠭᠤᠴᠠᠭᠠᠨ ᠳᠠᠬᠢ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠣᠯᠤᠭᠰᠠᠨ ᠠᠮᠵᠢᠯᠲᠠ ᠪᠦᠲᠦᠭᠡᠯ ᠢ ᠡᠷᠭᠢᠴᠡᠭᠦᠯᠦᠨ᠂ ︽13·5︾ ᠪᠠ ᠡᠨᠡ ᠵᠢᠯ ᠤᠨ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠭᠤᠣᠯᠳᠠᠯᠭ᠎ᠠ ᠪᠠ ᠴᠢᠭᠯᠡᠯ ᠢ ᠲᠠᠶᠢᠯᠪᠤᠷᠢᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠵᠢᠷᠤᠭᠯᠠᠨ᠂ ᠴᠡᠴᠡᠭᠯᠡᠨ ᠬᠦᠭᠵᠢᠭᠰᠡᠨ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠬᠦᠰᠡᠯ ᠡᠷᠡᠮᠡᠯᠵᠡᠯ ᠲᠠᠢ ᠪᠣᠯᠭᠠᠪᠠ᠃      ᠯᠢ ᠲᠣᠪᠴᠢᠶᠠᠨ ᠳᠠᠷᠤᠭ᠎ᠠ ᠶᠢᠨ ᠨᠠᠷᠢᠨ ᠨᠢᠮᠪᠠᠢ ᠲᠠᠶᠢᠯᠪᠤᠷᠢᠯᠠᠯᠲᠠ ᠳᠤ ᠳᠠᠬᠢᠨᠲᠠ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠠᠴᠠ ᠪᠤᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号