ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠳ᠋ᠦ᠋ ᠵᠢᠶᠠᠩ ᠨᠠᠷ ᠡᠷᠢᠶᠡᠨ ᠬᠤᠳᠠ ᠶᠢᠨ ᠬᠢᠯᠢ ᠰᠤᠨᠳᠠᠯᠠᠭᠰᠠᠨ ᠵᠢᠭᠤᠯᠴᠢᠯᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2016/7/20
     7 ᠳ᠋ᠤᠭᠠᠷ ᠰᠠᠷ᠎ᠠ ᠶᠢᠨ 14᠎ ᠤ ᠡᠳᠦᠷ ᠠᠴᠠ 15᠎ ᠤ ᠡᠳᠦᠷ ᠪᠣᠯᠲᠠᠯ᠎ᠠ᠂ ᠤᠯᠤᠰ ᠤᠨ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠳ᠋ᠦ᠋ ᠵᠢᠶᠠᠩ ᠨᠠᠷ ᠡᠷᠢᠶᠡᠨ ᠬᠤᠳᠠ ᠶᠢᠨ ᠬᠢᠯᠢ ᠰᠤᠨᠳᠠᠯᠠᠭᠰᠠᠨ ᠵᠢᠭᠤᠯᠴᠢᠯᠠᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠪᠠ᠃ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠳᠠᠷᠤᠭ᠎ᠠ ᠵᠠᠩ ᠵᠢᠢ ᠯᠢᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠲᠣᠭᠤᠷᠢᠨ ᠪᠠᠶᠢᠴᠠᠭᠠᠭᠴᠢ ᠵᠧᠦ ᠵᠢᠤ ᠼᠠᠢ᠂ ᠵᠢᠭᠤᠯᠴᠢᠯᠠᠯ ᠢ ᠠᠬᠢᠭᠤᠯᠬᠤ ᠪᠠ ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ ᠤ ᠳᠡᠳ᠋ ᠳᠠᠷᠤᠭ᠎ᠠ ᠹᠧᠩ ᠯᠢ ᠲᠤᠤ ᠪᠣᠯᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠵᠧᠩ ᠵᠢᠶᠠ ᠨᠢᠩ ᠵᠡᠷᠭᠡ ᠬᠤᠯᠪᠣᠭᠳᠠᠯ ᠪᠦᠬᠦᠢ ᠬᠥᠮᠥᠰ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠨᠢ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠠᠭᠤᠯᠠ᠂ ᠬᠤᠲᠠ ᠶᠢᠨ ᠳᠡᠳ᠋ ᠳᠠᠷᠤᠭ᠎ᠠ ᠰᠠᠷᠠᠨᠴᠢᠮᠡᠭ᠂ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠵᠠᠩ ᠢᠩ ᠵᠢᠶᠧ ᠨᠠᠷ ᠤᠨ ᠪᠠᠷ᠎ᠠ ᠪᠣᠯᠣᠯᠭ᠎ᠠ ᠲᠠᠢ ᠪᠠᠷ᠂ ᠡᠷᠢᠶᠡᠨ ᠬᠤᠲᠠ ᠶᠢᠨ ᠳᠤᠮᠳᠠᠳᠤ ᠮᠣᠩᠭᠤᠯ ᠤᠨ ᠬᠢᠯᠢ ᠰᠤᠨᠳᠠᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠵᠢᠱᠢᠶ᠎ᠡ ᠦᠵᠡᠭᠦᠯᠬᠦ ᠣᠷᠣᠨ ᠤ ᠡᠮᠦᠨᠡᠲᠦ ᠬᠡᠰᠡᠭ ᠤᠨ ᠬᠤᠲᠠ ᠵᠣᠴᠢᠯᠠᠬᠤ ᠲᠢᠩᠬᠢᠮ ᠤᠨ ᠲᠣᠭᠤᠷᠢᠭ᠂ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ᠂ ᠤᠯᠤᠰ ᠤᠨ ᠡᠭᠦᠳᠡ ᠶᠢᠨ ᠵᠢᠭᠤᠯᠴᠢᠯᠠᠯ ᠤᠨ ᠦᠵᠡᠮᠵᠢᠲᠦ ᠣᠷᠣᠨ ᠲᠣᠭᠤᠷᠢᠭ᠂ ᠵᠠᠰᠠᠮᠠᠯ ᠵᠠᠮ ᠤᠨ ᠵᠢᠭᠤᠯᠴᠢᠯᠠᠯ ᠤᠨ ᠪᠠᠶᠢᠴᠠᠭᠠᠯᠲᠠ ᠶᠢᠨ ᠪᠣᠭᠤᠮᠲᠠ ᠵᠢᠴᠢ ᠵᠠᠬ᠎ᠠ ᠶᠢᠨ ᠠᠷᠠᠯᠵᠢᠶᠠᠨ ᠤ ᠲᠣᠭᠤᠷᠢᠭ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠳᠡᠳ᠋ ᠳᠠᠷᠤᠭ᠎ᠠ ᠳ᠋ᠦ᠋ ᠵᠢᠶᠠᠩ  ᠡᠷᠢᠶᠡᠨ ᠬᠤᠲᠠ ᠶᠢᠨ ᠵᠢᠭᠤᠯᠴᠢᠯᠠᠯ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠮᠣᠩᠭᠤᠯ ᠤᠯᠤᠰ ᠯᠤᠭ᠎ᠠ ᠵᠢᠭᠤᠯᠴᠢᠯᠠᠯ ᠤᠨ ᠬᠠᠮᠲᠤᠷᠠᠯᠴᠠᠭ᠎ᠠ ᠬᠢᠬᠦ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠪᠣᠭᠤᠮᠲᠠ ᠶᠢᠨ ᠠᠶᠠᠨᠴᠢᠳ ᠤᠨ ᠪᠣᠭᠤᠮᠲᠠ ᠪᠠᠷ ᠥᠩᠭᠡᠷᠡᠬᠦ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠠᠰᠠᠭᠤᠪᠠ᠃ ᠳᠡᠳ᠋ ᠳᠠᠷᠤᠭ᠎ᠠ ᠳ᠋ᠦ᠋ ᠵᠢᠶᠠᠩ ᠵᠢᠭᠠᠵᠤ ᠭᠠᠷᠭᠠᠭᠰᠠᠨ ᠨᠢ᠂ ᠡᠷᠢᠶᠡᠨ ᠬᠤᠳᠠ ᠬᠢᠯᠢ ᠬᠢᠵᠠᠭᠠᠷ ᠣᠷᠣᠨ ᠤ ᠵᠢᠭᠤᠯᠴᠢᠯᠠᠯ ᠤᠨ ᠳᠠᠪᠠᠭᠤᠯᠢᠭ ᠲᠠᠯ᠎ᠠ ᠪᠠᠨ ᠭᠦᠢᠴᠡᠳ ᠠᠰᠢᠭᠯᠠᠵᠤ᠂ ᠪᠣᠭᠤᠮᠲᠠ ᠶᠢᠨ ᠴᠢᠳᠠᠮᠵᠢ ᠶᠢ ᠪᠠᠳᠠᠷᠠᠭᠤᠯᠵᠤ᠂ ᠬᠢᠯᠢ ᠰᠤᠨᠳᠠᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠲᠤᠷᠰᠢᠯᠲᠠ ᠶᠢᠨ ᠣᠷᠣᠨ ᠢ ᠤᠷᠢᠳᠠᠪᠡᠷ ᠨᠡᠭᠡᠭᠡᠨ ᠬᠥᠭᠵᠢᠭᠦᠯᠬᠦ ᠪᠠ ᠤᠷᠢᠳᠠᠪᠠᠷ ᠲᠤᠷᠰᠢᠯᠲᠠ ᠬᠢᠬᠦ ᠲᠥᠷᠦ ᠶᠢᠨ ᠪᠣᠳᠤᠯᠭ᠎ᠠ ᠶᠢ ᠠᠰᠢᠭᠯᠠᠨ᠂ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠬᠢᠯᠢ ᠰᠤᠨᠳᠠᠯᠠᠭᠰᠠᠨ ᠵᠢᠭᠤᠯᠴᠢᠯᠠᠯ ᠢ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠯᠤᠭ᠎ᠠ ᠪᠦᠲᠦᠮᠵᠢᠲᠡᠶ ᠵᠣᠯᠭᠠᠭᠤᠯᠵᠤ᠂ ᠬᠢᠯᠢ ᠰᠤᠨᠳᠠᠯᠠᠭᠰᠠᠨ ᠵᠢᠭᠤᠯᠴᠢᠯᠠᠯ ᠤᠨ ᠰᠢᠨ᠎ᠡ ᠨᠡᠷᠡᠳᠬᠦᠨ ᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号